ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠳᠤ ᠰᠤᠩᠭᠤᠭᠳᠠᠭᠰᠠᠨ ᠲᠠᠪᠤᠳᠤᠭᠠᠷ ᠪᠦᠯᠦᠭ ᠤᠨ ᠡᠮ ᠲᠠᠩ ᠢ ᠰᠦᠯᠵᠢᠶᠡᠨ ᠳᠤ ᠨᠥᠬᠦᠪᠥᠷᠢᠯᠡᠨ ᠬᠤᠯᠪᠣᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/9/12
      ᠥᠪᠥᠷ ᠡᠮ ᠬᠤᠳᠠᠯᠳᠤᠨ ᠠᠪᠬᠤ ᠲᠥᠪ ᠦᠰᠦᠭ  ﹇2021﹈ 183 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠨᠢᠭᠡᠴᠢ᠄      ︽ᠪᠥᠬᠦ ᠤᠯᠤᠰ ᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠳᠤ ᠰᠤᠩᠭᠤᠭᠳᠠᠭᠰᠠᠨ ᠦᠷ᠎ᠡ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠲᠠᠪᠤᠳᠤᠭᠠᠷ ᠪᠦᠯᠦᠭ ᠤᠨ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠴᠦ ᠬᠡᠷᠡᠭᠯᠡᠬᠦ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠩᠭᠤᠭᠳᠠᠭᠰᠠᠨ ᠡᠮ ᠲᠠᠩ ᠢ ᠰᠦᠯᠵᠢᠶᠡᠨ ᠳᠤ ᠬᠤᠯᠪᠣᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠳᠤ ᠰᠤᠩᠭᠤᠭᠳᠠᠭᠰᠠᠨ ᠲᠠᠪᠤᠳᠤᠭᠠᠷ ᠪᠦᠯᠦᠭ ᠤᠨ ᠡᠮ ᠲᠠᠩ ᠢ ᠰᠦᠯᠵᠢᠶᠡᠨ ᠳᠤ ᠨᠥᠬᠦᠪᠥᠷᠢᠯᠡᠨ ᠬᠤᠯᠪᠣᠬᠤ ᠠᠵᠢᠯ ᠢ ᠥᠷᠨᠢᠭᠦᠯᠬᠦ ᠲᠤᠬᠠᠶ ᠳᠣᠤᠷᠠᠬᠢ ᠮᠡᠲᠦ ᠮᠡᠳᠡᠭᠳᠡᠶ᠎ᠡ᠃      ᠨᠢᠭᠡ᠂ ᠡᠮ ᠲᠠᠩ ᠤᠨ ᠬᠡᠪᠴᠢᠶ᠎ᠡ      ᠤᠯᠤᠰ ᠤᠨ ᠲᠠᠪᠤᠳᠤᠭᠠᠷ ᠪᠦᠯᠦᠭ ᠲᠦᠪᠯᠡᠷᠡᠭᠦᠯᠦᠨ ᠬᠤᠳᠠᠯᠳᠤᠨ ᠠᠪᠬᠤ ᠳᠤ ᠥᠪᠥᠷ ᠮᠣᠩᠭᠤᠯ ᠤᠨ ᠭᠠᠵᠠᠷ ᠣᠷᠣᠨ ᠤ ᠳᠣᠲᠣᠷ᠎ᠠ ᠠᠴᠠ ᠰᠤᠩᠭᠤᠭᠳᠠᠭᠰᠠᠨ ᠲᠥᠷᠥᠯ ᠵᠦᠢᠯ ᠤᠨ ᠬᠦᠰᠦᠨᠦᠭᠲᠦ ᠳᠤ ᠰᠤᠩᠭᠤᠭᠳᠠᠭᠰᠠᠨ ᠲᠥᠷᠥᠯ ᠵᠦᠢᠯ ︵ᠳᠠᠭᠠᠯᠳᠤᠭᠤᠯᠤᠯ 1 ᠢ ᠦᠵᠡ︶ ᠵᠢᠴᠢ ᠰᠤᠩᠭᠤᠭᠳᠠᠭᠰᠠᠨ ᠠᠵᠤ ᠠᠬᠤᠶᠢᠯᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠪᠣᠷᠣᠯᠠᠭᠤᠯᠵᠤ ᠪᠠᠶᠢᠭ᠎ᠠ ᠠᠳᠠᠯᠢ ᠡᠮ ᠲᠠᠩ ᠤᠨ ᠨᠡᠶᠢᠳᠡᠮ ᠬᠡᠷᠡᠭᠯᠡᠬᠦ ᠨᠡᠷ᠎ᠡ ᠲᠠᠢ ᠪᠤᠰᠤᠳ ᠬᠡᠪ ᠪᠠᠷᠢᠮᠵᠢᠶ᠎ᠠ ᠪᠠᠷ ᠪᠣᠭᠤᠳᠠᠯᠯᠠᠭᠰᠠᠨ ᠡᠮ ᠲᠠᠩ ᠢ ᠤᠯᠤᠰ ᠠᠴᠠ ᠵᠣᠬᠢᠶᠠᠨ ᠪᠠᠶᠢᠭᠤᠯᠵᠤ᠂ ᠲᠠᠪᠤᠳᠤᠭᠠᠷ ᠪᠦᠯᠦᠭ ᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠪᠤᠰᠤᠳ ᠭᠠᠵᠠᠷ ᠣᠷᠣᠨ ᠳᠤ ᠰᠤᠩᠭᠤᠭᠳᠠᠭᠰᠠᠨ ᠲᠥᠷᠥᠯ ᠵᠦᠢᠯ ᠢ ᠰᠤᠩᠭᠤᠭᠳᠠᠭᠰᠠᠨ ᠦᠨ᠎ᠡ ᠪᠠᠷ ᠲᠥᠪᠯᠡᠷᠡᠭᠦᠯᠦᠨ ᠮᠡᠳᠡᠭᠦᠯᠬᠦ ᠶᠢ ᠵᠣᠷᠢᠭᠵᠢᠭᠤᠯᠤᠨ᠎ᠠ᠃      ᠬᠤᠶᠠᠷ᠂ ᠮᠡᠳᠡᠭᠦᠯᠬᠦ ᠴᠤᠪᠤᠷᠠᠯ      ︵ᠨᠢᠭᠡ︶ ᠬᠡᠷᠡᠭᠯᠡᠭᠴᠢ ᠶᠢᠨ ᠨᠡᠷ᠎ᠡ ᠪᠣᠯᠤᠨ ᠨᠢᠭᠤᠴᠠ ᠨᠣᠮᠧᠷ ᠢ ᠭᠤᠶᠤᠴᠢᠯᠠᠨ ᠠᠪᠬᠤ᠃      1᠂ ᠨᠢᠭᠡᠨᠲᠡ ᠰᠦᠯᠵᠢᠶᠡᠨ ᠳᠤ ᠬᠤᠯᠪᠤᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ᠤᠤᠯ ᠤᠨ ᠬᠡᠷᠡᠭᠯᠡᠭᠴᠢ ᠶᠢᠨ ᠨᠡᠷ᠎ᠡ᠂ ᠨᠢᠭᠤᠴᠠ ᠨᠣᠮᠧᠷ ᠢᠶᠠᠷ ᠰᠢᠰᠲ᠋ᠧᠮ ᠳᠤ ᠲᠠᠩᠰᠠᠯᠠᠭᠤᠯᠤᠨ ᠡᠮ ᠲᠠᠩ ᠢ ᠭᠤᠶᠤᠴᠢᠯᠠᠨ ᠮᠡᠳᠡᠭᠦᠯᠬᠦ ᠳᠤ᠂ ᠳᠠᠪᠬᠤᠷᠳᠠᠭᠤᠯᠤᠨ ᠭᠤᠶᠤᠴᠢᠯᠠᠨ ᠠᠪᠬᠤ ᠴᠢᠬᠤᠯᠠ ᠥᠬᠡᠶ᠃      2᠂ ᠰᠢᠨ᠎ᠡ ᠪᠠᠷ ᠰᠦᠯᠵᠢᠶᠡᠨ ᠳᠤ ᠬᠤᠯᠪᠤᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠨᠢ ᠤᠷᠢᠳᠠᠪᠠᠷ ᠬᠡᠷᠡᠭᠯᠡᠭᠴᠢ ᠶᠢᠨ ᠨᠡᠷ᠎ᠡ ᠂ ᠨᠢᠭᠤᠴᠠ ᠨᠣᠮᠧᠷ ᠢᠶᠠᠨ ᠭᠤᠶᠤᠴᠢᠯᠠᠨ ᠠᠪᠤᠭᠰᠠᠨ ᠤ ᠳᠠᠷᠠᠭ᠎ᠠ ᠰᠢᠰᠲ᠋ᠧᠮ ᠳᠤ ᠲᠠᠩᠰᠠᠯᠠᠭᠤᠯᠤᠨ ᠠᠵᠤ ᠠᠬᠤᠶᠢᠯᠠᠯ ᠵᠢᠴᠢ ᠡᠮ ᠲᠠᠩ ᠤᠨ ᠮᠡᠳᠡᠭᠡ ᠵᠠᠩᠭᠢ ᠪᠠᠨ ᠮᠡᠳᠡᠭᠦᠯᠬᠦ ᠬᠡᠷᠡᠭᠲᠡᠶ᠃      ︵ᠬᠤᠶᠠᠷ︶ ᠬᠢᠷᠢ ᠴᠢᠳᠠᠮᠵᠢ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ᠃      1᠂ ᠨᠢᠭᠡᠨᠲᠡ ᠰᠦᠯᠵᠢᠶᠡᠨ ᠳᠤ  ᠬᠤᠯᠪᠤᠭᠰᠠᠨ ᠡᠮ ᠲᠠᠩ ᠳᠤ ᠮᠡᠳᠡᠭᠡ ᠵᠠᠩᠭᠢ ᠶᠢ ᠲᠠᠬᠢᠨᠳᠠ ᠲᠠᠭᠯᠠᠬᠤ ᠴᠢᠬᠤᠯᠠ ᠥᠬᠡᠶ᠃      2᠂ ᠰᠢᠨ᠎ᠡ ᠪᠠᠷ ᠰᠦᠯᠵᠢᠶᠡᠨ ᠳᠤ ᠬᠤᠯᠪᠤᠬᠤ ᠡᠮ ᠲᠠᠩ ᠳᠤ᠂ ᠠᠵᠤ ᠠᠬᠤᠶᠢᠯᠠᠯ ᠨᠢ ︽ᠪᠠᠯᠠ ᠮᠥᠩᠭᠦ ᠶᠢᠨ ᠬᠢᠨᠠᠨ ᠪᠠᠶᠢᠴᠠᠭᠠᠬᠤ ᠰᠢᠰᠲ᠋ᠧᠮ︾ — ︽ᠰᠠᠭᠠᠳ ᠥᠬᠡᠶ ᠨᠡᠪᠲᠡᠷᠡᠬᠦ ᠵᠠᠮ︾ ᠳᠤ ᠣᠷᠣᠵᠤ ᠱᠠᠭᠠᠷᠳᠠᠯᠭ᠎ᠠ ᠶᠣᠰᠣᠭᠠᠷ ᠠᠵᠤ ᠠᠬᠤᠶᠢᠯᠠᠯ ᠤᠨ ᠮᠡᠳᠡᠭᠡ ᠵᠠᠩᠭᠢ ᠪᠠ ᠡᠮ ᠲᠠᠩ ᠤᠨ ᠮᠡᠳᠡᠭᠡ ᠵᠠᠩᠭᠢ ᠶᠢ ᠲᠠᠭᠯᠠᠨ ᠪᠢᠴᠢᠨ᠎ᠡ᠂ ᠡᠭᠦᠨ ᠳᠤ ᠨᠢᠭᠡᠨᠲᠡ ᠰᠦᠯᠵᠢᠶᠡᠨ ᠳᠤ ᠬᠤᠯᠪᠤᠭᠰᠠᠨ ᠠᠵᠤ ᠠᠬᠤᠶᠢᠯᠠᠯ ᠳᠤ ᠬᠠᠷᠢᠶᠠᠯᠠᠭᠳᠠᠪᠠᠯ ᠠᠵᠤ ᠠᠬᠤᠶᠢᠯᠠᠯ ᠤᠨ ᠮᠡᠳᠡᠭᠡ ᠵᠠᠩᠭᠢ ᠶᠢ ᠲᠠᠭᠯᠠᠨ ᠪᠢᠴᠢᠬᠦ ᠴᠢᠬᠤᠯᠠ ᠥᠬᠡᠶ᠃ ᠲᠡᠮᠳᠡᠭ ︽*︾ ᠪᠣᠯ ᠵᠠᠪᠠᠯ ᠲᠠᠭᠯᠠᠬᠤ ᠵᠦᠢᠯ ᠪᠣᠯᠤᠨ᠎ᠠ᠂ ᠠᠵᠤ ᠠᠬᠤᠶᠢᠯᠠᠯ ᠤᠨ ᠮᠡᠳᠡᠭᠡ ᠵᠠᠩᠭᠢ ᠪᠠ ᠡᠮ ᠲᠠᠩ ᠤᠨ ᠮᠡᠳᠡᠭᠡ ᠵᠠᠩᠭᠢ ᠶᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠦᠨᠡᠮᠯᠡᠯ ᠤᠨ ᠵᠢᠷᠤᠮᠵᠢᠯ ᠶᠣᠰᠣᠭᠠᠷ ᠲᠠᠭᠯᠠᠵᠤ᠂ ᠬᠤᠳᠠᠯᠳᠤᠨ ᠠᠪᠬᠤ ᠦᠨ᠎ᠡ ᠶᠢ ᠰᠤᠩᠭᠤᠭᠳᠠᠭᠰᠠᠨ ᠦᠨ᠎ᠡ ᠪᠠᠷ ᠲᠠᠭᠯᠠᠵᠤ᠂ ᠲᠠᠭᠯᠠᠭᠰᠠᠨ ᠮᠡᠳᠡᠭᠡ ᠵᠠᠩᠭᠢ ᠶᠢ ᠵᠥᠪ ᠣᠨᠣᠪᠴᠢᠲᠠᠶ ᠲᠤᠰᠢᠶᠠᠵᠦ᠂ ᠲᠤᠰᠢᠶᠠᠭᠰᠠᠨ ᠢ ᠦᠨᠡᠨᠬᠦ ᠪᠠᠳᠤᠯᠠᠨ᠎ᠠ᠂ ᠮᠡᠳᠡᠭᠡ ᠵᠠᠩᠭᠢ ᠶᠢ ᠲᠤᠰᠢᠶᠠᠭᠰᠠᠨ ᠤ ᠳᠠᠷᠠᠭ᠎ᠠ ᠵᠠᠰᠠᠪᠤᠷᠢ ᠣᠷᠣᠭᠤᠯᠵᠤ ᠪᠣᠯᠬᠤ ᠥᠬᠡᠶ᠂ ᠬᠤᠭᠤᠴᠠᠭ᠎ᠠ ᠥᠩᠭᠡᠷᠡᠲᠡᠯ᠎ᠡ ᠲᠤᠰᠢᠶᠠᠭᠰᠠᠨ ᠥᠬᠡᠶ ᠪᠣᠯ ᠮᠡᠳᠡᠭᠦᠯᠦᠭᠰᠡᠨ ᠨᠢ ᠬᠦᠴᠦᠨ ᠥᠬᠡᠶ᠂ ᠮᠡᠳᠡᠭᠡ ᠵᠠᠩᠭᠢ ᠶᠢ ᠲᠤᠰᠢᠶᠠᠭᠰᠠᠨ ᠤ ᠳᠠᠷᠠᠭ᠎ᠠ ᠬᠢᠨᠠᠨ ᠬᠠᠷᠭᠤᠭᠤᠯᠬᠤ ᠶᠢ ᠬᠦᠯᠢᠶᠡᠬᠦ ᠪᠠᠶᠢᠳᠠᠯ ᠳᠤ ᠣᠷᠣᠨ᠎ᠠ᠃      ︵ᠭᠤᠷᠪᠠ︶  ᠮᠠᠲ᠋ᠧᠷᠢᠶᠠᠯ ᠨᠠᠶᠢᠷᠠᠭᠤᠯᠤᠨ ᠵᠣᠬᠢᠶᠠᠬᠤ ᠪᠠ ᠮᠡᠳᠡᠭᠦᠯᠦᠨ ᠬᠦᠷᠭᠡᠬᠦ᠃      1᠂ ᠬᠡᠷᠡᠭᠯᠡᠭᠴᠢ ᠶᠢᠨ ᠨᠡᠷ᠎ᠡ᠂ ᠨᠢᠭᠤᠴᠠ ᠨᠣᠮᠧᠷ ᠢᠶᠠᠨ ᠠᠪᠬᠤ᠃ ᠰᠢᠨ᠎ᠡ ᠪᠠᠷ ᠰᠦᠯᠵᠢᠶᠡᠨ ᠳᠤ ᠬᠤᠯᠪᠤᠬᠤ ᠦᠢᠯᠡᠳᠪᠦᠷᠢᠯᠡᠯ ᠤᠨ ᠠᠵᠤ ᠠᠬᠤᠶᠢᠯᠠᠯ ᠬᠡᠷᠡᠭᠯᠡᠭᠴᠢ ᠶᠢᠨ ᠨᠡᠷ᠎ᠡ᠂ ᠨᠢᠭᠤᠴᠠ ᠨᠣᠮᠧᠷ ᠢᠶᠠᠨ ᠠᠪᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ ᠤᠨ ᠲᠠᠩᠰᠠᠯᠠᠬᠤ ᠨᠢᠭᠤᠷ ᠢᠶᠠᠷ ᠳᠠᠮᠵᠢᠭᠤᠯᠤᠨ ︽ᠠᠵᠤ ᠠᠬᠤᠶᠢᠯᠠᠯ ᠤᠨ ᠳᠡᠩᠰᠡᠯᠡᠨ ᠣᠷᠣᠭᠤᠯᠬᠤ︾ ᠢ ᠲᠣᠪᠴᠢᠳᠠᠨ ᠳᠠᠩᠰᠠᠯᠠᠭᠤᠯᠵᠤ᠂ ᠳᠠᠩᠰᠠᠯᠠᠭᠤᠯᠬᠤ ᠳᠠᠭᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠳᠤ ᠬᠡᠷᠡᠭᠯᠡᠭᠴᠢ ᠶᠢᠨ ᠨᠡᠷ᠎ᠡ ᠵᠢᠴᠢ ᠨᠢᠭᠤᠴᠠ ᠨᠣᠮᠧᠷ ᠠᠪᠬᠤ ᠨᠠᠶᠢᠳᠠᠯᠭ᠎ᠠ ᠶᠢᠨ ᠵᠠᠬᠢᠳᠠᠯ ︵ᠳᠠᠭᠠᠯᠳᠤᠭᠤᠯᠤᠯ 2 ᠢ ᠦᠵᠡ︶᠂ ᠡᠮ ᠲᠠᠩ ᠦᠢᠯᠡᠳᠪᠦᠷᠢᠯᠡᠬᠦ ︵ᠡᠵᠡᠩᠨᠡᠬᠦ︶ ᠶᠢᠨ ᠵᠥᠪᠰᠢᠶᠡᠷᠡᠯ ᠤᠨ ᠦᠨᠡᠮᠯᠡᠯ ︵ᠬᠠᠭᠤᠯᠪᠤᠷᠢ ᠳᠡᠪᠲᠡᠷ︶ ᠪᠣᠯᠤᠨ ᠡᠵᠡᠩᠨᠡᠯᠲᠡ ᠶᠢᠨ ᠦᠨᠡᠮᠯᠡᠯ ︵ᠬᠠᠭᠤᠯᠪᠤᠷᠢ ᠳᠡᠪᠲᠡᠷ︶ ᠤᠨ ᠰᠢᠷᠪᠢᠯᠲᠡ ᠶᠢᠨ ᠵᠦᠢᠯ ᠢ ᠲᠤᠰᠢᠶᠠᠬᠤ ᠬᠡᠷᠡᠭᠲᠡᠶ᠃      2᠂ ᠬᠢᠷᠢ ᠴᠢᠳᠠᠮᠵᠢ ᠶᠢᠨ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ᠃ ᠡᠮ ᠲᠠᠩ ᠪᠠ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠬᠢᠨᠠᠨ ᠬᠠᠷᠭᠤᠭᠤᠯᠤᠯᠲᠠ ᠶᠢᠨ ᠬᠦᠰᠦᠨᠦᠭᠲᠦ᠂ ᠬᠠᠮᠢᠶ᠎ᠠ ᠪᠥᠬᠦᠶ ᠬᠢᠷᠢ ᠬᠡᠮ ᠢ ᠭᠡᠷᠡᠴᠢᠯᠡᠬᠦ ᠮᠠᠲ᠋ᠧᠷᠢᠶᠠᠯ ᠪᠠ ᠦᠨ᠎ᠡ ᠬᠠᠩᠰᠢ ᠶᠢ ᠭᠡᠷᠡᠴᠢᠯᠡᠬᠦ ᠮᠠᠲ᠋ᠧᠷᠢᠶᠠᠯ ᠤᠨ CA ᠦᠨᠡᠮᠯᠡᠯ ᠣᠯᠤᠭᠰᠠᠨ ᠬᠡᠷᠡᠭᠯᠡᠭᠴᠢ PDF ᠶᠢᠨ ᠬᠡᠯᠪᠡᠷᠢ ᠪᠠᠷ ᠪᠠᠯᠠ ᠮᠥᠩᠭᠦ ᠶᠢᠨ ᠬᠢᠨᠠᠨ ᠬᠠᠷᠭᠤᠭᠤᠯᠤᠯᠲᠠ ᠶᠢᠨ ᠰᠢᠰᠲ᠋ᠧᠮ ᠢ ᠳᠠᠮᠵᠢᠭᠤᠯᠤᠨ ᠬᠢᠨᠠᠨ ᠬᠠᠷᠭᠤᠭᠤᠯᠬᠤ ᠳᠤ ᠬᠠᠩᠭᠠᠵᠤ᠂ ᠬᠡᠷᠡᠭᠯᠡᠭᠴᠢ ᠶᠢᠨ ᠨᠡᠷ᠎ᠡ᠂ ᠨᠢᠭᠤᠴᠠ ᠨᠣᠮᠧᠷ ᠢ ᠠᠪᠤᠭᠰᠠᠨ ᠬᠡᠷᠡᠭᠯᠡᠭᠴᠢ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠵᠤ ᠰᠢᠷᠪᠢᠪᠡᠯ PDF ᠶᠢᠨ ᠱᠠᠭᠠᠷᠳᠠᠯᠭ᠎ᠠ ᠶᠣᠰᠣᠭᠠᠷ ᠳᠡᠭᠡᠭᠰᠢ ᠳᠠᠮᠵᠢᠭᠤᠯᠤᠨ᠎ᠠ ︵ᠳᠠᠭᠠᠯᠳᠤᠭᠤᠯᠤᠯ 3 ᠶᠢ ᠦᠵᠡ︶᠃      ᠭᠤᠷᠪᠠ᠂ ᠴᠠᠭ ᠤᠨ ᠲᠣᠬᠢᠷᠠᠭᠤᠯᠤᠯᠲᠠ      ᠬᠡᠷᠡᠭᠯᠡᠭᠴᠢ ᠶᠢᠨ ᠨᠡᠷ᠎ᠡ ᠠᠪᠬᠤ ᠴᠠᠭ᠄ 2021 ᠣᠨ ᠤ 9 ᠳ᠋ᠤᠭᠡᠷ ᠰᠠᠷ᠎ᠠ ᠶᠢᠨ 10 ᠤ ᠡᠳᠦᠷ — 9 ᠳ᠋ᠤᠭᠡᠷ ᠰᠠᠷ᠎ᠠ ᠶᠢᠨ 15 ᠤ ᠡᠳᠦᠷ᠃      ᠰᠦᠯᠵᠢᠶᠡᠨ ᠳᠡᠭᠡᠷᠡᠬᠢ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠴᠠᠭ᠄ 2021 ᠣᠨ ᠤ 9 ᠳ᠋ᠤᠭᠡᠷ ᠰᠠᠷ᠎ᠠ ᠶᠢᠨ 10 ᠤ ᠡᠳᠦᠷ ᠠᠴᠠ 9ᠳ᠋ᠤᠭᠡᠷ ᠰᠠᠷ᠎ᠠ ᠶᠢᠨ 18 ᠤ ᠡᠳᠦᠷ ᠪᠣᠯᠲᠠᠯ᠎ᠠ᠃      ᠳᠥᠷᠪᠡ᠂ ᠬᠠᠷᠢᠯᠴᠠᠬᠤ ᠠᠷᠭ᠎ᠠ ᠮᠠᠶ᠋ᠢᠭ      ᠲᠤᠬᠠᠶᠢᠯᠠᠭᠰᠠᠨ ᠠᠵᠢᠯ ᠤᠨ ᠯᠠᠪᠯᠠᠯᠭ᠎ᠠ᠄ 0471 — — 4908343      ᠮᠡᠷᠭᠡᠵᠢᠯ ᠤᠨ ᠳᠡᠮᠵᠢᠯᠭᠡ᠄ 0471 — — 4967106      ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ᠄ 0471 — — 4919735      ᠳᠠᠭᠠᠯᠳᠤᠭᠤᠯᠤᠯ᠄ 1᠂ ᠪᠥᠬᠦ ᠤᠯᠤᠰ ᠤᠨ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ︵ᠥᠪᠥᠷ ᠮᠣᠩᠭᠤᠯ︶  ᠳᠤ ᠰᠤᠩᠭᠤᠭᠳᠠᠭᠰᠠᠨ ᠦᠷ᠎ᠡ ᠳ᠋ᠦᠩ ᠤᠨ ᠬᠦᠰᠦᠨᠦᠭᠲᠦ 2᠂ ᠠᠵᠤ ᠠᠬᠤᠶᠢᠯᠠᠯ ᠠᠴᠠ ᠬᠡᠷᠡᠭᠯᠡᠭᠴᠢ ᠶᠢᠨ ᠨᠡᠷ᠎ᠡ ᠵᠢᠴᠢ ᠨᠢᠭᠤᠴᠠ ᠨᠣᠮᠧᠷ ᠢᠶᠠᠨ ᠤᠯᠬᠤ ᠨᠠᠶᠢᠳᠠᠯᠭ᠎ᠠ ᠶᠢᠨ ᠪᠢᠴᠢᠭ3᠂ ᠠᠵᠤ ᠠᠬᠤᠶᠢᠯᠠᠯ ᠤᠨ ᠬᠢᠷᠢ ᠴᠢᠳᠠᠮᠵᠢ ᠶᠢᠨ ᠮᠠᠲ᠋ᠧᠷᠢᠶᠠᠯ ᠢᠶᠠᠨ ᠲᠤᠰᠢᠶᠠᠬᠤ ᠱᠠᠭᠠᠷᠳᠠᠯᠭ᠎ᠠ ᠵᠢᠴᠢ ᠬᠡᠪ ᠵᠠᠭᠪᠤᠷ          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 9 ᠳ᠋ᠤᠭᠡᠷ ᠰᠠᠷ᠎ᠠ ᠶᠢᠨ 10 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号