ᠮᠠᠨ ᠤ ᠣᠷᠣᠨ ᠡᠮᠴᠢᠯᠡᠭᠡ ᠶᠢᠨ ᠪᠠᠳᠤᠯᠠᠭ᠎ᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠬᠢ ᠶᠢᠨ ᠰᠢᠰᠲ᠋ᠧᠮ ᠢ ᠠᠮᠵᠢᠯᠳᠠ ᠲᠠᠢ ᠰᠠᠯᠭᠠᠪᠠ
ᠨᠡᠶᠢᠲᠡᠯᠡᠭᠰᠡᠨ ᠴᠠᠭ᠄
2021/9/13
      ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠮᠴᠢᠯᠡᠭᠡ ᠶᠢᠨ ᠪᠠᠳᠤᠯᠠᠭ᠎ᠠ ᠶᠢᠨ ᠲᠤᠰ ᠲᠤᠰ ᠤᠨ ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢ ᠬᠠᠩᠭᠠᠵᠦ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠮᠠᠨ ᠤ ᠣᠷᠣᠨ ᠳᠤ ᠤᠷᠤᠭᠰᠢᠲᠠᠶ ᠪᠠᠶᠢᠷᠢᠯᠠᠭᠤᠯᠤᠨ ᠬᠡᠷᠡᠭᠵᠢᠭᠦᠯᠬᠦ ᠶᠢ ᠦᠨᠡᠨᠬᠦ ᠪᠠᠳᠤᠯᠠᠬᠤ ᠶᠢᠨ ᠲᠤᠰᠠᠳᠠ᠂ 2021 ᠣᠨ ᠤ 9 ᠳ᠋ᠤᠭᠡᠷ ᠰᠠᠷ᠎ᠠ ᠶᠢᠨ 10 ᠤ ᠡᠳᠦᠷ ᠠᠴᠠ 12 ᠤᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠲᠥᠪ ᠤᠨ ᠳᠡᠮᠵᠢᠯᠭᠡ ᠬᠠᠪᠰᠤᠷᠤᠯᠭ᠎ᠠ ᠳᠣᠤᠷ᠎ᠠ᠂ ᠡᠮᠴᠢᠯᠡᠭᠡᠨ ᠤ ᠪᠠᠳᠤᠯᠠᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠡᠮᠴᠢᠯᠡᠭᠡ ᠶᠢᠨ ᠪᠠᠳᠤᠯᠠᠭ᠎ᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠰᠠᠯᠭᠠᠬᠤ ᠠᠵᠢᠯ ᠢ ᠠᠮᠵᠢᠯᠲᠠ ᠲᠠᠢ ᠪᠡᠶᠡᠯᠡᠭᠦᠯᠦᠭᠰᠡᠨ ᠨᠢ ᠪᠥᠬᠦ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠰᠢᠨ᠎ᠡ ᠱᠠᠲᠤᠨ ᠳᠤ  ᠤᠷᠤᠵᠦ᠂ ᠰᠢᠨ᠎ᠡ ᠬᠠᠭᠤᠳᠠᠰᠦ ᠶᠢ ᠨᠡᠭᠡᠭᠡᠭᠰᠡᠨ ᠢ ᠬᠠᠷᠠᠭᠤᠯᠵᠦ ᠪᠠᠶᠢᠨ᠎ᠠ᠃
     ᠲᠤᠰ ᠤᠳᠠᠭᠠᠨ ᠤ ᠰᠢᠰᠲ᠋ᠧᠮ ᠢ ᠰᠠᠯᠭᠠᠬᠤ ᠠᠵᠢᠯ ᠳᠤ ︽ᠨᠢᠭᠡᠳᠦᠯᠲᠡᠶ ᠲᠥᠯᠥᠪᠵᠢᠭᠦᠯᠬᠦ᠂ ᠲᠦᠷᠭᠡᠨ ᠪᠠᠶᠢᠷᠢᠯᠠᠭᠤᠯᠬᠤ᠂ ᠬᠡᠷᠡᠭᠯᠡᠭᠡ ᠶᠢ ᠪᠠᠲᠤᠯᠠᠬᠤ᠂ ᠠᠮᠤᠷ ᠲᠦᠪᠰᠢᠨ ᠢ ᠲᠣᠭᠲᠠᠭᠤᠨ ᠪᠠᠶᠢᠯᠭᠠᠬᠤ︾ ᠵᠠᠷᠴᠢᠮ ᠶᠣᠰᠣᠭᠠᠷ᠂ ᠠᠶᠤᠯ ᠲᠦᠭᠰᠢᠭᠦᠷᠢ᠂ ᠴᠠᠭ ᠬᠤᠭᠤᠴᠠᠭ᠎ᠠ᠂ ᠲᠠᠰᠤᠯᠳᠠᠩᠭᠤᠶ ᠪᠤᠰᠤ ᠴᠢᠨᠠᠷ ᠵᠡᠷᠭᠡ ᠶᠡᠷᠦᠩᠬᠡᠶᠢᠯᠡᠭᠰᠡᠨ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠪᠠᠷ ᠤᠷᠢᠲᠠᠯ ᠪᠣᠯᠭᠠᠵᠤ᠂ ᠰᠠᠯᠭᠠᠬᠤ ᠠᠴᠠ ᠡᠮᠦᠨ᠎ᠡ ᠬᠤᠶᠢᠨᠠᠬᠢ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢᠨ ᠵᠥᠪ ᠣᠨᠣᠪᠴᠢᠲᠠᠶ ᠪᠠᠶᠢᠬᠤ ᠶᠢ ᠪᠠᠲᠤᠯᠠᠬᠤ ᠪᠠᠷ ᠪᠠᠷᠢᠮᠵᠢᠶ᠎ᠠ ᠪᠣᠯᠭᠠᠵᠤ᠂ ᠮᠠᠰᠢᠨ ᠵᠣᠭᠰᠣᠬᠤ ᠠᠴᠠ ᠪᠤᠯᠤᠭᠰᠠᠨ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠳᠤ ᠦᠵᠡᠭᠦᠯᠬᠦ ᠨᠥᠯᠥᠭᠡ ᠶᠢ ᠠᠯᠢ ᠴᠢᠳᠠᠬᠤ ᠪᠠᠷ ᠪᠣᠭᠤᠨᠢᠰᠬᠠᠬᠤ ᠪᠠᠷ ᠬᠠᠷᠠᠯᠲᠠ ᠪᠣᠯᠭᠠᠵᠤ᠂ ᠭᠤᠷᠪᠠᠨ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠵᠢᠯᠴᠠᠵᠤ᠂ ᠳᠠᠭᠠᠭᠠᠴᠢᠯᠠᠨ ᠪᠠᠶᠢᠭᠤᠯᠤᠭᠰᠠᠨ ᠨᠢᠭᠡᠴᠢ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠬᠤᠶᠠᠷ ᠡᠳᠦᠷ ᠤᠨ ᠡᠳᠦᠷ ᠰᠥᠨᠢ ᠶᠢᠨ ᠴᠢᠷᠮᠠᠶᠢᠯᠭ᠎ᠠ ᠪᠠᠷ ᠳᠡᠮᠵᠢᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠰᠢᠰᠲ᠋ᠧᠮ ᠤᠨ ᠰᠠᠯᠭᠠᠬᠤ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ 12 ᠤᠨ ᠡᠳᠦᠷ ᠤᠨ ᠣᠷᠣᠶ ᠶᠢᠨ 7 ᠴᠠᠭ ᠪᠣᠯᠲᠠᠯ᠎ᠠ᠂ ᠪᠥᠬᠦ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠰᠢᠰᠲ᠋ᠧᠮ ᠤᠨ ᠪᠡᠶ᠎ᠡ ᠪᠠᠨ ᠳᠠᠭᠠᠭᠠᠵᠤ ᠪᠠᠶᠢᠷᠢᠯᠠᠭᠤᠯᠬᠤ᠂ ᠠᠮᠤᠷ ᠲᠦᠪᠰᠢᠨ ᠢᠶᠠᠷ ᠠᠵᠢᠯᠯᠠᠬᠤ ᠶᠢ ᠪᠡᠶᠡᠯᠡᠭᠦᠯᠪᠡ᠃
      ᠰᠢᠰᠲ᠋ᠧᠮ ᠢ ᠰᠠᠯᠭᠠᠬᠤ ᠮᠠᠰᠢᠨ ᠵᠣᠭᠰᠣᠭᠠᠬᠤ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠶᠢᠨ ᠮᠠᠨ ᠢ ᠪᠣᠯᠤᠨ ᠡᠯ᠎ᠡ ᠲᠣᠪᠴᠢᠶ᠎ᠠ ᠶᠢᠨ ᠤᠳᠤᠷᠢᠳᠤᠯᠭ᠎ᠠ ᠨᠠᠷ ᠥᠪᠡᠷ ᠤᠨ ᠪᠡᠶ᠎ᠡ ᠪᠠᠷ ᠢᠶᠠᠨ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠬᠥᠬᠡᠬᠤᠲᠠ ᠶᠢᠨ ᠬᠡᠰᠡᠭ ᠭᠠᠵᠠᠷ ᠤᠨ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠬᠦᠷᠴᠦ ᠰᠢᠰᠲ᠋ᠧᠮ ᠰᠠᠯᠭᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠴᠤ᠂ ᠤᠬᠠᠭᠤᠯᠤᠨ ᠮᠡᠳᠡᠭᠳᠡᠬᠦ ᠪᠠ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠮᠠᠰᠢᠨ ᠵᠣᠭᠰᠣᠭᠠᠬᠤ ᠬᠤᠭᠤᠴᠠᠭᠠᠨ ᠳᠤ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠮᠬᠢ ᠵᠢᠷᠤᠮ ᠲᠠᠢ ᠪᠠᠷ ᠡᠪᠡᠳᠴᠢᠨ ᠦᠵᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠤᠳ ᠰᠢᠰᠲ᠋ᠧᠮ ᠰᠠᠯᠭᠠᠬᠤ ᠠᠵᠢᠯ ᠤᠨ ᠲᠥᠯᠥᠪᠯᠡᠭᠡ ᠪᠠ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠨᠠᠷᠢᠨ ᠲᠣᠳᠣᠷᠬᠠᠶ ᠲᠣᠭᠲᠠᠭᠠᠵᠤ᠂ ᠡᠯ᠎ᠡ ᠭᠠᠵᠠᠷ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ᠂ ᠬᠤᠶᠠᠷ ᠢ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠨᠤᠭᠤᠳ ᠠᠯᠪᠠᠨ ᠵᠠᠷ ᠨᠡᠶᠢᠲᠡᠯᠡᠬᠦ᠂ ᠮᠡᠳᠡᠭᠳᠡᠯ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠷᠭᠡᠨ ᠢᠶᠠᠷ ᠤᠬᠠᠭᠤᠯᠭ᠎ᠠ ᠬᠢᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号