ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠰᠠᠯᠭᠠᠬᠤ ᠬᠤᠭᠤᠴᠠᠭᠠᠨ ᠳᠤ ᠡᠮ ᠡᠮᠨᠡᠯᠭᠡ ᠶᠢᠨ ᠭᠠᠷᠳᠠᠨ ᠭᠦᠢᠴᠡᠳᠭᠡᠬᠦ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠢ ᠲᠦᠷ ᠵᠤᠭᠰᠤᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2021/9/10
      ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠢ᠂ ᠡᠮᠴᠢᠯᠡᠭᠡᠨ ᠤ ᠪᠠᠳᠤᠯᠠᠭ᠎ᠠ ᠶᠢᠨ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ᠂ ᠥᠷᠭᠡᠨ ᠣᠯᠠᠨ ᠳᠠᠭᠠᠳᠬᠠᠯ ᠳᠤ ᠤᠷᠤᠯᠴᠠᠭᠰᠠᠳ ᠲᠤ᠄          ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠰᠠᠯᠭᠠᠬᠤ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇2021﹈  22 ᠳ᠋ᠤᠭᠠᠷ ᠲᠣᠭᠠᠲᠤ︶ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠮᠴᠢᠯᠡᠭᠡ ᠶᠢᠨ ᠪᠠᠳᠤᠯᠠᠭ᠎ᠠ ᠶᠢᠨ ᠤᠨ ᠲᠣᠪᠴᠢᠶ᠎ᠠ 2021 ᠣᠨ ᠤ 9 ᠳ᠋ᠤᠭᠡᠷ ᠰᠠᠷ᠎ᠠ ᠶᠢᠨ 10 ᠤ ᠡᠳᠦᠷ ᠤᠨ 22᠄ 00 — 9 ᠳ᠋ᠤᠭᠡᠷ ᠰᠠᠷ᠎ᠠ ᠶᠢᠨ 12 ᠤᠨ ᠡᠳᠦᠷ ᠤᠨ 24᠄ 00 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠳᠠᠭᠠᠳᠬᠠᠯ ᠢ ᠨᠢᠭᠡᠳᠬᠡᠭᠰᠡᠨ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠰᠢᠰᠲ᠋ᠧᠮ ᠢ ᠰᠠᠯᠭᠠᠬᠤ ᠠᠵᠢᠯ  ᠶᠠᠪᠤᠭᠳᠠᠭᠤᠯᠤᠨ᠎ᠠ᠃      ᠰᠢᠰᠲ᠋ᠧᠮ ᠢ ᠰᠠᠯᠭᠠᠬᠤ ᠬᠤᠭᠤᠴᠠᠭᠠᠨ ᠳᠤ ᠡᠯ᠎ᠡ ᠠᠶᠢᠮᠠᠭ ᠬᠤᠲᠠ ᠵᠢᠴᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠢᠨ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ ᠵᠠᠷᠤᠳᠠᠯ ᠢ ᠰᠢᠭᠤᠳ ᠳ᠋ᠦᠩᠨᠡᠨ ᠪᠤᠳᠤᠬᠤ᠂ ᠣᠨᠳᠣᠤ ᠭᠠᠵᠠᠷ ᠲᠤ ᠡᠮᠨᠡᠭᠦᠯᠬᠦ ᠶᠢ ᠳᠠᠩᠰᠠᠯᠠᠭᠤᠯᠬᠤ ᠪᠠ ᠴᠢᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠺᠠᠷᠲ ᠵᠤᠷᠠᠬᠤ ᠲᠤᠬᠠᠶᠢᠯᠠᠭᠰᠠᠨ ᠠᠵᠢᠯ ᠵᠡᠷᠭᠡ ᠪᠣᠶ ᠪᠥᠬᠦᠶ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠲᠤᠬᠠᠶᠢᠯᠠᠭᠰᠠᠨ ᠠᠵᠢᠯ ᠢ ᠭᠦᠢᠴᠡᠳᠭᠡᠬᠦ ᠶᠢ ᠲᠦᠷ ᠵᠤᠭᠰᠤᠭᠠᠨ᠎ᠠ᠂ ᠲᠠᠨ ᠳᠤ ᠳᠥᠭᠦᠮ ᠦᠭᠡᠢ ᠪᠣᠯᠭᠠᠭᠰᠠᠨ ᠲᠤᠯᠠ ᠠᠭᠤᠴᠢᠯᠠᠵᠤ ᠬᠠᠮᠵᠢᠯᠴᠠᠬᠤ ᠶᠢ ᠬᠢᠴᠢᠶᠡᠩᠭᠦ᠋ᠢᠯᠡᠨ ᠬᠦᠰᠡᠵᠦ ᠪᠠᠶᠢᠨ᠎ᠠ᠃      ᠡᠯ᠎ᠡ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ᠂ ᠥᠷᠭᠡᠨ ᠣᠯᠠᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠬᠠᠷᠢᠯᠴᠠᠨ ᠳᠠᠮᠵᠢᠭᠤᠯᠵᠤ ᠮᠡᠳᠡᠭᠳᠡᠭᠡᠷᠡᠶ᠃          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠤᠨ ᠲᠣᠪᠴᠢᠶ᠎ᠠ      2021 ᠣᠨ ᠤ 9  ᠳ᠋ᠤᠭᠡᠷ ᠰᠠᠷ᠎ᠠ ᠶᠢᠨ 10 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号