9 ᠰᠠᠷ᠎ᠠ ᠶᠢᠨ 9 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠰᠣᠯᠣᠩᠭᠤᠰ ᠤᠨ ᠤᠯᠤᠰ ᠪᠠᠶᠢᠭᠤᠯᠤᠭᠳᠠᠭᠰᠠᠨ 73 ᠵᠢᠯ ᠤᠨ ᠤᠢ ᠳᠤ ᠵᠣᠷᠢᠭᠤᠯᠵᠤ ᠰᠣᠯᠣᠩᠭᠤᠰ ᠤᠨ | ᠬᠥᠳᠡᠯᠮᠦᠷᠢᠴᠢᠨ ᠤ ᠨᠠᠮ ᠤᠨ ᠶᠡᠷᠦᠩᠬᠡᠢ ᠱᠦᠵᠢ᠂ ᠲᠦᠷᠦ ᠶᠢᠨ ᠶᠠᠪᠤᠳᠠᠯ ᠤᠨ ᠬᠤᠷᠢᠶᠠᠨ ᠤ ᠬᠤᠷᠢᠶᠠᠨ ᠳᠠᠷᠤᠭ᠎ᠠ ᠶᠢᠨ ᠵᠧᠩ | ᠧᠨ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ | ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠪᠥᠬᠦᠳᠡ ᠨᠠᠶᠢᠷᠠᠮᠳᠠᠬᠤ ᠠᠷᠠᠳᠴᠢᠯᠠᠭᠰᠠᠨ ᠰᠣᠯᠣᠩᠭᠤᠰ | ᠠᠷᠠᠳ ᠤᠯᠤᠰ ᠪᠠᠶᠢᠭᠤᠯᠤᠭᠳᠠᠭᠰᠠᠨ 73 ᠵᠢᠯ ᠤᠨ ᠲᠤᠷᠰᠢ᠂ ᠰᠣᠯᠣᠩᠭᠤᠰ ᠤᠨ ᠬᠥᠳᠡᠯᠮᠦᠷᠢᠴᠢᠨ ᠤ ᠨᠠᠮ | ᠰᠣᠯᠣᠩᠭᠤᠰ ᠤᠨ ᠠᠷᠠᠳ ᠲᠦᠮᠡᠨ ᠢ ᠪᠦᠯᠬᠦᠮᠳᠡᠭᠦᠯᠦᠨ ᠤᠳᠤᠷᠢᠳᠴᠤ ᠴᠥᠬᠦᠷᠡᠰᠢ ᠥᠬᠡᠶ ᠴᠢᠷᠮᠠᠶᠢᠵᠤ᠂ ᠨᠡᠶᠢᠭᠡᠮ | ᠵᠢᠷᠤᠮ ᠤᠨ ᠦᠢᠯᠡᠰ ᠤᠨ ᠯᠤᠲᠤ ᠶᠡᠭᠡ ᠠᠮᠵᠢᠯᠲᠠ ᠤᠯᠬᠤ ᠶᠢ ᠠᠬᠢᠭᠤᠯᠪᠠ᠃ ᠨᠥᠬᠦᠷ ᠪᠠ ᠨᠠᠶᠢᠵᠠ ᠶᠢᠨ ᠬᠤᠪᠢ ᠳᠤ᠂ | ᠡᠭᠦᠨ ᠳᠤ ᠪᠢᠳᠡ ᠦᠨᠡᠨ ᠰᠡᠳᠬᠢᠯ ᠠᠴᠠ ᠪᠠᠨ ᠪᠠᠶᠠᠷᠯᠠᠵᠤ ᠪᠠᠶᠢᠨ᠎ᠡ᠃ | ᠣᠳᠣᠬᠠᠨ ᠳᠤ᠂ ᠰᠣᠯᠣᠩᠭᠤᠰ ᠤᠨ ᠠᠷᠠᠳ ᠲᠦᠮᠡᠨ ᠶᠠᠭ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ | ᠨᠠᠢᠮᠠᠳᠤᠭᠠᠷ ᠶᠡᠭᠡ ᠬᠤᠷᠠᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠠᠵᠤ | ᠠᠬᠤᠢ ᠨᠡᠶᠢᠭᠡᠮ ᠤᠨ ᠬᠥᠭᠵᠢᠯᠲᠡ ᠶᠢ ᠪᠦᠬᠦ ᠬᠦᠴᠦ ᠪᠠᠷ ᠢᠶᠠᠨ ᠠᠬᠢᠭᠤᠯᠵᠤ ᠪᠠᠶᠢᠨ᠎ᠡ᠃ ᠶᠡᠷᠦᠩᠬᠡᠢ ᠱᠦᠵᠢ ᠨᠥᠬᠦᠷ ᠢᠶᠠᠷ | ᠲᠦᠷᠦᠭᠦᠯᠡᠭᠦᠯᠦᠭᠰᠡᠨ ᠰᠣᠯᠣᠩᠭᠤᠰ ᠤᠨ ᠬᠥᠳᠡᠯᠮᠦᠷᠢᠴᠢᠨ ᠤ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ ᠰᠣᠯᠣᠩᠭᠤᠰ ᠤᠨ ᠠᠷᠠᠳ ᠲᠦᠮᠡᠨ ᠪᠦᠯᠬᠦᠮᠳᠡᠨ ᠲᠡᠮᠡᠴᠡᠵᠤ᠂ ᠯᠠᠪᠲᠠᠶ᠎ᠠ ᠤᠯᠤᠰ ᠢᠶᠠᠨ ᠨᠡᠩ ᠰᠠᠶᠢᠲᠤᠷ ᠪᠦᠳᠦᠭᠡᠨ | ᠪᠠᠶᠢᠭᠤᠯᠵᠤ ᠴᠢᠳᠠᠨ᠎ᠠ ᠭᠡᠳᠡᠭ ᠢ ᠢᠲᠡᠭᠡᠵᠦ ᠪᠠᠶᠢᠨ᠎ᠡ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠰᠣᠯᠣᠩᠭᠤᠰ ᠤᠨ ᠤᠯᠠᠮᠵᠢᠯᠠᠯᠲᠤ ᠨᠥᠬᠦᠷᠯᠡᠯ ᠶᠠᠪᠤᠬᠤ ᠳᠤᠳᠤᠮ ᠪᠠᠬᠢᠵᠢᠵᠤ᠂ ᠬᠤᠶᠠᠷ | ᠲᠠᠯ᠎ᠠ ᠶᠢᠨ ᠬᠠᠮᠲᠤ ᠶᠢᠨ ᠡᠷᠬᠢᠮ ᠨᠠᠨᠳᠢᠨ ᠥᠪ ᠬᠦᠷᠦᠩᠬᠡ ᠪᠣᠯᠵᠠᠢ᠃ ᠤᠢᠢᠷ᠎ᠠ ᠶᠢᠨ ᠵᠢᠯ ᠠᠴᠠ᠂ ᠪᠢ ᠶᠡᠷᠦᠩᠬᠡᠢ ᠱᠦᠵᠢ | ᠨᠥᠬᠦᠷ ᠲᠠᠢ ᠨᠢᠭᠲᠠ ᠤᠯᠤᠯᠴᠠᠭ᠎ᠠ ᠪᠠᠨ ᠪᠠᠲᠤᠯᠠᠵᠤ᠂ ᠳᠤᠮᠳᠠᠳᠤ ᠰᠣᠯᠣᠩᠭᠤᠰ ᠤᠨ ᠬᠠᠷᠢᠯᠴᠠᠭ᠎ᠠ ᠶᠢᠨ ᠲᠣᠭᠲᠠᠭᠤᠨ ᠢᠶᠠᠷ | ᠤᠷᠤᠭᠰᠢ ᠬᠥᠭᠵᠢᠬᠦ ᠶᠢ ᠬᠦᠳᠦᠯᠥᠨ ᠳᠠᠭᠠᠭᠤᠯᠵᠤ᠂ ᠲᠠᠰᠤᠷᠠᠯᠳᠡ ᠦᠭᠡᠢ ᠪᠠᠶᠠᠷᠯᠠᠭᠤᠰᠢᠲᠠᠢ ᠦᠷ᠎ᠡ ᠪᠦᠲᠦᠭᠡᠯ ᠣᠯᠵᠤ᠂ | ᠳᠤᠮᠳᠠᠳᠤ ᠰᠣᠯᠣᠩᠭᠤᠰ ᠤᠨ ᠤᠯᠠᠮᠵᠢᠯᠠᠯᠲᠤ ᠨᠥᠬᠦᠷᠯᠡᠯ ᠳᠤ ᠰᠢᠨ᠎ᠡ ᠠᠭᠤᠯᠤᠭᠳᠠᠬᠤᠨ ᠨᠡᠮᠡᠷᠢᠯᠡᠪᠡ᠃ ᠪᠢ ᠳᠤᠮᠳᠠᠳᠤ | ᠰᠣᠯᠣᠩᠭᠤᠰ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶ | ᠱᠦᠵᠢ ᠨᠥᠬᠦᠷ ᠲᠠᠢ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ ᠨᠥᠬᠦᠷᠰᠡᠭ ᠬᠠᠮᠲᠤᠷᠠᠯᠴᠠᠭᠠᠨ ᠤ | ᠬᠠᠷᠢᠯᠴᠠᠭ᠎ᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠵᠤ᠂ | ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠳᠤ ᠨᠠᠩ ᠰᠠᠶᠢᠨ ᠪᠤᠶᠠᠨ ᠦᠢᠯᠡᠳᠦᠨ᠎ᠡ ᠭᠡᠵᠦ | ᠴᠢᠬᠤᠯᠠᠴᠢᠯᠠᠪᠠ᠃ |