ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ᠋ᠢᠨ ᠬᠢᠨᠠᠨ ᠬᠠᠮᠢᠶᠠᠷᠤᠯᠲᠠ ᠶᠢᠨ ᠭᠡᠨᠡᠳᠳᠡ ᠶᠢᠨ ᠪᠠᠶᠢᠴᠠᠭᠠᠬᠤ ᠳᠤᠭᠤᠶᠢᠯᠠᠩ ᠠᠯᠠᠱᠠ ᠠᠶᠢᠮᠠᠭ ᠲᠤ ᠬᠦᠷᠴᠦ ᠠᠵᠢᠯ  ᠪᠠᠶᠢᠴᠠᠭᠠᠪᠠ
ᠨᠡᠶᠢᠲᠡᠯᠡᠭᠰᠡᠨ ᠴᠠᠭ᠄
2021/9/16
      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠴᠢᠩᠭᠠᠳᠬᠠᠵᠤ᠂ ᠡᠮᠴᠢᠯᠡᠭᠡ ᠶᠢᠨ ᠪᠠᠳᠤᠯᠠᠭ᠎ᠠ ᠶᠢᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠬᠦ ᠶᠢᠨ ᠲᠥᠯᠥᠭᠡ᠂ 9 ᠳ᠋ᠤᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ‍ᠤ‌ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠳᠠ ᠶᠢᠨ ᠭᠡᠨᠡᠳᠳᠡ ᠶᠢᠨ ᠪᠠᠶᠢᠴᠠᠭᠠᠬᠤ ᠳᠤᠭᠤᠶᠢᠯᠠᠩ ᠠᠯᠠᠱᠠ ᠠᠶᠢᠮᠠᠭ ᠲᠤ ᠬᠦᠷᠴᠦ ᠠᠵᠢᠯ  ᠪᠠᠶᠢᠴᠠᠭᠠᠪᠠ᠃
     ᠲᠣᠰ ᠤᠳᠠᠭᠠᠨ ᠤ ᠭᠡᠨᠡᠳᠳᠡ ᠶᠢᠨ ᠪᠠᠶᠢᠴᠠᠭᠠᠯᠲᠠ ᠶᠢᠨ ᠭᠤᠤᠯᠳᠠᠯᠭ᠎ᠠ ᠲᠠᠢ ᠪᠠᠶᠢᠴᠠᠭᠠᠯᠲᠠ᠄ 1᠂ ᠡᠮᠨᠡᠯᠭᠡ ᠶᠢᠨ ᠬᠤᠷᠢᠶᠠᠨ ᠤ ᠡᠮᠴᠢᠯᠡᠭᠡ ᠶᠢᠨ ᠪᠠᠳᠤᠯᠠᠭ᠎ᠠ ᠶᠢᠨ ᠬᠠᠮᠢᠶᠠᠷᠤᠯᠳᠠ ᠶᠢᠨ ᠠᠰᠠᠭᠤᠳᠠᠯ᠃ 2᠂ ᠬᠠᠤᠯᠢ ᠲᠣᠭᠲᠠᠭᠠᠯ ᠠᠴᠠ ᠵᠥᠷᠢᠴᠡᠭᠰᠡᠨ ᠶᠡᠷᠦᠮᠳᠡᠭ ᠤᠨ ᠠᠰᠠᠭᠤᠳᠠᠯ᠃ ᠵᠢᠱᠢᠶᠡᠯᠡᠪᠡᠯ ᠡᠮᠨᠡᠯᠭᠡ ᠳᠤ ᠰᠠᠭᠤᠬᠤ᠂ ᠬᠡᠲᠦᠷᠡᠲᠡᠯ᠎ᠡ ᠣᠨᠣᠰᠢᠯᠠᠨ ᠡᠮᠨᠡᠬᠦ᠂ ᠬᠡᠲᠦᠷᠡᠲᠡᠯ᠎ᠡ ᠪᠠᠶᠢᠴᠠᠭᠠᠬᠤ᠂ ᠳᠠᠪᠬᠤᠷᠳᠠᠭᠤᠯᠤᠨ ᠰᠦᠢᠳᠭᠡᠯ ᠬᠤᠷᠢᠶᠠᠬᠤ᠂ ᠪᠠᠷᠢᠮᠵᠢᠶ᠎ᠠ ᠠᠴᠠ ᠬᠡᠲᠦᠷᠡᠲᠡᠯ᠎ᠡ ᠰᠦᠢᠳᠭᠡᠯ ᠬᠤᠷᠢᠶᠠᠬᠤ᠂ ᠲᠥᠷᠥᠯ ᠵᠦᠢᠯ ᠤᠨ ᠰᠦᠢᠳᠭᠡᠯ ᠢ ᠰᠠᠯᠭᠠᠬᠤ᠂ ᠡᠮ ᠲᠠᠩ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠣᠨᠣᠰᠢᠯᠠᠨ ᠡᠮᠨᠡᠬᠦ ᠲᠥᠷᠥᠯ ᠵᠦᠢᠯ‌‍ᠯ ᠢ ᠰᠣᠯᠢᠯᠴᠠᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ᠃ 3᠂ ᠬᠦᠨᠳᠦ ᠨᠣᠴᠢᠲᠠᠢ ᠮᠡᠬᠡᠯᠡᠨ ᠬᠢᠬᠠᠵᠤ ᠳᠠᠭᠠᠳᠬᠠᠯ ᠢ ᠮᠡᠬᠡᠯᠡᠨ ᠠᠪᠬᠤ ᠠᠰᠠᠭᠤᠳᠠᠯ᠃ ᠵᠢᠱᠢᠶᠡᠯᠡᠪᠡᠯ ᠪᠤᠰᠤᠳ ᠢ ᠥᠳᠥᠭᠡᠵᠦ᠂ ᠬᠠᠪᠰᠤᠷᠴᠤ ᠪᠠᠶᠢᠭᠠᠳ ᠬᠠᠭᠤᠷᠮᠠᠭᠯᠠᠨ ᠨᠡᠷ᠎ᠡ ᠪᠠᠷ ᠡᠮᠨᠡᠭᠦᠯᠬᠦ ᠪᠤᠶᠤ ᠬᠤᠳᠠᠯ ᠬᠠᠭᠤᠷᠮᠠᠭ ᠢᠶᠠᠷ ᠡᠮᠨᠡᠭᠦᠯᠬᠦ᠂ ᠡᠮ ᠬᠤᠳᠠᠯᠳᠤᠨ ᠠᠪᠬᠤ᠂ ᠠᠨᠠᠭᠠᠬᠤ ᠤᠬᠠᠭᠠᠨ ᠤ ᠪᠢᠴᠢᠭ ᠬᠠᠷ᠎ᠠ᠂ ᠠᠨᠠᠭᠠᠬᠤ ᠤᠬᠠᠭᠠᠨ ᠤ ᠭᠡᠷᠡᠴᠢ ᠶᠢ ᠬᠠᠭᠤᠷᠮᠠᠭᠯᠠᠨ ᠵᠣᠬᠢᠶᠠᠬᠤ᠂ ᠪᠠᠯᠠᠯᠤᠨ ᠥᠭᠡᠷᠡᠲᠦᠭᠦᠯᠬᠦ᠂ ᠡᠮ ᠡᠮᠨᠡᠯᠭᠡ ᠶᠢᠨ ᠦᠢᠯᠡᠴᠢᠯᠡᠭᠡᠨ ᠤ ᠵᠦᠢᠯᠡᠰ ᠢ ᠬᠠᠭᠤᠷᠮᠠᠭᠯᠠᠨ ᠵᠣᠬᠢᠶᠠᠬᠤ ᠵᠡᠷᠭᠡ᠃
     ᠲᠣᠰ ᠤᠳᠠᠭᠠᠨ ᠤ ᠭᠡᠨᠡᠳᠳᠡ ᠶᠢᠨ ᠪᠠᠶᠢᠴᠠᠭᠠᠯᠲᠠ ᠳᠤ ᠲᠣᠬᠢᠶᠠᠯᠳᠤᠯ ᠤᠨ ᠵᠠᠷᠴᠢᠮ ᠢ ᠪᠠᠷᠢᠮᠲᠠᠯᠠᠨ᠂ ᠪᠠᠶᠢᠴᠠᠭᠠᠭᠳᠠᠬᠤ ᠡᠲᠡᠭᠡᠳ ᠤᠨ ᠪᠤᠰᠤᠳᠴᠢ ᠪᠥᠭᠡᠳ ᠲᠥᠪ ᠭᠤᠤᠯᠴᠢ ᠪᠠᠶᠢᠬᠤ ᠶᠢ ᠦᠨᠡᠨ ᠬᠦ ᠪᠠᠳᠤᠯᠠᠪᠠ︔ ᠬᠠᠤᠯᠢ ᠲᠣᠭᠲᠠᠭᠠᠯ ᠢ ᠵᠢᠷᠤᠮᠯᠠᠬᠤ ᠶᠢ ᠪᠠᠷᠢᠮᠲᠠᠯᠠᠵᠤ᠂ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠤᠨ ᠦᠨᠳᠦᠰᠦ ᠪᠠᠷᠢᠮᠲᠠ ᠭᠦᠢᠴᠡᠳ ᠪᠠᠶᠢᠬᠤ ᠶᠢ ᠪᠠᠲᠤᠯᠠᠬᠤ ᠬᠡᠷᠡᠭᠲᠡᠢ︔ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠬᠠᠮᠢᠶᠠᠷᠤᠯᠲᠠ ᠶᠢ ᠴᠢᠩᠭ᠎ᠠ ᠢᠯᠭᠠᠵᠤ᠂ ᠡᠩ ᠤᠨ ᠪᠠᠶᠢᠳᠠᠯ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠪᠠ ᠬᠦᠨᠳᠦ ᠨᠣᠴᠢᠲᠠᠶ ᠮᠡᠬᠡᠯᠡᠨ ᠬᠢᠬᠠᠵᠤ ᠳᠠᠭᠠᠳᠬᠠᠯ ᠢ ᠮᠡᠬᠡᠯᠡᠭᠰᠡᠨ ᠠᠰᠠᠭᠤᠳᠠᠯ ᠢ ᠬᠠᠤᠯᠢ ᠲᠣᠭᠲᠠᠭᠠᠯ ᠶᠣᠰᠣᠭᠠᠷ ᠲᠥᠷᠥᠯ ᠬᠤᠪᠢᠶᠠᠨ ᠰᠢᠢᠳᠪᠦᠷᠢᠯᠡᠪᠡ᠃
 
ᠢᠷᠡᠯᠲᠡ᠄ ᠠᠯᠠᠱᠠ ᠠᠶᠢᠮᠠᠭ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号