ᠪᠤᠭᠤᠲᠤ ᠬᠤᠲᠠ ᠶᠢᠨ 2021 ᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ ᠶᠢ ᠢᠯᠡ ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠬᠠᠷᠭᠤᠭᠤᠯᠤᠨ ᠪᠠᠶᠢᠴᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/9/19
     ᠪᠤᠭᠤᠲᠤ ᠡᠮ  ᠬᠤᠳᠠᠯᠳᠤᠨ ᠠᠪᠬᠤ ᠲᠠᠷᠬᠠᠭᠠᠭᠰᠠᠨ ﹇2021﹈ 21  ᠳ᠋ᠤᠭᠡᠷ ᠲᠣᠭᠠᠲᠤ ᠡᠯ᠎ᠡ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠤᠨ ᠦᠢᠯᠡᠳᠪᠦᠷᠢᠯᠡᠯ ᠡᠵᠡᠩᠨᠡᠯᠳᠡ ᠶᠢᠨ ᠠᠵᠤ ᠠᠬᠤᠶᠢᠯᠠᠯ ᠳᠤ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠬᠤᠳᠠᠯᠳᠤᠨ ᠠᠪᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ ᠡᠮᠴᠢᠯᠡᠭᠡᠨ ᠪᠠᠳᠤᠯᠠᠭ᠎ᠠ ᠠᠯᠪᠠᠨ ᠲᠠᠷᠬᠠᠭᠠᠭᠰᠠᠨ ﹇2019﹈  41 ᠳ᠋ᠤᠭᠡᠷ ᠲᠣᠭᠠᠲᠤ︶ ᠪᠠ ︽2021 ᠣᠨ ᠤ ᠪᠤᠭᠤᠲᠤ ᠬᠤᠲᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠢ ᠢᠯᠡ ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠪᠤᠭᠤᠳᠦ ᠡᠮ ᠬᠤᠳᠠᠯᠳᠤᠨ ᠠᠪᠬᠤ ᠲᠠᠷᠬᠠᠭᠠᠭᠰᠠᠨ ﹇2021﹈ 13 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠮᠠᠨ ᠤ ᠬᠤᠲᠠ ᠶᠢᠨ 2021 ᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ ᠶᠢ ᠢᠯᠡ ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠦᠭᠰᠡᠨ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠪᠠ᠂ ᠡᠳᠦᠭᠡ ᠦᠷ᠎ᠡ ᠳ᠋ᠦᠩ ᠢ ᠵᠠᠷᠯᠠᠨ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠢᠯᠡ ᠨᠡᠶᠢᠲᠡᠯᠡᠬᠦ ᠠᠭᠤᠯᠭ᠎ᠠ      ᠪᠤᠭᠤᠲᠤ ᠬᠤᠲᠠ ᠶᠢᠨ 2021 ᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ ᠶᠢ ᠢᠯᠡ ᠪᠠᠷ ᠬᠤᠳᠠᠯᠳᠤᠨ ᠠᠪᠴᠤ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠵᠦ ᠬᠠᠷᠭᠤᠭᠤᠯᠤᠨ ᠰᠢᠯᠭᠠᠭᠰᠠᠨ ᠪᠠᠶᠢᠳᠠᠯ ᠤᠨ ᠬᠦᠰᠦᠨᠦᠭᠲᠦ ︵ᠳᠠᠭᠠᠯᠳᠤᠭᠤᠯᠤᠯ 1 ᠶᠢ ᠦᠵᠡ︶      ᠬᠤᠶᠠᠷ᠂ ᠢᠯᠡ ᠨᠡᠶᠢᠲᠡᠯᠡᠬᠦ ᠴᠠᠭ      2021 ᠣᠨ ᠤ 9 ᠳ᠋ᠤᠭᠡᠷ ᠰᠠᠷ᠎ᠠ ᠶᠢᠨ 18 ᠠᠴᠠ 2021 ᠣᠨ ᠤ 9 ᠳ᠋ᠤᠭᠡᠷ ᠰᠠᠷ᠎ᠠ ᠶᠢᠨ 26 ᠪᠣᠯᠲᠠᠯ᠎ᠠ      ᠭᠤᠷᠪᠠ᠂ ᠪᠤᠰᠤᠳ ᠱᠠᠭᠠᠷᠳᠠᠯᠭ᠎ᠠ      ︵ᠨᠢᠭᠡ︶ ᠠᠵᠤ ᠠᠬᠤᠶᠢᠯᠠᠯ ᠬᠡᠷᠪᠡ ᠵᠠᠷᠯᠠᠨ ᠨᠡᠶᠢᠲᠡᠯᠡᠭᠰᠡᠨ ᠠᠭᠤᠯᠭ᠎ᠠ ᠳᠠᠬᠢ ᠬᠢᠨᠠᠨ ᠰᠢᠯᠭᠠᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ ︽ᠬᠡᠨ ᠵᠣᠷᠢᠪᠠᠯ ᠲᠡᠷᠡ ᠭᠡᠷᠡᠴᠢ ᠳᠤᠷᠠᠳᠬᠤ︾ ᠵᠠᠷᠴᠢᠮ ᠶᠣᠰᠣᠭᠠᠷ᠂ ᠡᠷᠬᠡᠪᠰᠢ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠦᠨᠡᠨ ᠪᠣᠳᠠᠲᠠᠶ ᠪᠥᠭᠡᠳ ᠬᠦᠴᠦᠨ ᠲᠠᠢ᠂ ᠪᠦᠷᠢᠨ ᠭᠦᠢᠴᠡᠳ ᠭᠡᠷᠡᠴᠢᠯᠡᠬᠦ ᠮᠠᠲ᠋ᠧᠷᠢᠶᠠᠯ ᠢ ᠬᠠᠩᠭᠠᠵᠤ᠂ ᠵᠠᠭᠠᠯᠳᠤᠯᠭ᠎ᠠ ᠶᠢ ᠴᠠᠭᠠᠰᠤ ᠪᠠᠷ ᠮᠡᠳᠡᠭᠦᠯᠬᠦ ︵ᠥᠭᠬᠦ︶ ᠮᠠᠲ᠋ᠧᠷᠢᠶᠠᠯ ᠵᠢᠴᠢ ᠬᠠᠮᠢᠶ᠎ᠠ ᠪᠥᠬᠦᠶ ᠭᠡᠷᠡᠴᠢ ᠶᠢ ᠨᠢᠭᠡᠴᠢ ᠶᠢᠨ ᠠᠯᠪᠠᠨ ᠲᠠᠮᠠᠭ᠎ᠠ ᠳᠠᠷᠤᠭᠰᠠᠨ ᠤ ᠳᠠᠷᠠᠭ᠎ᠠ᠂ ᠡᠷᠬᠡ ᠤᠯᠭᠤᠭᠰᠠᠨ ᠬᠥᠮᠦᠨ ᠠᠴᠠ ᠪᠤᠭᠤᠲᠤ ᠬᠤᠲᠠ ᠶᠢᠨ ᠡᠮ ᠡᠮᠨᠡᠯᠭᠡ ᠶᠢᠨ ᠬᠤᠳᠠᠯᠳᠤᠨ ᠠᠪᠬᠤ ᠦᠢᠯᠡᠴᠢᠯᠡᠭᠡᠨ ᠤ ᠲᠥᠪ ᠲᠤ ᠲᠤᠰᠢᠶᠠᠨ᠎ᠠ᠂ ᠹᠠᠺᠰ ᠪᠤᠶᠤ ᠰᠢᠤᠳᠠᠨ ᠢᠶᠠᠷ ᠢᠯᠡᠭᠡᠬᠦ ᠠᠷᠭ᠎ᠠ ᠮᠠᠶ᠋ᠢᠭ ᠢ ᠭᠥᠯᠢᠶᠡᠨ ᠠᠪᠴᠤ ᠰᠢᠢᠳᠪᠦᠷᠢᠯᠡᠬᠦ ᠥᠬᠡᠶ᠃ ᠬᠤᠭᠤᠴᠠᠭ᠎ᠠ ᠠᠴᠠ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠵᠠᠭᠠᠯᠳᠤᠯᠭ᠎ᠠ ᠶᠢᠨ ᠮᠠᠲ᠋ᠧᠷᠢᠶᠠᠯ ᠢᠶᠠᠨ ᠲᠤᠰᠢᠶᠠᠭᠰᠠᠨ ᠦᠭᠡᠢ ᠪᠠᠶᠢᠪᠠᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃      ︵ᠬᠤᠶᠠᠷ︶ ᠭᠥᠯᠢᠶᠡᠨ ᠠᠪᠴᠤ ᠰᠢᠢᠳᠪᠦᠷᠢᠯᠡᠬᠦ ᠴᠠᠭ᠄ ᠵᠠᠷᠯᠠᠨ ᠨᠡᠶᠢᠲᠡᠯᠡᠬᠦ ᠬᠤᠭᠤᠴᠠᠭᠠᠨ ᠳᠠᠬᠢ ᠠᠵᠢᠯ ᠤᠨ ᠡᠳᠦᠷ ᠤᠨ ᠦᠳᠡ ᠶᠢᠨ ᠡᠮᠦᠨᠡᠬᠢ 9᠄ 00 — 12᠄ 00︔ ᠦᠳᠡ ᠶᠢᠨ ᠬᠤᠶᠢᠨᠠᠬᠢ 14᠄ 00 — 17᠄ 00᠃      ᠭᠥᠯᠢᠶᠡᠨ ᠠᠪᠴᠤ ᠰᠢᠢᠳᠪᠦᠷᠢᠯᠡᠬᠦ ᠬᠠᠶ᠋ᠢᠭ᠄ ᠪᠤᠭᠤᠲᠤ ᠬᠤᠲᠠ ᠶᠢᠨ ᠵᠢᠤᠶᠤᠸᠠᠨ ᠲᠣᠭᠤᠷᠢᠭ ᠤᠨ ᠵᠢᠶᠠᠨ ᠬᠤᠸᠠ ᠡᠮᠦᠨ᠎ᠡ ᠵᠠᠮ ᠤᠨ ᠬᠤᠲᠠ ᠶᠢᠨ ᠶᠠᠪᠤᠳᠠᠯ ᠤᠨ ᠶᠡᠭᠡ ᠲᠢᠩᠬᠢᠮ ᠤᠨ ᠪᠠᠷᠠᠭᠤᠨ ᠳᠡᠳ᠋ ᠠᠰᠠᠷ ᠤᠨ 416 ᠥᠷᠥᠭᠡ᠃      ᠬᠦᠯᠢᠶᠡᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ᠄ ᠪᠤᠭᠤᠲᠤ ᠬᠤᠲᠠ ᠶᠢᠨ ᠡᠮ ᠡᠮᠨᠡᠯᠭᠡ ᠶᠢᠨ ᠬᠤᠳᠠᠯᠳᠤᠨ ᠠᠪᠬᠤ ᠦᠢᠯᠡᠴᠢᠯᠡᠭᠡᠨ ᠤ ᠲᠥᠪ 0472 — 6185843      ᠰᠠᠬᠢᠯᠭ᠎ᠠ ᠪᠠᠲᠤ ᠶᠢᠨ ᠵᠠᠭᠠᠯᠳᠤᠯᠭ᠎ᠠ᠄ ᠪᠤᠭᠤᠲᠤ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ 0472 — 6169376      ︵ᠭᠤᠷᠪᠠ︶ ᠭᠤᠮᠣᠳᠠᠯ ᠲᠣᠭᠠᠴᠢᠬᠤ ︵ᠵᠠᠭᠠᠯᠳᠤᠯᠭ᠎ᠠ︶ ᠮᠠᠲ᠋ᠧᠷᠢᠶᠠᠯ ᠳᠤ᠄ ᠪᠤᠭᠤᠲᠤ ᠬᠤᠲᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠪᠠ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ ᠶᠢ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠭᠤᠮᠣᠳᠠᠯ ᠲᠣᠭᠠᠴᠢᠬᠤ ︵ᠵᠠᠭᠠᠯᠳᠤᠯᠭ᠎ᠠ︶ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ ︵ᠳᠠᠭᠠᠯᠳᠤᠭᠤᠯᠤᠯ 2 ᠢ ᠦᠵᠡ︶ ᠪᠠ ᠭᠡᠷᠡᠴᠢ ᠮᠠᠲ᠋ᠧᠷᠢᠶᠠᠯ ᠪᠠᠭᠲᠠᠨ᠎ᠠ᠃    ᠪᠤᠭᠤᠲᠤ ᠬᠤᠲᠠ ᠶᠢᠨ ᠡᠮ ᠡᠮᠨᠡᠯᠭᠡ ᠬᠤᠳᠠᠯᠳᠤᠨ ᠠᠪᠬᠤ ᠦᠢᠯᠡᠴᠢᠯᠡᠭᠡᠨ ᠤ ᠲᠥᠪ      2021 ᠣᠨ ᠤ 9 ᠳ᠋ᠤᠭᠡᠷ ᠰᠠᠷ᠎ᠠ ᠶᠢᠨ 17   ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号