ᠰᠦᠯᠵᠢᠶᠡᠨ ᠳᠤ ᠬᠤᠯᠪᠤᠭᠰᠠᠨ ᠡᠮ ᠲᠠᠩ ᠤᠨ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶ᠋ᠢᠭ ᠤᠨ ᠳᠤᠬᠢᠷᠠᠭᠤᠯᠤᠯᠲᠠ ᠶᠢᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/9/12
      ᠥᠪᠥᠷ ᠡᠮ ᠬᠤᠳᠠᠯᠳᠤᠨ ᠠᠪᠬᠤ ᠲᠥᠪ ᠦᠰᠦᠭ  ﹇2021﹈ 184  ᠳ᠋ᠤᠭᠡᠷ ᠲᠣᠭᠠᠲᠤ ᠡᠯ᠎ᠡ ᠬᠠᠮᠢᠶ᠎ᠠ ᠪᠥᠬᠦᠶ  ᠨᠢᠭᠡᠴᠢ  ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠬᠤᠯᠪᠤᠭᠰᠠᠨ ᠡᠮ ᠲᠠᠩ ᠤᠨ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ  ﹇2021﹈ 123 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠰᠦᠯᠵᠢᠶᠡᠨ ᠳᠤ ᠬᠤᠯᠪᠤᠭᠰᠠᠨ ᠡᠮ ᠲᠠᠩ ᠤᠨ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠠᠵᠢᠯ ᠢ ᠥᠷᠨᠢᠭᠦᠯᠵᠦ᠂ ᠡᠳᠦᠭᠡ ᠲᠣᠬᠢᠷᠠᠭᠤᠯᠤᠯᠲᠠ ᠬᠢᠭᠰᠡᠨ ᠦᠷ᠎ᠡ ᠳ᠋ᠦᠩ ᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠪᠡ᠄      ᠨᠢᠭᠡ᠂ ᠢᠯᠡ ᠨᠡᠶᠢᠲᠡᠯᠡᠬᠦ ᠠᠭᠤᠯᠭ᠎ᠠ      ︵ᠨᠢᠭᠡ︶ ᠰᠦᠯᠵᠢᠶᠡᠨ ᠳᠤ ᠬᠤᠯᠪᠤᠭᠰᠠᠨ ᠡᠮ ᠲᠠᠩ ᠤᠨ ᠬᠤᠳᠠᠯᠳᠤᠨ ᠠᠪᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠭᠰᠡᠨ ᠦᠷ᠎ᠡ ᠳ᠋ᠦᠩ᠃      ︵ᠬᠤᠶᠠᠷ︶ ᠦᠨ᠎ᠡ ᠶᠢ ᠨᠢ ᠬᠢᠵᠠᠭᠠᠷᠯᠠᠨ ᠰᠦᠯᠵᠢᠶᠡᠨ ᠳᠤ ᠬᠤᠯᠪᠤᠭᠰᠠᠨ ᠡᠮ ᠲᠠᠩ ᠤᠨ ᠬᠤᠳᠠᠯᠳᠤᠨ ᠠᠪᠬᠤ ᠦᠨ᠎ᠡ ᠶᠢ ᠬᠢᠵᠠᠭᠠᠷᠯᠠᠬᠤ ᠪᠠ ᠰᠢᠭᠤᠳ ᠰᠦᠯᠵᠢᠶᠡᠨ ᠳᠤ ᠬᠤᠯᠪᠤᠭᠰᠠᠨ ᠡᠮ ᠲᠠᠩ ᠤᠨ ᠯᠠᠪᠯᠠᠯᠲᠠ ᠶᠢᠨ ᠦᠨ᠎ᠡ᠃      ᠬᠤᠶᠠᠷ᠂ ᠢᠯᠡ ᠨᠡᠶᠢᠲᠡᠯᠡᠬᠦ ᠴᠠᠭ      2021 ᠣᠨ ᠤ 9 ᠳ᠋ᠤᠭᠡᠷ ᠰᠠᠷ᠎ᠠ ᠶᠢᠨ 10 — 9 ᠳ᠋ᠤᠭᠡᠷ ᠰᠠᠷ᠎ᠠ ᠶᠢᠨ 17 ᠤ ᠡᠳᠦᠷ᠃      ᠭᠤᠷᠪᠠ᠂ ᠦᠷ᠎ᠡ ᠳ᠋ᠦᠩ ᠢ ᠪᠠᠶᠢᠴᠠᠭᠠᠨ ᠯᠠᠪᠯᠠᠬᠤ      ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠤᠳ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ︾ — ︽ᠰᠠᠭᠤᠷᠢ ᠳ᠋ᠠᠶᠢᠲ᠋ᠠ ᠬᠥᠮᠥᠷᠭᠡ︾ — ︽ᠲᠣᠬᠢᠷᠠᠭᠤᠯᠤᠯᠲᠠ ᠬᠢᠭᠰᠡᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠬᠦᠰᠦᠨᠦᠭᠲᠦ︾ ᠳᠤ ᠣᠷᠣᠵᠤ ᠲᠣᠬᠢᠷᠠᠭᠤᠯᠤᠯᠲᠠ ᠬᠢᠭᠰᠡᠨ ᠦᠷ᠎ᠡ ᠳ᠋ᠦᠩ ᠢ ᠪᠠᠶᠢᠴᠠᠭᠠᠨ ᠦᠵᠡᠵᠦ ᠪᠤᠯᠤᠨ᠎ᠠ᠃      ᠳᠥᠷᠪᠡ᠂ ᠦᠷ᠎ᠡ ᠳ᠋ᠦᠩ ᠢ ᠨᠤᠲᠠᠯᠠᠬᠤ      ᠲᠣᠬᠢᠷᠠᠭᠤᠯᠤᠯᠲᠠ ᠬᠢᠭᠰᠡᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠬᠦᠰᠦᠨᠦᠭ ᠲᠠᠬᠢ ᠡᠮ ᠲᠠᠩ ᠤᠨ ᠦᠨ᠎ᠡ ᠬᠠᠩᠰᠢ ᠶᠢᠨ ᠢᠷᠡᠯᠲᠡ ᠨᠢ ᠲᠤᠰᠬᠠᠶ ᠮᠡᠷᠭᠡᠵᠢᠯᠲᠡᠨ ᠤ ᠵᠥᠪᠯᠡᠭᠰᠡᠨ ᠦᠨ᠎ᠡ ᠪᠠᠶᠢᠪᠠᠯ᠂ ᠠᠵᠤ ᠠᠬᠤᠶᠢᠯᠠᠯ ᠨᠢ ᠵᠠᠷᠯᠠᠨ ᠨᠡᠶᠢᠲᠡᠯᠡᠬᠦ ᠬᠤᠭᠤᠴᠠᠭᠠᠨ ᠳᠤ ᠡᠷᠬᠡᠪᠰᠢ ᠵᠥᠪᠯᠡᠭᠰᠡᠨ ᠦᠨ᠎ᠡ ᠬᠠᠩᠰᠢ ᠶᠢᠨ ᠦᠷ᠎ᠡ ᠳ᠋ᠦᠩ ᠢ ᠨᠤᠲᠠᠯᠠᠨ ᠲᠣᠭᠲᠠᠭᠠᠵᠤ ᠂ ᠨᠤᠲᠠᠯᠠᠨ ᠲᠣᠭᠲᠠᠭᠠᠭᠰᠠᠨ ᠤ ᠳᠠᠷᠠᠭ᠎ᠠ ᠰᠠᠶ᠋ᠢ ᠬᠡᠪ ᠤᠨ ᠶᠣᠰᠣᠭᠠᠷ ᠠᠷᠠᠯᠵᠢᠶᠠᠯᠠᠵᠤ ᠪᠣᠯᠤᠨ᠎ᠠ᠂ ᠬᠤᠭᠤᠴᠠᠭ᠎ᠠ ᠬᠡᠲᠦᠷᠡᠲᠡᠯ᠎ᠡ ᠨᠤᠲᠠᠯᠠᠨ ᠵᠥᠪᠰᠢᠶᠡᠷᠡᠭᠰᠡᠨ ᠥᠬᠡᠶ ᠶᠢ ᠨᠢ ᠵᠥᠪᠰᠢᠶᠡᠷᠡᠭᠰᠡᠨ ᠥᠬᠡᠶ ᠪᠠᠷ ᠦᠵᠡᠵᠦ᠂ ᠠᠷᠠᠯᠵᠢᠶᠠᠯᠠᠬᠤ ᠬᠢᠷᠢ ᠬᠡᠮ ᠢ ᠨᠢ ᠲᠦᠷ ᠵᠣᠭᠰᠣᠭᠠᠨ᠎ᠠ᠃      ᠲᠠᠪᠤ᠂  ᠮᠡᠳᠡᠭᠦᠯᠬᠦ ︵ᠵᠠᠭᠠᠯᠳᠤᠯᠭ᠎ᠠ︶ ᠶᠢ ᠬᠦᠯᠢᠶᠡᠨ ᠠᠪᠴᠤ ᠰᠢᠢᠳᠪᠦᠷᠢᠯᠡᠬᠦ      ︵ᠨᠢᠭᠡ︶ ᠮᠠᠲ᠋ᠧᠷᠢᠶᠠᠯ ᠲᠤᠰᠢᠶᠠᠬᠤ ᠱᠠᠭᠠᠷᠳᠠᠯᠭ᠎ᠠ᠃ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠤᠳ ᠬᠡᠷᠪᠡ ᠡᠮ ᠲᠠᠩ ᠬᠤᠳᠠᠯᠳᠤᠨ ᠠᠪᠬᠤ ᠠᠷᠭ᠎ᠠ ᠮᠠᠶ᠋ᠢᠭ ᠢ ᠵᠠᠷᠯᠠᠨ ᠨᠡᠶᠢᠲᠡᠯᠡᠬᠦ ᠪᠠ ᠦᠨ᠎ᠡ ᠬᠢᠵᠠᠭᠠᠷᠯᠠᠭᠰᠠᠨ ᠯᠠᠪᠯᠠᠯᠲᠠ ᠶᠢᠨ ᠦᠨ᠎ᠡ ᠳᠤ ᠣᠨᠳᠣᠤ ᠰᠠᠨᠠᠯ ᠲᠠᠢ ᠪᠠᠶᠢᠪᠠᠯ᠂ ︽ᠬᠡᠨ ᠵᠣᠷᠢᠪᠠᠯ ᠲᠡᠷᠡ ᠭᠡᠷᠡᠴᠢ ᠳᠤᠷᠠᠳᠬᠤ︾ ᠵᠠᠷᠴᠢᠮ ᠤᠨ ᠶᠣᠰᠣᠭᠠᠷ᠂ ᠦᠨᠡᠨ ᠪᠣᠳᠠᠲᠠᠶ᠂ ᠬᠦᠴᠦᠨ ᠲᠠᠢ᠂ ᠪᠦᠷᠢᠨ ᠭᠦᠢᠴᠡᠳ ᠭᠡᠷᠡᠴᠢᠯᠡᠬᠦ ᠮᠠᠲ᠋ᠧᠷᠢᠶᠠᠯ ᠢ ᠬᠠᠩᠭᠠᠵᠤ᠂ ᠬᠤᠭᠤᠴᠠᠭ᠎ᠠ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠲᠤᠰᠢᠶᠠᠭᠰᠠᠨ ᠥᠬᠡᠶ ᠪᠠᠶᠢᠪᠠᠯ ᠭᠥᠯᠢᠶᠡᠨ ᠠᠪᠴᠤ ᠰᠢᠢᠳᠪᠦᠷᠢᠯᠡᠬᠦ ᠥᠬᠡᠶ ᠭᠡᠵᠦ ᠲᠣᠳᠣᠷᠬᠠᠶ ᠲᠣᠭᠲᠠᠭᠠᠵᠠᠶ᠃ ᠡᠯ᠎ᠡ ᠬᠤᠯᠪᠣᠭᠳᠠᠯ ᠪᠥᠬᠦᠶ ᠠᠵᠤ ᠠᠬᠤᠶᠢᠯᠠᠯ ᠤᠳ ᠢᠯᠡ ᠨᠡᠶᠢᠲᠡᠯᠡᠭᠰᠡᠨ ᠡᠮ ᠲᠠᠩ ᠬᠤᠳᠠᠯᠳᠤᠨ ᠠᠪᠬᠤ ᠠᠷᠭ᠎ᠠ ᠮᠠᠶ᠋ᠢᠭ ᠪᠠ ᠦᠨ᠎ᠡ ᠬᠢᠵᠠᠭᠠᠷᠯᠠᠭᠰᠠᠨ ᠯᠠᠪᠯᠠᠯᠲᠠ ᠶᠢᠨ ᠦᠨ᠎ᠡ ᠳᠤ ᠣᠨᠳᠣᠤ ᠰᠠᠨᠠᠯ ᠲᠠᠢ ᠪᠠᠶᠢᠪᠠᠯ᠂ ︽ᠬᠡᠨ ᠵᠣᠷᠢᠪᠠᠯ ᠲᠡᠷᠡ ᠭᠡᠷᠡᠴᠢ ᠪᠠᠷᠢᠮᠲᠠ ᠳᠤᠷᠠᠳᠬᠤ︾ ᠵᠠᠷᠴᠢᠮ ᠶᠣᠰᠣᠭᠠᠷ᠂ ᠦᠨᠡᠨ ᠪᠣᠳᠠᠲᠠᠶ᠂ ᠬᠦᠴᠦᠨ ᠲᠠᠢ᠂ ᠪᠦᠷᠢᠨ ᠭᠦᠢᠴᠡᠳ ᠭᠡᠷᠡᠴᠢ ᠪᠠᠷᠢᠮᠲᠠ ᠬᠠᠩᠭᠠᠬᠤ ᠬᠡᠷᠡᠭᠲᠡᠶ᠃ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠳᠤ ᠣᠷᠣᠯᠴᠠᠭᠰᠠᠨ ᠥᠬᠡᠶ ᠠᠴᠠ ᠪᠣᠯᠵᠣ ᠦᠨ᠎ᠡ ᠬᠠᠩᠰᠢ ᠶᠢᠨ ᠮᠡᠳᠡᠭᠡ ᠵᠠᠩᠭᠢ ᠶᠢᠨ ᠲᠣᠬᠢᠷᠠᠭᠤᠯᠤᠯᠲᠠ ᠶᠢ ᠲᠠᠭᠯᠠᠨ ᠮᠡᠳᠡᠭᠦᠯᠦᠭᠰᠡᠨ ᠤ ᠳᠠᠷᠠᠭ᠎ᠠ ᠰᠦᠯᠵᠢᠶᠡᠨ ᠳᠤ ᠬᠤᠯᠪᠤᠬᠤ ᠶᠢ ᠲᠦᠷ ᠵᠣᠭᠰᠣᠭᠠᠭᠰᠠᠨ ᠪᠠᠶᠢᠳᠠᠯ ᠲᠠᠢ ᠪᠠᠶᠢᠪᠠᠯ᠂ ᠰᠢᠰᠲ᠋ᠧᠮ ᠢ ᠪᠠᠶᠢᠩᠭᠤᠵᠢᠭᠤᠯᠤᠨ ᠨᠡᠭᠡᠭᠡᠭᠰᠡᠨ ᠤ ᠳᠠᠷᠠᠭ᠎ᠠ ᠳᠠᠬᠢᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠵᠦ᠂ ᠭᠤᠮᠣᠳᠠᠯ ᠲᠣᠭᠠᠴᠢᠭᠰᠠᠨ ᠮᠠᠲ᠋ᠧᠷᠢᠶᠠᠯ ᠢᠶᠠᠨ ᠲᠤᠰᠢᠶᠠᠬᠤ ᠴᠢᠬᠤᠯᠠ ᠥᠬᠡᠶ᠃      ︵ᠬᠤᠶᠠᠷ︶ ᠳᠡᠪᠰᠢᠭᠦᠯᠦᠨ ᠲᠤᠰᠢᠶᠠᠬᠤ ᠮᠠᠲ᠋ᠧᠷᠢᠶᠠᠯ ᠤᠨ ᠠᠭᠤᠯᠭ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾᠂ ︽ᠬᠠᠤᠯᠢ ᠶᠢᠨ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠭᠰᠠᠨ ᠪᠢᠴᠢᠭ︾᠂ ︽ᠪᠠᠶᠢᠳᠠᠯ ᠤᠨ ᠲᠣᠳᠣᠷᠬᠠᠶᠢᠯᠠᠯᠲᠠ︾ ᠪᠣᠯᠤᠨ ᠬᠠᠮᠢᠶ᠎ᠠ ᠪᠥᠬᠦᠶ ᠲᠣᠳᠣᠷᠬᠠᠶ ᠪᠥᠭᠡᠳ ᠬᠦᠴᠦᠨ ᠲᠠᠢ ᠭᠡᠷᠡᠴᠢ ᠮᠠᠲ᠋ᠧᠷᠢᠶᠠᠯ᠃      ︵ᠭᠤᠷᠪᠠ︶ ᠮᠠᠲ᠋ᠧᠷᠢᠶᠠᠯ ᠲᠤᠰᠢᠶᠠᠬᠤ ᠠᠷᠭ᠎ᠠ ᠮᠠᠶ᠋ᠢᠭ᠃ ︽ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶᠡᠨ ᠲᠡᠭᠡᠷ᠎ᠡ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2021﹈ 161  ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠲᠤᠰᠢᠶᠠᠨ᠎ᠠ᠃ ᠰᠦᠯᠵᠢᠶ᠎ᠡ ᠪᠠᠷ ᠳᠠᠮᠵᠢᠭᠤᠯᠤᠨ ᠲᠤᠰᠢᠶᠠᠭᠰᠠᠨ ᠠᠵᠤ ᠠᠬᠤᠶᠢᠯᠠᠯ ᠨᠢ ︽ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ︾ — ︽ᠲᠤᠰᠬᠠᠶ ᠵᠦᠢᠯ ᠤᠨ ᠲᠤᠬᠠᠶᠢᠯᠠᠭᠰᠠᠨ ᠠᠵᠢᠯ ᠤᠨ ᠬᠡᠰᠡᠭ︾ ᠲᠤ ᠤᠷᠤᠵᠦ᠂ PDF ᠶᠢᠨ ᠬᠡᠯᠪᠡᠷᠢ ᠪᠠᠷ ᠵᠠᠭᠠᠯᠳᠤᠯᠭ᠎ᠠ ᠶᠢᠨ ᠮᠠᠲ᠋ᠧᠷᠢᠶᠠᠯ ᠢ ᠳᠡᠭᠡᠭᠰᠢ ᠲᠠᠮᠵᠢᠭᠤᠯᠤᠨ᠎ᠠ᠂ ᠣᠯᠠᠨ ᠵᠦᠢᠯ ᠤᠨ ᠠᠭᠤᠯᠭ᠎ᠠ ᠶᠢ ᠨᠢᠭᠡᠨ PDF ᠪᠢᠴᠢᠭ ᠮᠠᠲ᠋ᠧᠷᠢᠶᠠᠯ ᠪᠣᠯᠭᠠᠨ ᠵᠣᠬᠢᠶᠠᠵᠤ ᠳᠡᠭᠡᠭᠰᠢ ᠳᠠᠮᠵᠢᠭᠤᠯᠬᠤ ᠴᠢᠬᠤᠯᠠᠲᠠᠶ᠃      ᠵᠢᠷᠭᠤᠭ᠎ᠠ᠂ ᠪᠤᠰᠤᠳ ᠶᠠᠪᠤᠳᠠᠯ ᠤᠳ      ᠲᠣᠬᠢᠷᠠᠭᠤᠯᠤᠯᠲᠠ ᠬᠢᠭᠰᠡᠨ ᠦᠷ᠎ᠡ ᠳ᠋ᠦᠩ ᠤᠨ ᠢᠯᠡ ᠨᠡᠶᠢᠲᠡᠯᠡᠭᠰᠡᠨ ᠲᠤᠭ᠎ᠠ ᠪᠠᠷᠢᠮᠲᠠ ᠶᠢ ᠪᠦᠷᠢᠳᠬᠡᠬᠦ ᠴᠠᠭ ᠨᠢ 2021 ᠣᠨ ᠤ 9 ᠳ᠋ᠤᠭᠡᠷ ᠰᠠᠷ᠎ᠠ ᠶᠢᠨ 1 ᠤ ᠡᠳᠦᠷ ᠪᠣᠯᠤᠨ᠎ᠠ᠃ 9 ᠳ᠋ᠤᠭᠡᠷ ᠰᠠᠷ᠎ᠠ ᠶᠢᠨ 1 ᠤ ᠡᠳᠦᠷ ᠠᠴᠠ ᠵᠠᠷᠯᠠᠨ ᠨᠡᠶᠢᠲᠡᠯᠡᠬᠦ ᠡᠳᠦᠷ ᠪᠣᠯᠲᠠᠯᠠᠬᠢ ᠬᠤᠭᠤᠴᠠᠭᠠᠨ ᠳᠤ᠂ ᠰᠢᠰᠲ᠋ᠧᠮ ᠤᠨ ᠳᠣᠲᠣᠷᠠᠬᠢ ᠮᠡᠳᠡᠭᠡ ᠵᠠᠩᠭᠢ ᠶᠢᠨ ᠬᠤᠪᠢᠷᠠᠯᠲᠠ ᠶᠢ ᠰᠢᠰᠲ᠋ᠧᠮ ᠳᠤ ᠢᠯᠡᠷᠡᠭᠦᠯᠦᠭᠰᠡᠨ ᠢᠶᠠᠷ ᠪᠠᠷᠢᠮᠵᠢᠶ᠎ᠠ ᠪᠣᠯᠭᠠᠨ᠎ᠠ᠃      ᠳᠣᠯᠤᠭ᠎ᠠ᠂ ᠬᠠᠷᠢᠯᠴᠠᠬᠤ ᠠᠷᠭ᠎ᠠ ᠮᠠᠶ᠋ᠢᠭ      0471 — — 4919735 ︵ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ︶      0471 — — 4930630 ︵ᠲᠤᠬᠠᠶᠢᠯᠠᠭᠰᠠᠨ ᠠᠵᠢᠯ ᠤᠨ ᠵᠥᠪᠯᠡᠯᠭᠡ︶      ᠳᠠᠭᠠᠯᠳᠤᠭᠤᠯᠤᠯ᠄ 1᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ 2᠂ ᠬᠠᠤᠯᠢ ᠶᠢᠨ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 9 ᠳ᠋ᠤᠭᠡᠷ ᠰᠠᠷ᠎ᠠ ᠶᠢᠨ 10   ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号