ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 17 ᠤ ᠴᠠᠬᠢᠯᠭᠠᠨ ᠮᠡᠳᠡᠭᠡ 9 ᠰᠠᠷ᠎ᠠ ᠶᠢᠨ 14 ᠤ ᠡᠳᠦᠷ᠂ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠧᠨᠣ᠋᠂ ᠮᠠᠬᠠ᠊ ᠵᠢᠳᠧ᠂ | ᠠᠶᠢᠯᠢ᠂ ᠠᠶᠢᠫᠰᠲ᠋ᠠᠨ ᠵᠡᠷᠭᠡ ᠤᠯᠠᠨ ᠤᠯᠤᠰ ᠤᠨ ᠨᠥᠬᠦᠷᠰᠡᠭ ᠬᠥᠮᠦᠰ ᠤᠨ ᠲᠦᠷᠦᠯ ᠰᠠᠳᠤᠨ ᠳᠤ ᠬᠠᠷᠢᠭᠤ ᠵᠠᠬᠢᠳᠠᠯ | ᠢᠯᠡᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ ᠤᠯᠤᠰ ᠤᠨ ᠠᠷᠠᠳ ᠲᠦᠮᠡᠨ ᠲᠠᠢ ᠬᠠᠳᠠᠭᠤ | ᠪᠡᠷᠬᠡᠰᠢᠶᠡᠯ ᠢ ᠬᠠᠮᠳᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠮᠥᠷᠥ ᠵᠡᠷᠭᠡᠴᠡᠨ ᠲᠡᠮᠡᠴᠡᠵᠦ᠂ | ᠳᠤᠮᠳᠠᠳᠤ ᠤᠯᠤᠰ ᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠲᠤ ᠡᠷᠬᠢᠮ ᠨᠠᠨᠳᠢᠨ | ᠬᠤᠪᠢ ᠨᠡᠮᠡᠷᠢ ᠦᠵᠡᠭᠦᠯᠦᠭᠰᠡᠨ ᠤᠯᠠᠨ ᠤᠯᠤᠰ ᠤᠨ ᠨᠥᠬᠦᠷᠰᠡᠭ ᠬᠥᠮᠦᠰ ᠢ ᠭᠦᠨ ᠳᠤᠷᠠᠰᠤᠨ ᠰᠠᠨᠠᠭᠠᠯᠵᠠᠵᠤ ᠪᠠᠶᠢᠬᠤ ᠪᠠᠨ | ᠢᠯᠡᠳᠬᠡᠪᠡ᠃ | ᠰᠢ ᠶᠢᠨ ᠫᠢᠩ ᠵᠠᠬᠢᠳᠠᠯ ᠳᠠᠭᠠᠨ᠂ 20 ᠳ᠋ᠤᠭᠠᠷ ᠵᠠᠭᠤᠨ ᠤ ᠳᠡᠭᠡᠷ᠎ᠡ ᠬᠠᠭᠠᠰ ᠵᠠᠭᠤᠨ ᠳᠤ᠂ ᠰᠧᠨᠣ᠋᠂ ᠮᠠᠬᠠ᠊ ᠵᠢᠳᠧ᠂ | ᠪᠧᠲ᠋ᠢᠶᠦ᠋ᠨ᠂ ᠺᠧᠳᠢᠬᠤᠸᠠ᠂ ᠠᠶᠢᠯᠢ᠂ ᠠᠶᠢᠫᠰᠲ᠋ᠠᠨ ᠵᠡᠷᠭᠡ ᠨᠢᠭᠡ ᠪᠦᠯᠦᠭ ᠤᠯᠠᠨ ᠤᠯᠤᠰ ᠤᠨ ᠨᠥᠬᠦᠷᠰᠡᠭ ᠬᠥᠮᠦᠰ | ᠠᠯᠤᠰ ᠬᠤᠯᠠ ᠠᠴᠠ ᠳᠤᠮᠳᠠᠳᠤ ᠤᠯᠤᠰ ᠲᠤ ᠢᠷᠡᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ ᠳᠤᠮᠳᠠᠳᠤ | ᠤᠯᠤᠰ ᠤᠨ ᠠᠷᠠᠳ ᠲᠦᠮᠡᠨ ᠲᠠᠢ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ | ᠬᠠᠮᠲᠤᠳᠬᠠᠵᠤ᠂ ᠮᠥᠷᠥ ᠵᠡᠷᠭᠡᠴᠡᠨ ᠪᠠᠶᠢᠯᠳᠤᠪᠠ᠃ ᠪᠢᠳᠡ ᠲᠡᠳᠡᠨ ᠤ ᠳᠤᠮᠳᠠᠳᠤ ᠤᠯᠤᠰ ᠤᠨ ᠬᠤᠪᠢᠰᠬᠠᠯ᠂ ᠪᠦᠲᠦᠭᠡᠨ | ᠪᠠᠶᠢᠭᠤᠯᠤᠯᠲᠠ᠂ ᠥᠭᠡᠷᠡᠴᠢᠯᠡᠯᠲᠡ ᠶᠢᠨ ᠦᠢᠯᠡᠰ ᠲᠤ ᠦᠵᠡᠭᠦᠯᠦᠭᠰᠡᠨ ᠡᠷᠬᠢᠮ ᠨᠠᠨᠳᠢᠨ ᠬᠤᠪᠢ ᠨᠡᠮᠡᠷᠢ ᠪᠣᠯᠤᠨ ᠳᠤᠮᠳᠠᠳᠤ | ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠠᠷᠠᠳ ᠲᠦᠮᠡᠨ ᠲᠠᠢ ᠪᠠᠷᠢᠯᠳᠤᠬᠰᠠᠨ ᠴᠢᠩ ᠦᠨᠡᠨᠴᠢ ᠨᠥᠬᠦᠷᠯᠡᠯ ᠢ | ᠢᠮᠠᠭᠲᠠ ᠪᠠᠲᠤ ᠴᠡᠭᠡᠵᠢᠯᠡᠭᠰᠡᠭᠡᠷ ᠪᠠᠶᠢᠨ᠎ᠠ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠲᠤᠷᠰᠢ᠂ ᠴᠠᠭ | ᠦᠶ᠎ᠡ ᠶᠢᠨ ᠤᠷᠢᠶᠠᠯᠠᠭ᠎ᠠ ᠶᠢ ᠬᠥᠰᠡᠷᠳᠡᠭᠦᠯᠬᠦ ᠦᠭᠡᠢ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ᠂ | ᠤᠯᠠᠨ ᠤᠯᠤᠰ ᠤᠨ ᠨᠥᠬᠦᠷᠰᠡᠭ ᠬᠥᠮᠦᠰ ᠤᠨ ᠢᠲᠡᠭᠡᠯ ᠢ ᠬᠥᠰᠡᠷᠳᠡᠭᠦᠯᠬᠦ ᠦᠭᠡᠢ ᠪᠠᠶᠢᠵᠤ᠂ ᠳᠤᠮᠳᠠᠳᠤ ᠤᠯᠤᠰ ᠤᠨ ᠠᠷᠠᠳ | ᠲᠦᠮᠡᠨ ᠢ ᠪᠦᠯᠬᠦᠮᠳᠡᠭᠦᠯᠦᠨ ᠳᠠᠭᠠᠭᠤᠯᠵᠤ ᠤᠷᠳᠤ ᠬᠤᠭᠤᠴᠠᠭ᠎ᠠ ᠪᠠᠷ ᠲᠡᠮᠡᠴᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠤᠯᠤᠰ ᠤᠨ ᠠᠷᠠᠳ ᠲᠦᠮᠡᠨ ᠢ | ᠤᠳᠤᠷᠢᠳᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠶᠠᠭ ᠤᠷᠤᠭᠰᠢᠯᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠤᠨ | ᠬᠥᠭᠵᠢᠯᠲᠡ ᠶᠢᠨ ᠡᠷᠬᠢᠮ ᠳᠡᠭᠡᠳᠦ ᠦᠢᠯᠡᠰ ᠢ ᠲᠠᠰᠤᠷᠠᠯᠳᠠ ᠦᠭᠡᠢ ᠠᠬᠢᠭᠤᠯᠵᠤ ᠪᠠᠶᠢᠨ᠎ᠠ᠃ ᠲᠠᠨ ᠤ ᠲᠤᠳᠤᠨᠤ ᠬᠦᠮᠤᠰ ᠤᠨ | ᠲᠤᠬᠠᠶ ᠶᠢᠨ ᠵᠢᠯ ᠤᠨ ᠰᠣᠩᠭᠤᠯᠲᠠ ᠪᠦᠷᠢᠮᠦᠰᠦᠨ ᠵᠥᠪ ᠶᠤᠮ ᠬᠡᠵᠤ ᠴᠢᠬᠤᠯᠠᠴᠢᠯᠠᠪᠠ᠃ | ᠰᠢ ᠶᠢᠨ ᠫᠢᠩ᠂ ᠲᠡᠦᠬᠡ ᠲᠠᠰᠤᠷᠠᠯᠳᠠ ᠦᠭᠡᠢ ᠤᠷᠤᠬᠰᠢᠯᠠᠵᠤ᠂ ᠵᠣᠷᠢᠭ ᠰᠠᠨᠠᠭ᠎ᠠ ᠦᠶ᠎ᠡ ᠶᠢᠨ ᠦᠶ᠎ᠡ ᠳᠤ | ᠤᠯᠠᠮᠵᠢᠯᠠᠭᠳᠠᠨ᠎ᠠ᠃ ᠲᠠ ᠨᠠᠷ ᠲᠤᠳᠤᠨᠤ ᠬᠦᠮᠤᠰ ᠢᠶᠠᠷ ᠢᠶᠠᠨ ᠬᠡᠪ ᠳᠠᠭᠤᠷᠢᠶᠠᠯ ᠪᠣᠯᠭᠠᠵᠤ᠂ ᠳᠤᠮᠳᠠᠳᠤ ᠤᠯᠤᠰ ᠤᠨ ᠠᠷᠠᠳ | ᠲᠦᠮᠡᠨ ᠪᠣᠯᠤᠨ ᠳᠡᠯᠡᠬᠡᠢ ᠶᠢᠨ ᠠᠷᠠᠳ ᠲᠦᠮᠡᠨ ᠤ ᠨᠥᠬᠦᠷᠯᠡᠯ ᠬᠢᠬᠡᠳ ᠬᠠᠮᠲᠤᠷᠠᠯᠴᠠᠭ᠎ᠠ ᠶᠢ ᠨᠡᠮᠡᠭᠳᠡᠭᠦᠯᠬᠦ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠬᠤᠪᠢ ᠨᠡᠮᠡᠷᠢ | ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ︕ | ᠤᠶᠢᠷ᠎ᠠ ᠶᠢᠨ ᠡᠳᠦᠷ᠂ ᠰᠧᠨᠣ᠋᠂ ᠮᠠᠬᠠ᠊ ᠵᠢᠳᠧ᠂ ᠠᠶᠢᠯᠢ᠂ ᠠᠶᠢᠫᠰᠲ᠋ᠠᠨ᠂ ᠮᠢᠯᠧ᠂ ᠺᠧᠯᠦᠺᠧ᠂ ᠵᠧᠩ ᠯᠢᠦᠢ ᠴᠧᠩ᠂ | ᠯᠢᠱᠠ᠂ ᠹᠦ᠋ ᠯᠠᠢ᠂ ᠸᠧᠢ ᠯᠤ᠋ ᠱᠢ᠂ ᠶᠧ ᠬᠤᠸᠠ᠂ ᠴᠧᠨ ᠪᠢ ᠳ᠋ᠢ ᠵᠡᠷᠭᠡ ᠤᠯᠠᠨ ᠤᠯᠤᠰ ᠤᠨ ᠨᠥᠬᠦᠷᠰᠡᠭ ᠬᠥᠮᠦᠰ ᠤᠨ | 16 ᠲᠦᠷᠦᠯ ᠰᠠᠳᠤᠨ ᠨᠡᠷ᠎ᠡ ᠬᠤᠯᠪᠣᠨ ᠲᠡᠷᠢᠭᠦᠯᠡᠭᠴᠢ ᠰᠢ ᠶᠢᠨ ᠫᠢᠩ ᠳᠤ ᠵᠠᠬᠢᠳᠠᠯ ᠢᠯᠡᠭᠡᠵᠦ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠪᠠᠶᠢᠭᠤᠯᠤᠬᠳᠠᠬᠰᠠᠨ ᠵᠠᠭᠤᠨ ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠤ᠂ ᠳᠤᠮᠳᠠᠳᠤ ᠤᠯᠤᠰ ᠤᠨ | ᠠᠷᠠᠳ ᠲᠦᠮᠡᠨ ᠤ ᠶᠠᠫᠣᠨ ᠢ ᠡᠰᠡᠷᠭᠦᠴᠡᠬᠦ ᠲᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠢᠯᠠᠯᠲᠠ ᠣᠯᠤᠭᠰᠠᠨ | 76 ᠵᠢᠯ ᠤᠨ ᠤᠢ ᠶᠢᠨ ᠲᠠᠰᠢᠷᠠᠮ ᠢᠶᠠᠷ ᠶᠠᠫᠣᠨ ᠢ ᠡᠰᠡᠷᠭᠦᠴᠡᠬᠦ ᠲᠠᠶᠢᠨ ᠤ ᠦᠷᠡᠭᠳᠡᠭᠰᠡᠨ ᠪᠠᠭᠠᠲᠤᠷᠴᠤᠳ ᠢᠶᠠᠨ ᠬᠠᠮᠲᠤ ᠪᠠᠷ | ᠳᠤᠷᠠᠰᠤᠨ ᠰᠠᠨᠠᠭᠠᠯᠵᠠᠵᠤ᠂ ᠳᠣᠲᠣᠨᠣ ᠬᠥᠮᠦᠰ ᠨᠢ ᠲᠤᠬᠠᠢ ᠶᠢᠨ ᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠤᠨ | ᠳᠤᠮᠳᠠᠳᠤ ᠤᠯᠤᠰ ᠤᠨ ᠠᠷᠠᠳ ᠲᠦᠮᠡᠨ ᠲᠠᠢ ᠬᠠᠨᠢᠲᠠᠨ ᠪᠣᠯᠤᠯᠴᠠᠭᠰᠠᠨ ᠳᠠᠭᠠᠨ ᠣᠮᠣᠭᠰᠢᠨ ᠪᠠᠭ᠋ᠠᠳᠤᠵᠤ ᠪᠠᠶᠢᠬᠤ | ᠰᠡᠳᠬᠢᠯᠭᠡ ᠪᠠᠨ ᠢᠯᠡᠳᠬᠡᠭᠰᠡᠨ ᠪᠥᠭᠡᠳ ᠳᠤᠷᠠᠲᠠᠶ᠎ᠠ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠴᠣᠭᠴᠠ ᠶᠢᠨ | ᠰᠠᠨᠠᠭᠠᠴᠢᠯᠠᠭ᠎ᠠ ᠶᠢᠨ ᠵᠢᠯᠤᠭᠤᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠶᠢᠨ ᠢᠨᠲ᠋ᠧᠷᠨᠠᠼᠢᠣᠨᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠪᠠᠳᠠᠷᠠᠭᠤᠯᠵᠤ᠂ ᠳᠤᠮᠳᠠᠳᠤ ᠭᠠᠳᠠᠭᠠᠳᠤ ᠶᠢᠨ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠬᠤ᠂ ᠳᠤᠮᠳᠠᠳᠤ | ᠤᠯᠤᠰ ᠤᠨ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠬᠦ ᠶᠢ ᠳᠡᠮᠵᠢᠬᠦ ᠳᠤ ᠰᠢᠨ᠎ᠡ ᠬᠤᠪᠢ ᠨᠡᠮᠡᠷᠢ | ᠦᠵᠡᠭᠦᠯᠦᠨ᠎ᠡ ᠭᠡᠵᠦ ᠢᠯᠡᠳᠬᠡᠪᠡ᠃ | |