ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶᠡᠨ ᠳᠤ ᠬᠤᠯᠪᠤᠬᠤ ᠦᠢᠯᠡᠳᠭᠦᠨ ︵ᠭᠤᠷᠪᠠᠳᠤᠭᠠᠷ ᠪᠦᠯᠦᠭ︶ ᠢ ᠢᠯᠡ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/8/6
               ᠥᠪᠥᠷ ᠡᠮ ᠬᠤᠳᠠᠯᠳᠤᠨ ᠠᠪᠬᠤ ᠲᠥᠪ ᠦᠰᠦᠭ  ﹇2021﹈ 149  ᠳ᠋ᠤᠭᠡᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠢ᠄      ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ  ᠬᠤᠯᠪᠤᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ  ﹇2021﹈ 90 ᠳ᠋ᠤᠭᠡᠷ ᠲᠣᠭᠠᠲᠤ︶ ᠪᠠ ︽ᠰᠢᠨ᠎ᠡ ᠲᠢᠲᠢᠮᠯᠢᠭ ᠸᠢᠷᠦ᠋ᠰ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠡᠮ ᠢ ᠰᠦᠯᠵᠢᠶᠡᠨ ᠳᠤ ᠬᠤᠯᠪᠤᠨ ᠬᠤᠳᠠᠯᠳᠤᠨ ᠠᠪᠬᠤ ᠳᠤ ᠣᠷᠣᠭᠤᠯᠬᠤ ᠲᠤᠬᠠᠶ ᠮᠡᠳᠡᠭᠳᠡᠯ︾ ︵ᠥᠪᠥᠷ ᠡᠮ  ᠬᠤᠳᠠᠯᠳᠤᠨ ᠠᠪᠬᠤ ᠲᠥᠪ ᠥᠰᠥᠭ  ﹇2020﹈ 75 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠮᠡᠳᠡᠭᠡ ᠵᠠᠩᠭᠢ ᠶᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠪᠡ᠄      ᠨᠢᠭᠡ᠂ ᠢᠯᠡ ᠨᠡᠶᠢᠲᠡᠯᠡᠬᠦ ᠠᠭᠤᠯᠭ᠎ᠠ      ︵ᠨᠢᠭᠡ︶ ᠠᠵᠤ ᠠᠬᠤᠶᠢᠯᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠭᠦᠨ ᠤ ᠮᠡᠳᠡᠭᠡ ᠵᠠᠩᠭᠢ ᠶᠢ ᠮᠡᠳᠡᠭᠦᠯᠬᠦ ᠬᠡᠷᠡᠭᠲᠡᠶ᠃ ᠠᠵᠤ ᠠᠬᠤᠶᠢᠯᠠᠯ ᠤᠨ ᠥᠪᠥᠷ ᠮᠣᠩᠭᠤᠯ ᠤᠨ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶᠡᠨ ᠤ ᠪᠠᠯᠠ ᠮᠥᠩᠭᠦ ᠶᠢ ᠬᠢᠨᠠᠬᠤ ᠰᠢᠰᠲ᠋ᠧᠮ ᠳᠤ ᠣᠷᠣᠵᠤ ᠮᠡᠳᠡᠭᠡ ᠵᠠᠩᠭᠢ ᠶᠢ ᠪᠠᠶᠢᠴᠠᠭᠠᠨ ᠦᠵᠡᠨ᠎ᠡ᠃      ︵ᠬᠤᠶᠠᠷ︶ ᠰᠢᠨ᠎ᠡ ᠲᠢᠲᠢᠮᠯᠢᠭ ᠸᠢᠷᠦ᠋ᠰ ᠢ ᠪᠠᠶᠢᠴᠠᠭᠠᠨ ᠰᠢᠯᠭᠠᠬᠤ ᠵᠤᠷ ᠵᠢᠴᠢ ᠬᠡᠰᠡᠭ ᠪᠦᠷᠢᠳᠬᠡᠨ ᠳᠠᠩᠰᠠᠯᠠᠭᠤᠯᠵᠤ ᠬᠤᠳᠠᠯᠳᠤᠨ ᠠᠪᠬᠤ ᠶᠢ ᠬᠢᠨᠠᠨ ᠬᠠᠷᠭᠤᠭᠤᠯᠵᠤ ᠪᠠᠲᠤᠯᠠᠭᠰᠠᠨ ᠬᠠᠮᠢᠶ᠎ᠠ ᠪᠥᠬᠦᠶ ᠦᠢᠯᠡᠳᠭᠦᠨ ︵ᠳᠠᠭᠠᠯᠳᠤᠭᠤᠯᠤᠯ 1︶᠃      ᠬᠤᠶᠠᠷ᠂ ᠢᠯᠡ ᠨᠡᠶᠢᠲᠡᠯᠡᠬᠦ ᠴᠠᠭ      2021 ᠣᠨ ᠤ 8 ᠳ᠋ᠤᠭᠠᠷ ᠰᠠᠷ᠎ᠠ ᠶᠢᠨ 4 ᠤ ᠡᠳᠦᠷ — 8 ᠳ᠋ᠤᠭᠠᠷ ᠰᠠᠷ᠎ᠠ ᠶᠢᠨ 11 ᠤ ᠡᠳᠦᠷ ᠪᠤᠯᠳᠠᠯ᠎ᠠ᠃      ᠭᠤᠷᠪᠠ᠂ ᠪᠤᠰᠤᠳ ᠵᠦᠢᠯ      ︵ᠨᠢᠭᠡ︶ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠤᠳ ᠬᠡᠷᠪᠡ ᠵᠠᠷᠯᠠᠨ ᠨᠡᠶᠢᠲᠡᠯᠡᠭᠰᠡᠨ ᠮᠡᠳᠡᠭᠡ ᠵᠠᠩᠭᠢ ᠵᠢᠴᠢ  ᠦᠢᠯᠡᠳᠭᠦᠨ ᠤ ᠦᠨ᠎ᠡ ᠬᠠᠩᠰᠢ ᠳᠤ ᠣᠨᠳᠣᠤ ᠰᠠᠨᠠᠯ ᠲᠠᠢ ᠪᠠᠶᠢᠪᠠᠯ᠂ ︽ᠬᠡᠨ ᠰᠠᠨᠠᠯ ᠲᠠᠢ ᠪᠣᠯ ᠲᠡᠷᠡ ᠭᠡᠷᠡᠴᠢ ᠳᠤᠷᠠᠳᠬᠤ︾ ᠵᠠᠷᠴᠢᠮ ᠤᠨ ᠶᠣᠰᠣᠭᠠᠷ᠂ ᠦᠨᠡᠨ ᠪᠣᠳᠠᠲᠠᠶ ᠬᠦᠴᠦᠨ ᠲᠠᠢ᠂ ᠪᠦᠷᠢᠨ ᠭᠦᠢᠴᠡᠳ ᠭᠡᠷᠡᠴᠢᠯᠡᠬᠦ ᠮᠠᠲ᠋ᠧᠷᠢᠶᠠᠯ ᠢ ᠬᠠᠩᠭᠠᠵᠤ᠂ ᠬᠤᠭᠤᠴᠠᠭ᠎ᠠ ᠠᠴᠠ ᠪᠠᠨ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠲᠤᠰᠢᠶᠠᠭᠰᠠᠨ ᠥᠬᠡᠶ ᠪᠠᠶᠢᠪᠠᠯ ᠭᠥᠯᠢᠶᠡᠨ ᠠᠪᠴᠤ ᠰᠢᠢᠳᠪᠦᠷᠢᠯᠡᠬᠦ ᠥᠬᠡᠶ᠃      ︵ᠬᠤᠶᠠᠷ︶ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ︵ᠪᠠᠯᠠ ᠣᠷᠣᠭᠤᠯᠬᠤ︶ ᠵᠠᠭᠠᠯᠳᠤᠯᠭ᠎ᠠ ᠶᠢᠨ ᠮᠠᠲ᠋ᠧᠷᠢᠶᠠᠯ ᠳᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾ ︵ᠳᠠᠭᠠᠯᠳᠤᠭᠤᠯᠤᠯ 2︶᠂ ︽ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ︾ ︵ᠳᠠᠭᠠᠯᠳᠤᠭᠤᠯᠤᠯ 3︶᠂ ︽ᠪᠠᠶᠢᠳᠠᠯ ᠤᠨ ᠲᠣᠳᠣᠷᠬᠠᠶᠢᠯᠠᠯᠲᠠ︾ ᠪᠣᠯᠤᠨ ᠬᠠᠮᠢᠶ᠎ᠠ ᠪᠥᠬᠦᠶ ᠲᠣᠳᠣᠷᠬᠠᠶ ᠪᠥᠭᠡᠳ ᠬᠦᠴᠦᠨ ᠲᠠᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃      ︵ᠭᠤᠷᠪᠠ︶ ᠲᠤᠰᠢᠶᠠᠬᠤ ᠠᠷᠭ᠎ᠠ ᠮᠠᠶ᠋ᠢᠭ᠄ ᠬᠠᠮᠢᠶ᠎ᠠ ᠪᠥᠬᠦᠶ ᠠᠵᠤ ᠠᠬᠤᠶᠢᠯᠠᠯ ᠨᠢ ᠭᠤᠶᠤᠴᠢᠯᠠᠬᠤ ︵ᠥᠭᠬᠦ︶ ᠵᠠᠭᠠᠯᠳᠤᠯᠭ᠎ᠠ ᠶᠢᠨ ᠮᠠᠲ᠋ᠧᠷᠢᠶᠠᠯ ᠢᠶᠠᠨ ᠬᠠᠭᠤᠳᠠᠰᠤ ᠳᠠᠷᠠᠭᠠᠯᠠᠨ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠵᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠰᠢᠤᠳᠠᠨ ᠤ ᠬᠠᠶᠢᠷᠴᠠᠭ ︵nmgyczxywsl@163.com ︶ ᠲᠤ ᠢᠯᠡᠭᠡᠨ᠎ᠡ᠃      ︵ᠳᠥᠷᠪᠡ︶ ᠢᠯᠡ ᠨᠡᠶᠢᠲᠡᠯᠡᠬᠦ ᠬᠤᠭᠤᠴᠠᠭᠠᠨ ᠳᠤ ᠭᠥᠯᠢᠶᠡᠨ ᠠᠪᠤᠭᠰᠠᠨ ᠭᠤᠶᠤᠴᠢᠯᠠᠯ ︵ᠣᠷᠣᠭᠤᠯᠤᠯᠲᠠ︶ ᠵᠠᠭᠠᠯᠳᠤᠯᠭ᠎ᠠ ᠶᠢ ᠲᠥᠪᠯᠡᠷᠡᠭᠦᠯᠦᠨ ᠰᠢᠢᠳᠪᠦᠷᠢᠯᠡᠵᠦ᠂ ᠲᠤᠬᠠᠶ ᠶᠢᠨ ᠦᠶ᠎ᠡ ᠳᠤ ᠨᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠡᠮᠵᠢᠨ ᠦᠷ᠎ᠡ ᠳ᠋ᠦᠩ ᠢ ᠨᠢᠭᠡᠳᠦᠯᠲᠡᠶ ᠨᠡᠶᠢᠲᠡᠯᠡᠨ᠎ᠡ᠃ ᠢᠯᠡ ᠨᠡᠶᠢᠲᠡᠯᠡᠬᠦ ᠳᠤ ᠣᠨᠳᠣᠤ ᠰᠠᠨᠠᠯ ᠥᠬᠡᠶ  ᠦᠢᠯᠡᠳᠭᠦᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠢᠯᠡᠳᠭᠦᠨ ᠤ ᠠᠷᠠᠯᠵᠢᠶ᠎ᠠ ᠶᠢᠨ ᠬᠥᠮᠥᠷᠭᠡ ᠳᠤ ᠣᠷᠣᠭᠤᠯᠤᠨ᠎ᠠ᠃      ᠳᠥᠷᠪᠡ᠂ ᠬᠠᠷᠢᠯᠴᠠᠬᠤ ᠠᠷᠭ᠎ᠠ ᠮᠠᠶ᠋ᠢᠭ      0471 — 4919735 ︵ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ︶      0471 — 4930595 ︵ᠲᠤᠬᠠᠶᠢᠯᠠᠭᠰᠠᠨ ᠠᠵᠢᠯ ᠤᠨ ᠯᠠᠪᠯᠠᠯᠭ᠎ᠠ︶      ᠳᠠᠭᠠᠯᠳᠤᠭᠤᠯᠤᠯ᠄ 1᠂ ᠰᠢᠨ᠎ᠡ ᠲᠢᠲᠢᠮᠯᠢᠭ ᠸᠢᠷᠦ᠋ᠰ ᠢ ᠪᠠᠶᠢᠴᠠᠭᠠᠨ ᠰᠢᠯᠭᠠᠬᠤ ᠵᠤᠷ ᠵᠢᠴᠢ ᠬᠡᠰᠡᠭ ᠪᠦᠷᠢᠳᠬᠡᠨ ᠳᠠᠩᠰᠠᠯᠠᠭᠤᠯᠵᠤ ᠬᠤᠳᠠᠯᠳᠤᠨ ᠠᠪᠬᠤ ᠶᠢ ᠬᠢᠨᠠᠨ ᠬᠠᠷᠭᠤᠭᠤᠯᠵᠤ ᠪᠠᠲᠤᠯᠠᠭᠰᠠᠨ ᠬᠠᠮᠢᠶ᠎ᠠ ᠪᠥᠬᠦᠶ ᠦᠢᠯᠡᠳᠭᠦᠨ2᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ3᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ                                ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ                                  2021 ᠣᠨ ᠤ 8  ᠳ᠋ᠤᠭᠠᠷ ᠰᠠᠷ᠎ᠠ ᠶᠢᠨ 4 ᠤ ᠡᠳᠦᠷ    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号