ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨ ᠢ ᠬᠥᠯᠥᠨ ᠪᠤᠶᠢᠷ ᠬᠤᠳᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2021/9/15
     9 ᠳ᠋ᠤᠭᠡᠷ ᠰᠠᠷ᠎ᠠ ᠶᠢᠨ 10 ᠤ ᠡᠳᠦᠷ ᠠᠴᠠ 12 ᠤᠨ ᠡᠳᠦᠷ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠶᠢᠨ ᠮᠠᠨ ᠢ ᠪᠦᠯᠬᠦᠮ ᠳᠠᠭᠠᠭᠤᠯᠤᠨ ᠬᠥᠯᠥᠨ ᠪᠤᠶᠢᠷ ᠬᠤᠳᠠᠨ ᠳᠤ ᠬᠦᠷᠴᠦ᠂ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠵᠢᠴᠢ DIP ᠰᠦᠢᠳᠭᠡᠯ ᠲᠤᠰᠢᠶᠠᠬᠤ ᠲᠤᠷᠰᠢᠯᠲᠠ ᠶᠢᠨ ᠥᠭᠡᠷᠡᠴᠢᠯᠡᠯᠲᠡ ᠵᠡᠷᠭᠡ ᠠᠵᠢᠯ ᠢ ᠳᠥᠯᠭᠢᠨ ᠠᠬᠢᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃ ᠬᠥᠯᠥᠨ ᠪᠤᠶᠢᠷ ᠬᠤᠳᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠶᠤᠤ ᠭᠦᠸᠧ ᠵᠦᠩ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠳᠠᠷᠤᠭ᠎ᠠ ᠴᠧᠩ ᠠᠢ ᠮᠢᠨ᠂ ᠭᠦᠸᠧ ᠴᠢᠶᠠᠨ ᠵᠢᠴᠢ ᠬᠠᠮᠢᠶ᠎ᠠ ᠪᠦᠬᠦᠢ ᠬᠥᠮᠦᠰ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠵᠡᠢ᠃
      ᠶᠢᠨ ᠮᠠᠨ ᠢ ᠨᠡᠷ ᠤᠷᠢᠳ ᠬᠤᠵᠢᠳ ᠬᠥᠯᠥᠨ ᠪᠤᠶᠢᠷ ᠬᠤᠳᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ ᠪᠣᠯᠤᠨ ᠬᠥᠯᠥᠨ ᠪᠤᠶᠢᠷ ᠤᠨ ᠭᠦᠸᠧ ᠳ᠋ᠠ ᠡᠮ ᠤᠨ ᠲᠡᠯᠭᠡᠭᠦᠷ ᠤᠨ ᠣᠨᠴᠠᠭᠠᠢ ᠤᠳᠠᠭᠠᠨ ᠴᠢᠨᠠᠷᠲᠠᠢ ᠡᠪᠡᠳᠴᠢᠨ ᠤ ᠦᠢᠯᠡᠴᠢᠯᠡᠭᠡᠨ ᠤ ᠲᠥᠪ᠂ ᠬᠠᠭᠤᠴᠢᠨ ᠪᠠᠷᠭᠤ ᠬᠤᠰᠢᠭᠤᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠪᠣᠯᠤᠨ ᠡᠮ ᠤᠨ ᠳᠡᠯᠭᠡᠭᠦᠷ᠂ ᠶᠠᠭᠰᠢ ᠬᠤᠳᠠ ᠶᠢᠨ ᠥᠪᠥᠷ ᠮᠣᠩᠭᠤᠯ ᠤᠨ ᠤᠢ ᠰᠢᠭᠤᠢ ᠶᠢᠨ ᠶᠡᠷᠦᠩᠬᠡᠢ ᠡᠮᠨᠡᠯᠭᠡ ᠶᠢᠨ ᠬᠤᠷᠢᠶ᠎ᠠ ᠳᠤ ᠪᠠᠶᠢᠴᠠᠭᠠᠨ ᠰᠤᠳᠤᠯᠤᠯᠲᠠ ᠬᠢᠵᠡᠢ᠃ ᠶᠠᠷᠢᠯᠴᠠᠬᠤ ᠬᠤᠷᠠᠯ ᠬᠤᠷᠠᠯᠳᠤᠭᠤᠯᠬᠤ᠂ ᠲᠤᠬᠠᠶ ᠶᠢᠨ ᠭᠠᠵᠠᠷ ᠲᠤᠨᠢ ᠭᠦᠨᠵᠡᠭᠡᠶᠢᠷᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ᠂ ᠡᠮᠴᠢᠯᠡᠭᠡᠨ ᠤ ᠪᠠᠲᠤᠯᠠᠭ᠎ᠠ ᠶᠢᠨ ᠲᠤᠭ᠎ᠠ ᠪᠠᠷᠢᠮᠲᠠ ᠶᠢᠨ ᠰᠢᠰᠲ᠋ᠧᠮ ᠤᠨ ᠨᠡᠭᠦᠯᠲᠡ ᠪᠠ ᠲᠤᠭ᠎ᠠ ᠪᠠᠷᠢᠮᠲᠠ ᠶᠢᠨ ᠵᠠᠰᠠᠯᠲᠠ᠂ ᠡᠭᠦᠳᠡᠨ ᠡᠮᠨᠡᠯᠭᠡ ᠶᠢᠨ ᠣᠨᠴᠠᠭᠠᠶ ᠤᠳᠠᠭᠠᠨ ᠴᠢᠨᠠᠷᠲᠠᠶ ᠡᠪᠡᠳᠴᠢᠨ ᠤ ︽ᠬᠤᠤᠰ ᠨᠡᠪᠲᠡᠷᠡᠬᠦ ᠵᠠᠮ︾ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠴᠢ DIP ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢᠨ ᠠᠵᠢᠯ ᠢ ᠪᠥᠬᠦ ᠲᠠᠯ᠎ᠠ ᠪᠠᠷ ᠤᠶᠢᠯᠠᠭᠠᠪᠠ᠃
      ᠶᠢᠨ ᠮᠠᠨ ᠢ᠂ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠂ ᠨᠢᠭᠡ ᠳᠤ᠂ ᠪᠠᠷᠢᠮᠵᠢᠶ᠎ᠠ ᠶᠢ ᠴᠢᠨᠠᠷ ᠰᠠᠶᠢᠲᠠᠢ ᠲᠤᠤᠱᠯᠠᠭᠤᠯᠬᠤ ᠠᠵᠢᠯ ᠢ ᠠᠬᠢᠭᠤᠯᠤᠨ᠎ᠠ᠃ ᠳ᠋ᠤᠭᠠᠷᠯᠠᠯ ᠤᠨ ᠪᠠᠷᠢᠮᠵᠢᠶ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠬᠠᠮᠢᠶ᠎ᠠ ᠪᠥᠬᠦᠶ ᠬᠥᠮᠦᠰ ᠢ ᠵᠣᠬᠢᠶᠠᠨ ᠪᠠᠶᠢᠭᠤᠯᠤᠨ ᠳ᠋ᠤᠭᠠᠷᠯᠠᠯ ᠤᠨ ᠲᠥᠯᠥᠪᠵᠢᠭᠦᠯᠭᠡ ᠪᠠ ᠠᠷᠭ᠎ᠠ ᠶᠢ ᠭᠦᠨᠵᠡᠭᠡᠶ ᠰᠤᠷᠤᠯᠴᠠᠭᠤᠯᠵᠤ᠂ ᠪᠠᠷᠢᠮᠵᠢᠶ᠎ᠠ ᠶᠢ ᠲᠤᠤᠱᠯᠠᠭᠤᠯᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠂ ᠤᠷᠢᠳᠴᠢᠯᠠᠨ ᠠᠳᠬᠤᠵᠤ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠰᠦᠯᠵᠢᠶᠡᠨ ᠤ ᠵᠠᠯᠭᠠᠭᠠᠰᠤ ᠶᠢᠨ ᠥᠭᠡᠷᠡᠴᠢᠯᠡᠯᠲᠡ ᠶᠢ ᠲᠦᠷᠭᠡᠳᠬᠡᠨ᠎ᠡ᠃ ᠪᠠᠷᠢᠯᠭ᠎ᠠ ᠶᠢᠨ ᠬᠤᠭᠤᠴᠠᠭ᠎ᠠ ᠶᠢ ᠵᠦᠶ ᠵᠣᠬᠢᠰᠲᠠᠶ ᠳᠣᠭᠢᠷᠠᠭᠤᠯᠤᠨ᠂ ᠠᠬᠢᠴᠠ ᠶᠢ ᠵᠠᠪᠳᠤᠨ ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠦᠨ᠂ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢ ᠭᠤᠤᠯᠳᠠᠯᠭ᠎ᠠ ᠲᠠᠢ ᠰᠢᠢᠳᠪᠦᠷᠢᠯᠡᠵᠦ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠵᠠᠯᠭᠠᠭᠠᠰᠤ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠰᠢᠢᠳᠪᠦᠷᠢᠯᠡᠵᠦ᠂ ᠥᠪᠡᠷᠲᠡᠭᠡᠨ ᠵᠠᠰᠠᠬᠤ ᠣᠷᠣᠨ ᠠᠴᠠ ᠵᠣᠬᠢᠶᠠᠨ ᠪᠠᠶᠢᠭᠤᠯᠤᠭᠰᠠᠨ ᠬᠤᠯᠪᠣᠭᠠᠯᠠᠨ ᠳᠣᠭᠢᠷᠠᠭᠤᠯᠬᠤ ᠰᠣᠷᠢᠯᠲᠠ ᠶᠢ ᠤᠷᠤᠭᠰᠢᠲᠠᠶ ᠥᠩᠭᠡᠷᠡᠭᠦᠯᠬᠦ ᠪᠠᠷ ᠴᠢᠷᠮᠠᠶᠢᠨ᠎ᠠ᠃ ᠭᠤᠷᠪᠠ ᠳᠤ᠂ ᠲᠦᠷᠦ ᠶᠢᠨ ᠪᠤᠳᠤᠯᠭ᠎ᠠ ᠶᠢᠨ ᠲᠡᠰ ᠳᠠᠷᠠᠭᠠᠯᠠᠯ ᠢ ᠵᠢᠷᠤᠮᠵᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ᠂ ᠡᠮᠴᠢᠯᠡᠭᠡᠨ ᠤ ᠪᠠᠲᠤᠯᠠᠭ᠎ᠠ ᠶᠢᠨ ᠭᠠᠷᠴᠠᠭ᠂ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠪᠠᠶᠢᠯᠭᠠᠬᠤ ᠶᠢ ᠴᠢᠷᠮᠠᠶᠢᠨ ᠪᠡᠶᠡᠯᠡᠭᠦᠯᠵᠦ᠂ ᠴᠤᠪᠤᠷᠠᠯ ᠢ ᠳᠥᠭᠦᠮᠴᠢᠯᠡᠨ᠂ ᠮᠠᠲ᠋ᠧᠷᠢᠶᠠᠯ ᠢ ᠴᠣᠮᠬᠠᠳᠬᠠᠵᠤ᠂ ᠢᠯᠡᠭᠦᠴᠡ ᠭᠤᠭᠴᠤᠭ᠎ᠠ ᠪᠠ ᠠᠭᠤᠯᠭ᠎ᠠ ᠶᠢ ᠨᠡᠮᠡᠵᠦ ᠪᠣᠯᠬᠤ ᠥᠬᠡᠶ᠃ ᠲᠦᠷᠪᠡ ᠳᠤ᠂ ᠲᠤᠭ᠎ᠠ ᠪᠠᠷᠢᠮᠲᠠ ᠶᠢᠨ ᠵᠠᠰᠠᠯᠲᠠ ᠶᠢ ᠴᠢᠩᠭᠠᠳᠬᠠᠨ᠎ᠠ᠃ ᠦᠨᠡᠨ ᠪᠣᠳᠠᠲᠠᠶ ᠵᠥᠪ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠵᠢᠷᠤᠮᠵᠢᠭᠤᠯᠤᠨ ᠬᠡᠷᠡᠭᠯᠡᠬᠦ ᠶᠢ ᠪᠠᠳᠤᠯᠠᠨ᠎ᠠ᠃ ᠲᠠᠪᠤ ᠳᠤ᠂ ᠰᠢᠰᠲ᠋ᠧᠮ ᠤᠨ ᠨᠡᠭᠦᠯᠲᠡ ᠶᠢᠨ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠨ᠎ᠠ᠃ ᠲᠤᠬᠠᠶᠢᠯᠠᠭᠰᠠᠨ ᠠᠵᠢᠯ ᠤᠨ ᠵᠣᠯᠭᠠᠭᠤᠯᠤᠯᠲᠠ ᠶᠢ ᠰᠠᠭᠠᠳ ᠥᠬᠡᠶ ᠨᠡᠪᠲᠡᠷᠡᠭᠦᠯᠵᠦ᠂ ᠰᠢᠯᠵᠢᠯᠲᠡ ᠶᠢᠨ ᠬᠤᠭᠤᠴᠠᠭᠠᠨ ᠳᠠᠬᠢ ᠲᠤᠬᠠᠶᠢᠯᠠᠭᠰᠠᠨ ᠠᠵᠢᠯ ᠤᠨ ᠭᠦᠢᠴᠡᠳᠭᠡᠯᠳᠡ ᠶᠢ ᠶᠡᠭᠡ ᠨᠥᠯᠥᠭᠡ ᠳᠤ ᠤᠴᠠᠷᠠᠭᠤᠯᠬᠤ ᠥᠬᠡᠶ ᠪᠠᠶᠢᠬᠤ ᠶᠢ ᠪᠠᠳᠤᠯᠠᠬᠤ ᠬᠡᠷᠡᠭᠳᠡᠢ᠃       ᠶᠢᠨ ᠮᠠᠨ ᠢ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠷᠦ ᠶᠢᠨ ᠪᠤᠳᠤᠯᠭ᠎ᠠ ᠶᠢ ᠡᠮᠬᠢᠯᠡᠬᠦ᠂ ᠶᠠᠪᠤᠴᠠ ᠶᠢ ᠨᠢᠭᠡᠳᠬᠡᠬᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠷᠢᠮᠵᠢᠶ᠎ᠠ ᠶᠢ ᠲᠤᠤᠱᠯᠠᠭᠤᠯᠬᠤ ᠡᠭᠦᠷᠭᠡ ᠪᠣᠯᠤᠨ ᠵᠠᠯᠭᠠᠰᠤ ᠶᠢ ᠥᠭᠡᠷᠡᠴᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠨᠠᠮ ᠤᠨ ᠬᠤᠷᠢᠶ᠎ᠠ  ᠂ ᠵᠠᠰᠠᠭ ᠤᠨ ᠣᠷᠳᠣᠨ ᠤ ᠳᠡᠮᠵᠢᠯᠭᠡ ᠶᠢ ᠣᠯᠵᠤ᠂ ᠰᠠᠯᠠᠭ᠎ᠠ ᠮᠥᠴᠢᠷ ᠤᠨ ᠤᠯᠤᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠠᠮᠤᠭ ᠤᠨ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠢᠰᠲ᠋ᠧᠮ ᠢ ᠰᠦᠯᠵᠢᠶᠡᠨ ᠳᠤ ᠣᠷᠣᠭᠤᠯᠬᠤ ᠡᠭᠦᠷᠭᠡ ᠶᠢ ᠪᠡᠶᠡᠯᠡᠭᠦᠯᠦᠨ᠎ᠡ᠃ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠢ ᠬᠦᠭᠵᠢᠬᠦ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶᠢᠯᠠᠭᠰᠠᠨ ᠠᠵᠢᠯ ᠲᠠᠢ ᠭᠦᠨᠵᠡᠭᠡᠢ ᠠᠭᠤᠰᠤᠯᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠠᠮᠠᠯᠠᠯᠲᠠ ᠶᠢ ᠦᠢᠯᠡᠳᠦᠯᠭᠡᠵᠢᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠡ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃  
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号