ᠰᠢᠯᠢ ᠶᠢᠨ ᠭᠤᠤᠯ ᠠᠶᠢᠮᠠᠭ ᠤᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠮᠡᠵᠦ ᠨᠥᠬᠦᠪᠥᠷᠢᠯᠡᠬᠦ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠤᠨ ᠲᠤᠬᠠᠶ ᠰᠢᠯᠢ ᠶᠢᠨ ᠭᠤᠤᠯ ᠠᠶᠢᠮᠠᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2021/8/4
    ᠰᠢᠯᠢ ᠶᠢᠨ ᠭᠤᠤᠯ ᠡᠮᠴᠢᠯᠡᠭᠡ ᠪᠠᠲᠤᠯᠠᠭ᠎ᠠ ᠲᠠᠷᠬᠠᠭᠠᠭᠰᠠᠨ  ﹇2021﹈ 72 ᠳ᠋ᠤᠭᠠᠷ ᠲᠣᠭᠠᠲᠤ ᠡᠯ᠎ᠡ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠤᠨ ᠡᠵᠡᠩᠨᠡᠯᠲᠡ ᠶᠢᠨ ᠠᠵᠤ ᠠᠬᠤᠶᠢᠯᠠᠯ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ︵ᠥᠪᠥᠷ ᠡᠮᠴᠢᠯᠡᠭᠡ ᠪᠠᠲᠤᠯᠠᠭ᠎ᠠ ᠠᠯᠪᠠᠨ ᠲᠠᠷᠬᠠᠭᠠᠭᠰᠠᠨ  ᠠᠴᠠ ﹇2019﹈ 41 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠯᠢ ᠶᠢᠨ ᠭᠤᠤᠯ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2021 ᠣᠨ ᠤ 6 ᠳ᠋ᠤᠭᠠᠷ ᠰᠠᠷ᠎ᠠ ᠶᠢᠨ 28 ᠤ ᠡᠳᠦᠷ ᠠᠴᠠ 7 ᠰᠠᠷ᠎ᠠ ᠶᠢᠨ 2 ᠤᠨ ᠡᠳᠦᠷ ᠪᠣᠯᠲᠠᠯ᠎ᠠ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠨᠡᠮᠡᠵᠦ ᠨᠥᠬᠦᠪᠥᠷᠢᠯᠡᠬᠦ ᠠᠵᠢᠯ ᠢ ᠥᠷᠨᠢᠭᠦᠯᠪᠡ᠃ ᠮᠠᠨ ᠤ ᠲᠣᠪᠴᠢᠶ᠎ᠠ ᠨᠡᠷ᠎ᠡ ᠮᠡᠳᠡᠭᠦᠯᠬᠦ ᠳᠤ ᠣᠷᠣᠯᠴᠠᠭᠰᠠᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠬᠠᠷᠭᠤᠭᠤᠯᠵᠠᠶ᠃ ᠡᠳᠦᠭᠡ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠳᠣᠣᠷᠠᠬᠢ ᠮᠡᠲᠦ ᠨᠡᠶᠢᠲᠡᠯᠡᠶ᠎ᠡ᠄      ᠨᠢᠭᠡ᠂ ᠢᠯᠡ ᠨᠡᠶᠢᠲᠡᠯᠡᠬᠦ ᠨᠡᠷᠡᠰ      ᠰᠢᠯᠢ ᠶᠢᠨ ᠭᠤᠤᠯ ᠠᠶᠢᠮᠠᠭ ᠤᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠬᠢᠨᠠᠨ ᠬᠠᠷᠭᠤᠭᠤᠯᠵᠤ ᠪᠠᠲᠤᠯᠠᠭᠰᠠᠨ ᠨᠡᠷᠡᠰ ︵ᠳᠠᠭᠠᠯᠳᠤᠭᠤᠯᠤᠯ ᠳᠤ ᠦᠵᠡ︶᠃      ᠬᠤᠶᠠᠷ᠂ ᠢᠯᠡ ᠨᠡᠶᠢᠲᠡᠯᠡᠬᠦ ᠴᠠᠭ      2021 ᠣᠨ ᠤ 8  ᠳ᠋ᠤᠭᠠᠷ ᠰᠠᠷ᠎ᠠ ᠶᠢᠨ 2 — 8 ᠳ᠋ᠤᠭᠠᠷ ᠰᠠᠷ᠎ᠠ ᠶᠢᠨ 6 ᠤ ᠡᠳᠦᠷ ᠪᠤᠯᠳᠠᠯ᠎ᠠ᠃      ᠭᠤᠷᠪᠠ᠂ ᠵᠠᠷᠯᠠᠨ ᠨᠡᠶᠢᠲᠡᠯᠡᠬᠦ ᠱᠠᠭᠠᠷᠳᠠᠯᠭ᠎ᠠ      ︵ᠨᠢᠭᠡ︶ ᠠᠵᠤ ᠠᠬᠤᠶᠢᠯᠠᠯ ᠬᠡᠷᠪᠡ ᠢᠯᠡ ᠨᠡᠶᠢᠲᠡᠯᠡᠭᠰᠡᠨ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ ︽ᠬᠡᠨ  ᠰᠠᠨᠠᠯ ᠲᠠᠢ ᠪᠣᠯ ᠬᠡᠨ ᠭᠡᠷᠡᠴᠢ ᠳᠤᠷᠠᠳᠬᠤ︾ ᠵᠠᠷᠴᠢᠮ ᠤᠨ ᠶᠣᠰᠣᠭᠠᠷ᠂ ᠡᠷᠬᠡᠪᠰᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠦᠨᠡᠨ ᠪᠣᠳᠠᠲᠠᠶ ᠬᠦᠴᠦᠨ ᠲᠠᠢ᠂ ᠪᠦᠷᠢᠨ ᠪᠦᠲᠦᠨ ᠭᠡᠷᠡᠴᠢ ᠪᠠᠷᠢᠮᠲᠠ ᠪᠠ ᠭᠡᠷᠡᠴᠢᠯᠡᠬᠦ ᠮᠠᠲ᠋ᠧᠷᠢᠶᠠᠯ ᠢ ᠬᠠᠩᠭᠠᠵᠤ᠂ ᠴᠠᠭᠠᠰᠤᠨ ᠮᠠᠲ᠋ᠧᠷᠢᠶᠠᠯ ᠵᠢᠴᠢ ᠬᠠᠮᠢᠶ᠎ᠠ ᠪᠥᠬᠦᠶ ᠭᠡᠷᠡᠴᠢ ᠶᠢ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ᠂ ᠡᠷᠬᠡ ᠣᠯᠤᠭᠰᠠᠨ ᠬᠥᠮᠦᠨ ᠠᠴᠠ ᠰᠢᠯᠢ ᠶᠢᠨ ᠭᠤᠤᠯ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠲᠤᠰᠢᠶᠠᠵᠤ᠂ ᠹᠠᠺᠰ ᠪᠤᠶᠤ ᠰᠢᠤᠳᠠᠨ ᠢᠶᠠᠷ ᠶᠠᠪᠤᠭᠤᠯᠬᠤ ᠠᠷᠭ᠎ᠠ ᠮᠠᠶ᠋ᠢᠭ ᠢᠶᠠᠷ ᠭᠥᠯᠢᠶᠡᠨ ᠠᠪᠴᠤ ᠰᠢᠢᠳᠪᠦᠷᠢᠯᠡᠬᠦ ᠥᠬᠡᠶ᠃ ᠬᠤᠭᠤᠴᠠᠭ᠎ᠠ ᠬᠡᠲᠦᠷᠡᠲᠡᠯ᠎ᠡ  ᠮᠠᠲ᠋ᠧᠷᠢᠶᠠᠯ ᠲᠤᠰᠢᠶᠠᠭᠰᠠᠨ ᠦᠭᠡᠢ ᠪᠤᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃      ︵ᠬᠤᠶᠠᠷ︶ ᠭᠥᠯᠢᠶᠡᠨ ᠠᠪᠴᠤ ᠰᠢᠢᠳᠪᠦᠷᠢᠯᠡᠬᠦ ᠴᠠᠭ᠄ ᠵᠠᠷᠯᠠᠨ ᠨᠡᠶᠢᠲᠡᠯᠡᠬᠦ ᠬᠤᠭᠤᠴᠠᠭᠠᠨ ᠳᠠᠬᠢ ᠠᠵᠢᠯ ᠤᠨ ᠡᠳᠦᠷ ᠤᠨ ᠦᠳᠡ ᠶᠢᠨ ᠡᠮᠦᠨᠡᠬᠢ 8᠄ 30 -- 12᠄ 00︔ ᠦᠳᠡ ᠶᠢᠨ ᠬᠤᠢᠨ᠎ᠠ ᠶᠢᠨ 14᠄ 30 -- 17᠄ 30  ᠪᠤᠯᠳᠠᠯ᠎ᠠ᠃      ︵ᠭᠤᠷᠪᠠ︶ ᠭᠥᠯᠢᠶᠡᠨ ᠠᠪᠴᠤ  ᠰᠢᠢᠳᠪᠦᠷᠢᠯᠡᠬᠦ ᠤᠲᠠᠰᠤ᠄ 0479 --  8106985᠃    ᠳᠠᠭᠠᠯᠳᠤᠭᠤᠯᠤᠯ᠄ ᠰᠢᠯᠢ ᠶᠢᠨ ᠭᠤᠤᠯ ᠠᠶᠢᠮᠠᠭ ᠤᠨ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠢ ᠰᠦᠯᠵᠢᠶᠡᠨ ᠳᠡᠭᠡᠷ᠎ᠡ ᠲᠥᠪᠯᠡᠷᠡᠭᠦᠯᠦᠨ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠬᠢᠨᠠᠨ ᠬᠠᠷᠭᠤᠭᠤᠯᠵᠤ ᠪᠠᠲᠤᠯᠠᠭᠰᠠᠨ ᠨᠡᠷᠡᠰ                     ᠰᠢᠯᠢ ᠶᠢᠨ ᠭᠤᠣᠯ ᠠᠶᠢᠮᠠᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ                            2021 ᠣᠨ ᠤ 8  ᠳ᠋ᠤᠭᠠᠷ ᠰᠠᠷ᠎ᠠ ᠶᠢᠨ 2 ᠤᠨ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号