ᠮᠤᠵᠢ ᠶᠢᠨ ᠬᠤᠭᠤᠷᠣᠨᠳᠣᠬᠢ ᠬᠤᠯᠪᠣᠭᠠᠨ ᠤ ᠬᠦᠳᠦᠯᠦᠮᠵᠢ ᠰᠢᠷᠬᠡᠭ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤ  ᠰᠤᠩᠭᠤᠭᠳᠠᠭᠰᠠᠨ ᠦᠷ᠎ᠡ ᠳ᠋ᠦᠩ ᠢ ᠬᠡᠷᠡᠭᠵᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/9/16
      ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 186 ᠳ᠋ᠤᠭᠠᠷ ᠲᠣᠭᠠᠲᠤ    ᠡᠯ᠎ᠡ ᠬᠠᠮᠢᠶ᠎ᠠ ᠪᠥᠬᠦᠶ ᠨᠢᠭᠡᠴᠢ᠄      ︽ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠢᠲᠢᠮ ᠰᠤᠳᠠᠯ ‍ᠤᠨ‌‍ᠬᠦ᠋ᠳᠦᠯᠦᠮᠵᠢ ᠰᠢᠷᠬᠡᠭ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠪᠠ ᠬᠡᠷᠡᠭᠵᠢᠭᠦᠯᠬᠦ ᠠᠵᠢᠯ ᠢ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ︵ᠥᠪᠥᠷ ᠡᠮᠴᠢᠯᠡᠭᠡ ᠪᠠᠳᠤᠯᠠᠭ᠎ᠠ ᠲᠠᠷᠬᠠᠭᠠᠭᠰᠠᠨ  ﹇2021﹈ 19 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠣᠩᠭᠤᠭᠳᠠᠭᠰᠠᠨ ᠦᠷ᠎ᠡ ᠳ᠋ᠦᠩ ᠢ ᠮᠠᠨ ᠤ ᠣᠷᠣᠨ ᠳᠤ ᠤᠷᠤᠭᠰᠢᠲᠠᠶ ᠬᠡᠷᠡᠭᠵᠢᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠡᠳᠦᠭᠡ ᠬᠠᠮᠢᠶ᠎ᠠ ᠪᠥᠬᠦᠶ ᠱᠠᠭᠠᠷᠳᠠᠯᠭ᠎ᠠ ᠶᠢ ᠳᠣᠤᠷᠠᠬᠢ ᠮᠡᠲᠦ ᠮᠡᠳᠡᠭᠳᠡᠶ᠎ᠡ᠄          ᠨᠢᠭᠡ᠂ ᠬᠤᠳᠠᠯᠳᠤᠨ ᠠᠪᠬᠤ ᠭᠤᠤᠯ ᠴᠣᠭᠴᠠ ᠵᠢᠴᠢ ᠠᠷᠭ᠎ᠠ ᠮᠠᠶ᠋ᠢᠭ          ᠪᠥᠬᠦ ᠣᠷᠣᠨ ᠤ ᠲᠢᠲᠢᠮ ᠰᠤᠳᠠᠯ ᠢᠶᠠᠷ ᠬᠦᠳᠦᠯᠦᠮᠵᠢ ᠰᠢᠷᠬᠡᠭ ᠢ ᠬᠡᠮᠵᠢᠶ᠎ᠡ ᠪᠠᠷ ᠬᠤᠳᠠᠯᠳᠤᠨ ᠠᠪᠠᠨ᠋ᠥ  ᠳᠤ ᠤᠷᠤᠯᠴᠠᠬᠤ ᠶᠢᠨ ᠬᠠᠮᠲᠤ ᠬᠤᠳᠠᠯᠳᠤᠨ ᠠᠪᠠᠨ᠋ᠥ ᠶᠢᠨ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠢ ᠮᠡᠳᠡᠭᠦᠯᠦᠨ ᠬᠦᠷᠭᠡᠭᠰᠡᠨ ᠡᠮᠴᠢᠯᠡᠭᠡᠨ ᠤ ᠪᠠᠶᠢᠭᠤᠯᠤᠮᠵᠢ᠃ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠲᠠᠢ ᠪᠣᠯᠪᠠᠴᠤ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠪᠠᠨ ᠮᠡᠳᠡᠭᠦᠯᠦᠭᠰᠡᠨ ᠥᠬᠡᠶ ᠡᠮᠴᠢᠯᠡᠭᠡᠨ ᠤ ᠪᠠᠶᠢᠭᠤᠯᠤᠮᠵᠢ ᠨᠢ ᠬᠠᠷᠢᠶ᠎ᠠ ᠭᠠᠵᠠᠷ ᠤᠨ ᠡᠮᠴᠢᠯᠡᠭᠡᠨ ᠤ ᠪᠠᠳᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠵᠥᠪᠰᠢᠶᠡᠷᠡᠭᠦᠯᠦᠭᠰᠡᠨ ᠤ ᠳᠠᠷᠠᠭ᠎ᠠ ᠬᠤᠳᠠᠯᠳᠤᠨ ᠠᠪᠬᠤ ᠡᠷᠬᠡ ᠮᠡᠳᠡᠯ ᠤᠨ ᠬᠡᠪᠴᠢᠶ᠎ᠡ ᠶᠢ ᠨᠡᠭᠡᠭᠡᠵᠦ ᠪᠤᠯᠤᠨ᠎ᠠ᠃          ᠬᠤᠶᠠᠷ᠂ ᠭᠤᠣᠯ ᠡᠭᠦᠷᠭᠡ      ︵ᠨᠢᠭᠡ︶ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠣᠩᠭᠤᠨ ᠲᠤᠭᠳᠠᠭᠠᠬᠤ᠃ ᠦᠢᠯᠡᠳᠪᠦᠷᠢᠯᠡᠯ ᠤᠨ ᠠᠵᠤ ᠠᠬᠤᠶᠢᠯᠠᠯ ᠤᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠡᠵᠡᠨ ᠮᠡᠳᠡᠵᠦ ᠰᠣᠩᠭᠤᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠶ ᠪᠥᠬᠦᠶ ᠰᠣᠩᠭᠤᠨ ᠲᠣᠭᠲᠠᠭᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠳᠣᠭᠢᠷᠠᠭᠤᠯᠤᠨ ᠬᠦᠷᠭᠡᠬᠦ ᠣᠷᠣᠨ ᠪᠦᠰᠡ ᠶᠢᠨ ᠪᠠᠶᠢᠭ᠎ᠠ ᠡᠮᠴᠢᠯᠡᠭᠡᠨ ᠤ  ᠪᠠᠳᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠦᠷᠴᠦ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃      ︵ᠬᠤᠶᠠᠷ︶ ᠳᠣᠭᠢᠷᠠᠭᠤᠯᠤᠨ ᠬᠦᠷᠭᠡᠬᠦ ᠬᠠᠷᠢᠴᠠᠭ᠎ᠠ ᠪᠠᠶᠢᠭᠤᠯᠬᠤ᠃ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠨᠢ ᠰᠤᠩᠭᠤᠭᠳᠠᠭᠰᠠᠨ ᠦᠢᠯᠡᠳᠪᠦᠷᠢᠯᠡᠯ ᠶᠢᠨ ᠠᠵᠤ ᠠᠬᠤᠶᠢᠯᠠᠯ ᠤᠨ ᠦᠢᠯᠡᠳᠭᠦᠨ ᠬᠢᠭᠡᠳ ᠲᠡᠭᠦᠨ ᠤ ᠨᠠᠶᠢᠳᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠢᠰᠲ᠋ᠧᠮ ᠳᠤ ᠣᠷᠣᠭᠤᠯᠵᠤ᠂ ᠡᠮᠴᠢᠯᠡᠭᠡᠨ ᠤ ᠪᠠᠶᠢᠭᠤᠯᠤᠮᠵᠢ ᠨᠢ ᠦᠢᠯᠡᠳᠭᠦᠨ ᠢ ᠬᠤᠳᠠᠯᠳᠤᠨ ᠠᠪᠬᠤ ᠭᠠᠷᠴᠠᠭ ᠲᠤ ᠣᠷᠣᠭᠤᠯᠬᠤ ᠶᠢᠨ ᠬᠠᠮᠲᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠰᠣᠩᠭᠤᠨ ᠲᠣᠭᠲᠠᠭᠠᠨ᠎ᠠ᠃      ︵ᠬᠤᠶᠠᠷ︶ ᠬᠤᠳᠠᠯᠳᠤᠨ ᠠᠪᠬᠤ ᠪᠠ ᠪᠣᠷᠣᠯᠠᠭᠤᠯᠬᠤ ᠬᠡᠯᠡᠯᠴᠡᠭᠡᠷ ᠲᠣᠭᠲᠠᠭᠠᠬᠤ᠃  ᠬᠠᠩᠭᠠᠯᠭ᠎ᠠ ᠬᠡᠷᠡᠭᠴᠡᠭᠡ ᠶᠢᠨ ᠬᠤᠶᠠᠷ ᠲᠠᠯ᠎ᠠ ᠪᠤᠯᠤᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠳᠣᠭᠢᠷᠠᠭᠤᠯᠤᠨ ᠬᠦᠷᠭᠡᠬᠦ ᠬᠠᠷᠢᠴᠠᠭ᠎ᠠ ᠶᠢ ᠨᠤᠲᠠᠯᠠᠬᠤ ᠵᠢᠴᠢ ᠬᠤᠳᠠᠯᠳᠤᠨ ᠠᠪᠬᠤ ᠬᠡᠮᠵᠢᠶ᠎ᠡ ᠶᠢ ᠪᠣᠯᠵᠣᠨ ᠲᠣᠭᠲᠠᠭᠰᠠᠨ ᠰᠠᠭᠤᠷᠢᠨ ᠳᠡᠭᠡᠷ᠎ᠡ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠯᠡᠯᠴᠡᠭᠡᠷ ᠲᠤᠭᠳᠠᠭᠠᠬᠤ ᠶᠢᠨ ᠬᠠᠮᠲᠤ᠂ ᠬᠠᠮᠢᠶ᠎ᠠ ᠪᠦᠬᠦᠢ ᠨᠢᠭᠡᠳᠦᠯᠲᠡᠶ ᠲᠥᠯᠥᠪᠯᠡᠬᠦ ᠲᠣᠭᠤᠷᠢᠭ ᠤᠨ ᠡᠮᠴᠢᠯᠡᠭᠡᠨ ᠤ ᠪᠠᠳᠤᠯᠠᠭ᠎ᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃          ᠭᠤᠷᠪᠠ᠂ ᠬᠤᠳᠠᠯᠳᠤᠨ ᠠᠪᠬᠤ ᠱᠠᠭᠠᠷᠳᠠᠯᠭ᠎ᠠ      ︵ᠨᠢᠭᠡ︶ ᠬᠤᠳᠠᠯᠳᠤᠨ ᠠᠪᠬᠤ ᠪᠠ ᠬᠥᠮᠥᠷᠭᠡ ᠳᠤ ᠣᠷᠣᠭᠤᠯᠬᠤ᠃ ᠡᠮᠴᠢᠯᠡᠭᠡᠨ ᠤ ᠪᠠᠶᠢᠭᠤᠯᠤᠮᠵᠢ ᠨᠢ ᠪᠣᠳᠠᠲᠠᠶ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠢᠰᠲ᠋ᠧᠮ ᠢᠶᠠᠷ ᠳᠡᠮᠵᠢᠨ  ᠰᠤᠩᠭᠤᠭᠳᠠᠭᠰᠠᠨ ᠦᠢᠯᠡᠳᠭᠦᠨ ᠢ ᠬᠤᠳᠠᠯᠳᠤᠨ ᠠᠪᠬᠤ ᠶᠢᠨ ᠬᠠᠮᠲᠤ ᠪᠠᠷᠢᠮᠲᠠ ᠶᠢ ᠬᠢᠨᠠᠨ ᠰᠢᠯᠭᠠᠵᠤ᠂ ᠪᠢᠯᠧᠲ ᠪᠠ ᠪᠠᠷᠠᠭ᠎ᠠ ᠨᠢ ᠬᠠᠷᠢᠯᠴᠠᠨ ᠳᠣᠭᠢᠷᠬᠠᠰᠠᠨ ᠢ ᠨᠢ ᠴᠠᠭ ᠲᠤᠬᠠᠶ ᠳᠤᠨᠢ ᠰᠢᠯᠭᠠᠨ ᠠᠪᠴᠦ ᠬᠥᠮᠥᠷᠭᠡ ᠳᠤ ᠣᠷᠣᠭᠤᠯᠤᠨ᠎ᠠ᠃      ︵ᠬᠤᠶᠠᠷ︶ ᠦᠢᠯᠡᠳᠬᠦᠨ ᠲᠣᠬᠢᠷᠠᠭᠤᠯᠤᠨ ᠬᠦᠷᠭᠡᠬᠦ᠃ ᠦᠢᠯᠡᠳᠪᠦᠷᠢᠯᠡᠯ ᠤᠨ ᠠᠵᠤ ᠠᠬᠤᠶᠢᠯᠠᠯ ᠪᠣᠯ ᠦᠢᠯᠡᠳᠭᠦᠨ ᠤ ᠬᠠᠩᠭᠠᠯᠭ᠎ᠠ ᠶᠢᠨ ᠳᠣᠭᠢᠷᠠᠭᠤᠯᠤᠨ ᠬᠦᠷᠭᠡᠬᠦ ᠨᠢᠭᠡᠳᠦᠭᠡᠷ ᠬᠠᠷᠢᠭᠤᠴᠠᠯᠭᠠᠲᠠᠨ ᠪᠣᠯᠬᠤᠷ᠂ ᠰᠤᠩᠭᠤᠭᠳᠠᠭᠰᠠᠨ ᠦᠢᠯᠡᠳᠭᠦᠨ ᠢ ᠴᠠᠭ ᠲᠤᠬᠠᠶ ᠳᠤᠨᠢ ᠭᠦᠢᠴᠡᠳ ᠬᠡᠮᠵᠢᠶ᠎ᠡ ᠪᠠᠷ ᠬᠠᠩᠭᠠᠬᠤ ᠶᠢ ᠪᠠᠲᠤᠯᠠᠬᠤ ᠬᠡᠷᠡᠭᠲᠡᠶ ᠃ ᠦᠢᠯᠡᠳᠪᠦᠷᠢᠯᠡᠯ ᠪᠤᠶᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠬᠤᠳᠠᠯᠳᠤᠨ ᠠᠪᠬᠤ ᠵᠠᠬᠢᠶᠠᠯᠠᠭ᠎ᠠ ᠶᠢᠨ ᠬᠠᠭᠤᠳᠠᠰᠤ ᠶᠢ ᠭᠥᠯᠢᠶᠡᠨ ᠠᠪᠤᠭᠰᠠᠨ ᠠᠴᠠ ᠡᠬᠢᠯᠡᠨ 72 ᠴᠠᠭ ᠤᠨ ᠳᠣᠲᠣᠷ᠎ᠠ ᠳᠣᠭᠢᠷᠠᠭᠤᠯᠤᠨ ᠬᠦᠷᠭᠡᠬᠦ ᠶᠢ ᠪᠡᠶᠡᠯᠡᠭᠦᠯᠦᠨ᠎ᠡ︔ ᠡᠮᠴᠢᠯᠡᠭᠡᠨ ᠤ ᠪᠠᠶᠢᠭᠤᠯᠤᠮᠵᠢ ᠠᠴᠠ ᠪᠠᠴᠢᠮ ᠵᠠᠬᠢᠶᠠᠯᠠᠭ᠎ᠠ ᠶᠢᠨ ᠬᠠᠭᠤᠳᠠᠰᠤ ᠶᠢ ᠶᠠᠪᠤᠭᠤᠯᠤᠭᠰᠠᠨ ᠤ ᠳᠠᠷᠠᠭᠠᠬᠢ 4 ᠴᠠᠭ ᠤᠨ ᠳᠣᠲᠣᠷ᠎ᠠ ᠬᠠᠷᠢᠭᠤ ᠥᠭᠬᠦ ᠶᠢᠨ ᠬᠠᠮᠲᠤ ᠳᠣᠭᠢᠷᠠᠭᠤᠯᠤᠨ ᠬᠦᠷᠭᠡᠬᠦ ᠶᠢ ᠪᠡᠶᠡᠯᠡᠭᠦᠯᠦᠨ᠎ᠡ︔ ᠣᠨᠴᠠ ᠪᠠᠴᠢᠮ ᠵᠠᠬᠢᠶᠠᠯᠠᠭ᠎ᠠ ᠶᠢᠨ ᠬᠠᠭᠤᠳᠠᠰᠤ ᠶᠢ ᠵᠠᠬᠢᠶᠠᠯᠠᠭ᠎ᠠ ᠶᠢᠨ ᠬᠠᠭᠤᠳᠠᠰᠤ ᠶᠢ ᠶᠠᠪᠤᠭᠤᠯᠤᠭᠰᠠᠨ ᠤ ᠳᠠᠷᠠᠭᠠᠬᠢ 2 ᠴᠠᠭ ᠤᠨ ᠳᠣᠲᠣᠷ᠎ᠠ ᠬᠠᠷᠢᠭᠤ ᠥᠭᠬᠦ ᠶᠢᠨ ᠬᠠᠮᠲᠤ ᠲᠣᠬᠢᠷᠠᠭᠤᠯᠤᠨ ᠬᠦᠷᠭᠡᠬᠦ ᠶᠢ ᠪᠡᠶᠡᠯᠡᠭᠦᠯᠬᠦ ᠬᠡᠷᠡᠭᠲᠡᠶ᠃      ︵ᠭᠤᠷᠪᠠ︶ ᠪᠠᠷᠠᠭᠠᠨ ᠤ ᠵᠣᠭᠤᠰ ᠢ ᠳ᠋ᠦᠩᠨᠡᠨ ᠪᠤᠳᠤᠬᠤ᠃ ᠡᠮᠴᠢᠯᠡᠭᠡᠨ ᠤ ᠪᠠᠶᠢᠭᠤᠯᠤᠮᠵᠢ ᠨᠤᠭᠤᠳ ᠪᠠᠷᠠᠭᠠᠨ ᠤ ᠵᠣᠭᠤᠰ ᠢ ᠳ᠋ᠦᠩᠨᠡᠨ ᠪᠤᠳᠤᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠯᠤᠭ᠎ᠠ ᠪᠠᠷᠠᠭᠠᠨ ᠤ ᠵᠣᠭᠤᠰ ᠢ ᠴᠠᠭ ᠲᠤᠬᠠᠶ ᠲᠤᠨᠢ ᠳ᠋ᠦᠩᠨᠡᠨ ᠪᠤᠳᠤᠬᠤ ᠬᠡᠷᠡᠭᠲᠡᠶ᠂ ᠳ᠋ᠦᠩᠨᠡᠨ ᠪᠤᠳᠤᠬᠤ ᠴᠠᠭ ᠬᠤᠭᠤᠴᠠᠭ᠎ᠠ ᠶᠢ ᠪᠠᠷᠠᠭ᠎ᠠ ᠪᠠᠨ ᠲᠤᠰᠢᠶᠠᠵᠤ ᠰᠢᠯᠭᠠᠨ ᠠᠪᠴᠦ ᠬᠢᠷᠢ ᠲᠡᠩᠴᠡᠭᠰᠡᠨ ᠤ ᠲᠠᠷᠠᠭ᠎ᠠ ᠰᠠᠷ᠎ᠠ ᠶᠢᠨ ᠰᠡᠭᠦᠯᠴᠢ ᠠᠴᠠ ᠬᠡᠲᠦᠷᠡᠭᠦᠯᠵᠦ ᠪᠣᠯᠬᠤ ᠥᠭᠡᠢ᠃          ᠲᠦᠷᠪᠡ᠂ ᠭᠦᠢᠴᠡᠳᠬᠡᠬᠦ ᠴᠠᠭ ᠬᠤᠭᠤᠴᠠᠭ᠎ᠠ ᠪᠠ ᠬᠤᠳᠠᠯᠳᠤᠨ ᠠᠪᠬᠤ ᠦᠶᠡᠯᠡᠯ      ᠲᠣᠰ ᠤᠳᠠᠭᠠᠨ ᠤ ᠲᠢᠲᠢᠮ ᠰᠤᠳᠠᠯ ᠤᠨ ᠬᠥᠲᠥᠯᠦᠮᠵᠢ ᠰᠢᠷᠬᠡᠭ ᠤᠨ ᠲᠥᠪᠯᠡᠷᠡᠩᠭᠦᠶ ᠬᠡᠮᠵᠢᠶ᠎ᠡ ᠪᠠᠷ ᠬᠤᠳᠠᠯᠳᠤᠨ ᠠᠪᠬᠤ ᠳᠤ  ᠰᠤᠩᠭᠤᠭᠳᠠᠭᠰᠠᠨ ᠦᠷ᠎ᠡ ᠳ᠋ᠦᠩ ᠢ 2021 ᠣᠨ ᠤ 10 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠤᠳᠠᠯᠳᠤᠨ ᠠᠪᠬᠤ ᠦᠶᠡᠯᠡᠯ ᠤᠨ ᠬᠤᠭᠤᠴᠠᠭ᠎ᠠ ᠨᠢ 2 ᠵᠢᠯ ᠪᠣᠯᠤᠨ᠎ᠠ᠃      ᠲᠠᠪᠤ᠂ ᠪᠤᠰᠤᠳ ᠵᠦᠢᠯ ᠤᠳ      ᠪᠤᠰᠤᠳ ᠵᠦᠢᠯ ᠤᠳ ᠢ ︽ᠮᠤᠵᠢ ᠶᠢᠨ ᠬᠤᠭᠤᠷᠣᠨᠳᠣᠬᠢ ᠬᠤᠯᠪᠣᠭ᠎ᠠ ᠶᠢᠨ ᠲᠢᠲᠢᠮ ᠰᠤᠳᠠᠯ ᠤᠨ ᠬᠦᠳᠦᠯᠦᠮᠵᠢ ᠰᠢᠷᠬᠡᠭ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠪᠠ ᠬᠡᠷᠡᠭᠵᠢᠭᠦᠯᠬᠦ ᠠᠵᠢᠯ ᠢ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠲᠥᠰᠦᠯ︾ ᠵᠢᠴᠢ ᠬᠠᠮᠢᠶ᠎ᠠ ᠪᠥᠬᠦᠶ ᠵᠥᠪᠯᠡᠯᠴᠡᠭᠡᠷ ᠤᠨ ᠪᠣᠯᠵᠤᠭ᠎ᠠ ᠶᠣᠰᠣᠭᠠᠷ ᠬᠡᠷᠡᠭᠵᠢᠭᠦᠯᠦᠨ᠎ᠡ᠃          ᠳᠠᠭᠠᠯᠳᠤᠭᠤᠯᠤᠯ᠄ ᠮᠤᠵᠢ ᠶᠢᠨ ᠬᠤᠭᠤᠷᠣᠨᠳᠣᠬᠢ ᠬᠤᠯᠪᠣᠭᠠᠨ ᠤ ᠲᠢᠲᠢᠮ ᠰᠤᠳᠠᠯ ᠤᠨ ᠬᠥᠲᠥᠯᠦᠮᠵᠢ ᠰᠢᠷᠬᠡᠭ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠳᠤ  ᠰᠤᠩᠭᠤᠭᠳᠠᠭᠰᠠᠨ ᠵᠦᠢᠯ ᠢ ᠬᠤᠳᠠᠯᠳᠤᠨ ᠠᠪᠬᠤ ᠪᠠ ᠪᠣᠷᠣᠯᠠᠭᠤᠯᠬᠤ ᠵᠥᠪᠯᠡᠯᠴᠡᠭᠡᠷ ︵ ᠵᠠᠭᠪᠤᠷ︶          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 9  ᠳ᠋ᠤᠭᠡᠷ ᠰᠠᠷ᠎ᠠ ᠶᠢᠨ 14   ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号