ᠮᠠᠨ ᠤ ᠠᠶᠢᠮᠠᠭ ᠬᠤᠲᠠ ᠬᠥᠳᠡᠭᠡ ᠶᠢᠨ ᠬᠦᠴᠢᠷᠳᠡᠯᠲᠡᠶ ᠬᠥᠮᠦᠰ ᠲᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2021/9/19
     ᠣᠶᠢᠷ᠎ᠠ ᠳᠤ᠂ ᠠᠶᠢᠮᠠᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ︽ᠶᠠᠳᠠᠭᠤ ᠬᠦᠴᠢᠷᠳᠡᠯᠲᠡᠶ ᠣᠯᠠᠨ ᠲᠦᠮᠡᠨ ᠤ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢ ᠳᠡᠮᠵᠢᠬᠦ ᠲᠤᠬᠠᠶ ᠮᠡᠳᠡᠭᠳᠡᠯ︾ ︵ᠰᠢᠯᠢ ᠶᠢᠨ ᠭᠤᠤᠯ ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇2021﹈ 114 ᠳ᠋ᠤᠭᠡᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠶᠣᠰᠣᠲᠠᠶ ᠬᠦᠮᠦᠨ ᠪᠦᠬᠦᠨ ᠢ ᠪᠠᠲᠤᠯᠠᠪᠠ᠃      ︽ᠮᠡᠳᠡᠭᠳᠡᠯ︾ ᠳᠤ ᠡᠳ᠋ ᠮᠥᠩᠭᠦ ᠪᠠᠷ ᠲᠤᠰᠠᠯᠠᠬᠤ ᠬᠥᠮᠦᠰ ᠤᠨ ᠬᠡᠪᠴᠢᠶ᠎ᠡ ᠨᠢ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ᠂ ᠳᠠᠬᠢᠨ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ ᠬᠥᠮᠦᠨ ᠠᠮᠠ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠮᠥᠷᠲᠡᠭᠡᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠰᠠᠨ ᠬᠥᠮᠦᠰ ᠪᠣᠯᠤᠨ᠎ᠠ ᠭᠡᠵᠦ ᠲᠣᠳᠣᠷᠬᠠᠶ ᠲᠣᠭᠲᠠᠭᠠᠵᠠᠶ᠃      ︽ᠮᠡᠳᠡᠭᠳᠡᠯ︾ ᠳᠤ ᠡᠳ᠋ ᠮᠥᠩᠭᠦ ᠪᠠᠷ ᠲᠤᠰᠠᠯᠠᠬᠤ ᠬᠡᠪᠴᠢᠶᠡᠨ ᠳᠤ ᠤᠷᠤᠭᠰᠠᠨ ᠬᠥᠮᠦᠰ ᠢ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠭᠡᠯ ᠲᠤᠰᠢᠶᠠᠬᠤ ᠪᠠᠷᠢᠮᠵᠢᠶ᠎ᠠ ᠶᠣᠰᠣᠭᠠᠷ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ ᠮᠥᠩᠭᠦ ᠶᠢ ᠠᠰᠢᠭᠯᠠᠨ ᠲᠥᠷᠥᠯ ᠬᠤᠪᠢᠶᠠᠨ ᠡᠳ᠋ ᠮᠥᠩᠭᠦ ᠪᠠᠷ ᠲᠤᠰᠠᠯᠠᠵᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠤᠯᠤᠨ᠎ᠠ ᠭᠡᠵᠦ ᠲᠣᠭᠲᠠᠭᠠᠵᠠᠶ᠃ ᠣᠨᠴᠠ ᠬᠦᠴᠢᠷᠳᠡᠯ ᠲᠠᠢ ᠬᠥᠮᠦᠰ ᠲᠤ ᠬᠥᠮᠦᠨ ᠪᠦᠷᠢ ᠳᠤ 360 ᠲᠥᠭᠦᠷᠢᠭ ᠤᠨ ᠪᠥᠬᠦ ᠲᠣᠭᠠᠨ ᠤ ᠲᠤᠰᠠᠯᠠᠮᠵᠢ ᠣᠯᠭᠤᠨ᠎ᠠ ︔ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠳᠠᠬᠢᠨ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ ᠬᠥᠮᠦᠨ ᠠᠮᠠ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠮᠥᠷᠲᠡᠭᠡᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠭᠰᠠᠨ ᠬᠥᠮᠦᠰ ᠲᠤ ᠲᠣᠭᠲᠠᠭᠰᠠᠨ ᠲᠣᠭᠠᠨ ᠤ ᠲᠤᠰᠠᠯᠠᠮᠵᠢ ᠣᠯᠭᠤᠵᠤ᠂ ᠬᠥᠮᠦᠨ ᠪᠦᠷᠢ ᠳᠤ 110 ᠲᠥᠭᠦᠷᠢᠭ ᠤᠨ ᠲᠤᠰᠠᠯᠠᠮᠵᠢ ᠣᠯᠭᠤᠨ᠎ᠠ᠃      ᠲᠤᠰᠠᠯᠠᠮᠵᠢ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠨᠢ ᠨᠢᠭᠡᠨᠲᠡ 2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠪᠦᠬᠦᠨ ᠢ ᠲᠤᠰᠢᠶᠠᠭᠰᠠᠨ ᠪᠠᠶᠢᠪᠠᠯ᠂ ᠲᠣᠰ ᠬᠥᠮᠦᠨ ᠨᠢ ᠬᠦᠴᠦᠨ ᠪᠥᠬᠦᠶ ᠰᠦᠢᠳᠭᠡᠯ ᠲᠤᠰᠢᠶᠠᠭᠰᠠᠨ ᠭᠡᠷᠡᠴᠢ ᠪᠠᠷᠢᠮᠲᠠ ᠪᠠᠷ ᠢᠶᠠᠨ ᠳᠠᠭᠠᠳᠬᠠᠯ ᠳᠤ ᠣᠷᠣᠯᠴᠠᠭᠰᠠᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠳᠤ ᠭᠤᠶᠤᠴᠢᠯᠠᠯ ᠭᠠᠷᠭᠠᠬᠤ ᠪᠤᠶᠤ ᠳᠠᠭᠠᠳᠬᠠᠯ ᠳᠤ ᠣᠷᠣᠯᠴᠠᠭᠰᠠᠨ ᠭᠠᠵᠠᠷ ᠤᠨ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠯᠦᠭᠡ ᠳᠠᠪᠬᠤᠷ ᠰᠦᠢᠳᠭᠡᠯ ᠲᠤᠰᠢᠶᠠᠭᠰᠠᠨ ᠮᠡᠳᠡᠭᠡ ᠵᠠᠩᠭᠢ ᠶᠢᠨ ᠬᠠᠷᠢᠴᠠᠭᠤᠯᠤᠯ ᠬᠢᠵᠦ᠂ ᠬᠤᠪᠢ ᠬᠥᠮᠦᠨ ᠤ ᠲᠤᠰᠢᠶᠠᠭᠰᠠᠨ ᠳᠠᠭᠠᠳᠬᠠᠯ ᠤᠨ ᠰᠦᠢᠳᠭᠡᠯ ᠢ ᠨᠢᠭᠡᠳᠦᠯᠲᠡᠶ ᠪᠤᠴᠠᠭᠠᠨ ᠥᠭᠴᠦ ᠪᠣᠯᠤᠨ᠎ᠠ᠂ ᠰᠦᠢᠳᠭᠡᠯ ᠪᠤᠴᠠᠭᠠᠬᠤ ᠪᠠᠷᠢᠮᠵᠢᠶ᠎ᠠ ᠶᠢ ᠵᠣᠭᠤᠰ ᠢᠶᠠᠷ ᠲᠤᠰᠠᠯᠠᠬᠤ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠂ ᠰᠦᠢᠳᠭᠡᠯ ᠪᠤᠴᠠᠭᠠᠬᠤ ᠴᠠᠭ ᠤᠨ ᠬᠢᠵᠠᠭᠠᠷ ᠨᠢ ᠳᠠᠭᠠᠳᠬᠠᠯ ᠳᠤ ᠣᠷᠣᠯᠴᠠᠭᠰᠠᠨ  ᠲᠤᠰ ᠣᠨ ᠪᠣᠯᠤᠨ᠎ᠠ᠂ ᠬᠤᠭᠤᠴᠠᠭ᠎ᠠ ᠥᠩᠭᠡᠷᠡᠪᠡᠯ  ᠭᠦᠢᠴᠡᠳᠭᠡᠵᠦ ᠥᠭᠬᠦ ᠥᠬᠡᠶ᠃
 
ᠢᠷᠡᠯᠲᠡ᠄ ᠰᠢᠯᠢᠨᠬᠤᠳᠠ ᠶᠢᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号