ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽ᠠᠷᠪᠠᠨ ᠳᠥᠷᠪᠡᠳᠦᠭᠡᠷ ᠲᠠᠪᠤᠨ ᠵᠢᠯ︾  ᠤᠨ ᠬᠤᠭᠤᠴᠠᠭᠠᠨ ᠤ ᠪᠦᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠲᠥᠯᠥᠪᠵᠢᠭᠦᠯᠭᠡ ᠵᠡᠷᠭᠡ ᠶᠢ ᠬᠢᠨᠠᠨ ᠵᠥᠪᠯᠡᠵᠦ ᠪᠠᠲᠤᠯᠠᠪᠠ
ᠨᠡᠶᠢᠲᠡᠯᠡᠭᠰᠡᠨ ᠴᠠᠭ᠄
2021/9/19
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠬᠤᠭᠤᠴᠠᠭᠠᠨ ᠤ ᠪᠦᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠲᠣᠭᠲᠠᠯᠴᠠᠭ᠎ᠠ ᠶᠢ ᠪᠦᠷᠢᠨᠰᠢᠬᠦᠯᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠲᠤᠬᠠᠶ ᠪᠠᠶᠢᠷᠢᠯᠠᠭᠤᠯᠪᠠ᠃ ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ ︵ᠡᠬᠡ ᠨᠣᠣᠷᠠᠭ︶︾ ᠢ ᠪᠠᠲᠤᠯᠠᠨ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠬᠠᠮᠠᠭᠠᠯᠠᠬᠤ ᠶᠢ ᠴᠢᠩᠭᠠᠳᠬᠠᠪᠠ᠃      ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 9 ᠳ᠋ᠦ᠋ᠭᠡᠷ ᠰᠠᠷ᠎ᠠ ᠶᠢᠨ 15 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠪᠦᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠲᠥᠯᠥᠪᠵᠢᠭᠦᠯᠭᠡ ᠶᠢ ᠬᠢᠨᠠᠨ ᠵᠥᠪᠯᠡᠵᠦ ᠪᠠᠲᠤᠯᠠᠨ᠂ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠲᠣᠭᠲᠠᠯᠴᠠᠭ᠎ᠠ ᠶᠢ ᠪᠦᠷᠢᠨᠰᠢᠬᠦᠯᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠬᠡᠷᠡᠭᠲᠡᠢ ᠭᠡᠵᠡᠢ︔ ︽ᠭᠠᠵᠠᠷ ᠳᠣᠤᠷᠠᠬᠢ ᠤᠰᠤᠨ ᠤ ᠬᠠᠮᠢᠶᠠᠷᠤᠯᠲᠠ ᠶᠢᠨ ᠲᠦᠷᠢᠮ ︵ᠡᠬᠡ ᠨᠣᠣᠷᠠᠭ︶︾ ᠢ ᠪᠠᠲᠤᠯᠠᠨ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠢ ᠠᠷᠪᠢᠯᠠᠬᠤ ᠪᠠ ᠬᠠᠮᠠᠭᠠᠯᠠᠬᠤ ᠶᠢ ᠴᠢᠩᠭᠠᠳᠬᠠᠪᠠ᠃      ᠬᠤᠷᠠᠯ ᠠᠴᠠ ᠵᠢᠭᠠᠬᠤ ᠳᠤ ᠪᠠᠨ᠂ ᠪᠦᠬᠦ ᠠᠷᠠᠳ ᠤᠨ ᠡᠮᠴᠢᠯᠡᠭᠡᠨ ᠤ ᠳᠠᠭᠠᠳᠬᠠᠯ ᠪᠣᠯ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠨᠢᠭᠡᠨ ᠦᠨᠳᠦᠰᠦᠨ ᠳᠦᠷᠢᠮ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠰᠢᠨ᠎ᠡ ᠨᠢᠭᠡ ᠡᠭᠡᠯᠵᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠠᠴᠠ ᠨᠠᠭᠠᠰᠢ᠂ ᠮᠠᠨ ᠤ ᠤᠯᠤᠰ ᠨᠢᠭᠡᠨᠲᠡ ᠪᠦᠬᠦ ᠳᠡᠯᠡᠬᠡᠢ ᠶᠢᠨ ᠬᠠᠮᠤᠭ ᠤᠨ ᠶᠡᠭᠡ᠂ ᠪᠦᠬᠦ ᠠᠷᠠᠳ ᠢ ᠬᠠᠮᠤᠷᠤᠭᠰᠠᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠲᠣᠣᠷ ᠢ ᠪᠠᠶᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠨᠢ 13.6 ᠳ᠋ᠦᠩᠰᠢᠭᠤᠷ ᠬᠥᠮᠦᠨ ᠢ ᠬᠠᠮᠤᠷᠴᠤ᠂ ᠬᠠᠮᠤᠷᠤᠭᠰᠠᠨ ᠨᠤᠷᠮ᠎ᠠ ᠶᠢ 95% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ ᠪᠠᠰᠠ ᠴᠢᠬᠤᠯᠠ ᠠᠬᠢᠴᠠ ᠲᠠᠢ ᠪᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠤ ᠬᠦᠴᠢᠷᠲᠡᠢ ᠡᠪᠡᠳᠴᠢᠨ ᠦᠵᠡᠭᠦᠯᠬᠦ ᠳᠤ ᠦᠨᠡᠲᠡᠢ ᠠᠰᠠᠭᠤᠳᠠᠯ ᠢ ᠨᠠᠮᠳᠠᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠭᠦᠯᠵᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠴᠢᠳᠠᠯ ᠤᠨ ᠴᠢᠨᠡᠭᠡ ᠪᠠᠷ ᠢᠶᠠᠨ ᠴᠢᠷᠮᠠᠶᠢᠵᠤ᠂ ᠴᠢᠳᠠᠯ ᠤᠨ ᠬᠢᠷᠢ ᠪᠠᠷ ᠢᠶᠠᠨ ᠬᠢᠵᠦ᠂ ᠡᠮᠴᠢᠯᠡᠭᠡᠨ ᠤ ᠪᠠᠲᠤᠯᠠᠭ᠎ᠠ ᠳᠤ ᠦᠨᠳᠦᠰᠦᠨ ᠵᠦᠢᠯ ᠢ ᠪᠠᠲᠤᠯᠠᠬᠤ ᠣᠨᠣᠯᠵᠢᠬᠤᠨ ᠢ ᠢᠮᠠᠭᠲᠠ ᠲᠤᠭᠤᠰᠢᠯᠠᠭᠤᠯᠵᠤ᠂ ᠬᠢᠷᠢ ᠲᠦᠪᠰᠢᠨ ᠢᠶᠠᠨ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠦᠷᠭᠦᠯᠵᠢᠯᠡᠬᠦ᠋ᠢᠴᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ ᠨᠢᠭᠡ ᠳᠤ᠂ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ ᠳᠠᠭᠠᠳᠬᠠᠯ ᠤᠨ ᠲᠦᠷᠢᠮ ᠤᠨ ᠲᠣᠭᠲᠠᠯᠴᠠᠭ᠎ᠠ ᠶᠢ ᠪᠦᠷᠢᠨᠰᠢᠬᠦᠯᠵᠦ᠂ ᠡᠮᠴᠢᠯᠡᠭᠡᠨ ᠤ ᠳᠠᠭᠠᠳᠬᠠᠯ ᠤᠨ ᠬᠠᠪᠰᠤᠷᠤᠮᠵᠢ ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ ᠰᠢᠯᠢᠳᠡᠭᠵᠢᠭᠦᠯᠬᠦ ᠬᠡᠷᠡᠭᠲᠡᠢ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠨᠠᠶᠢᠳᠠᠪᠤᠷᠢᠵᠢᠭᠤᠯᠤᠨ᠂ ᠠᠵᠢᠯᠳᠠᠨ ᠠᠵᠢᠯᠴᠢᠨ ᠪᠠ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠪᠠᠶᠢᠩᠭᠤ ᠰᠠᠭᠤᠭ᠎ᠠ ᠭᠠᠵᠠᠷ᠂ ᠠᠵᠢᠯ ᠣᠯᠤᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠶᠢ ᠠᠬᠢᠭᠤᠯᠵᠤ᠂ ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠳᠤ ᠣᠷᠣᠯᠴᠠᠬᠤ ᠡᠷᠦᠭᠡ ᠠᠮᠠ ᠶᠢᠨ ᠬᠠᠷᠢᠶᠠᠯᠠᠯ ᠤᠨ ᠬᠢᠵᠠᠭᠠᠷᠯᠠᠯ ᠢ ᠴᠢᠯᠥᠭᠡᠲᠡᠶ ᠪᠣᠯᠭᠠᠬᠤ ᠬᠡᠷᠡᠭᠲᠡᠢ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠲᠠᠩᠰᠠ ᠲᠠᠶᠢᠯᠬᠤ ᠬᠠᠷᠠᠭᠠᠯᠵᠠᠯ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠤ ᠡᠭᠦᠳᠡᠨ ᠡᠮᠨᠡᠯᠭᠡ ᠶᠢᠨ ᠡᠮ ᠬᠡᠷᠡᠭᠯᠡᠬᠦ ᠪᠠᠲᠤᠯᠠᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠬᠦᠨᠳᠦ ᠡᠪᠡᠳᠴᠢᠨ ᠤ ᠳᠠᠭᠠᠳᠬᠠᠯ ᠬᠢᠭᠡᠳ ᠦᠨᠳᠦᠰᠦᠨ ᠡᠮᠴᠢᠯᠡᠭᠡᠨ ᠤ ᠳᠠᠭᠠᠳᠬᠠᠯ ᠢ ᠵᠣᠯᠭᠠᠭᠤᠯᠬᠤ ᠶᠢ ᠴᠢᠩᠭᠠᠳᠬᠠᠵᠤ᠂ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠬᠦᠴᠢᠷᠳᠡᠯ ᠲᠠᠢ ᠤᠯᠠᠨ ᠲᠦᠮᠡᠨ ᠤ ᠬᠦᠨᠳᠦ ᠶᠡᠭᠡ ᠡᠪᠡᠳᠴᠢᠨ ᠡᠮᠭᠡᠭ ᠢ ᠠᠪᠤᠷᠠᠨ ᠲᠤᠰᠠᠯᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠭᠡᠨᠡᠳᠲᠡ ᠶᠢᠨ ᠬᠦᠨᠳᠦ ᠶᠡᠭᠡ ᠬᠢᠵᠢᠭ ᠤᠨ ᠪᠠᠶᠢᠳᠠᠯ ᠳᠣᠣᠷᠠᠬᠢ ᠤᠷᠢᠳ ᠢᠶᠠᠷ ᠡᠮᠨᠡᠨ ᠵᠠᠰᠠᠵᠤ᠂ ᠲᠠᠷᠠᠭ᠎ᠠ ᠨᠢ ᠰᠦᠢᠳᠬᠡᠯ ᠬᠤᠷᠢᠶᠠᠬᠤ ᠪᠠ ᠣᠨᠴᠠᠭᠠᠶ ᠡᠪᠡᠳᠴᠢᠲᠡᠨ᠂ ᠣᠨᠴᠠᠭᠠᠶ ᠡᠪᠡᠳᠴᠢᠨ ᠡᠮᠭᠡᠭ ᠲᠤ ᠴᠢᠭᠯᠡᠭᠦᠯᠦᠭᠰᠡᠨ ᠡᠮᠴᠢᠯᠡᠭᠡᠨ ᠤ ᠰᠦᠢᠳᠬᠡᠯ ᠢ ᠬᠡᠯᠲᠦᠷᠢᠭᠦᠯᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠰ ᠤᠨ ᠬᠥᠭᠵᠢᠯᠲᠡ ᠶᠢ ᠳᠡᠮᠵᠢᠵᠦ᠂ ᠨᠠᠰᠤᠲᠠᠶᠢᠴᠤᠳ ᠵᠡᠷᠭᠡ ᠬᠦᠮᠦᠰ ᠲᠤ ᠬᠠᠨᠳᠤᠭᠤᠯᠤᠭᠰᠠᠨ ᠳᠠᠭᠠᠳᠬᠠᠯ ᠤᠨ ᠨᠡᠷᠡᠳᠬᠦᠨ ᠢ ᠪᠠᠶᠠᠯᠢᠭᠵᠢᠭᠤᠯᠬᠤ ᠬᠡᠷᠡᠭᠲᠡᠢ᠃ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠢ ᠲᠣᠭᠲᠠᠭᠤᠨ ᠢᠶᠠᠷ ᠪᠠᠶᠢᠭᠤᠯᠬᠤ ᠬᠡᠷᠡᠭᠲᠡᠢ᠃ ᠦᠷᠡᠵᠢᠯ ᠤᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠪᠦᠷᠢᠨᠰᠢᠭᠦᠯᠬᠦ ᠬᠡᠷᠡᠭᠲᠡᠢ᠃ ᠬᠤᠶᠠᠷ ᠲᠤ᠂ ᠦᠨᠳᠦᠰᠦᠨ ᠡᠮᠴᠢᠯᠡᠭᠡᠨ ᠤ ᠲᠣᠭᠲᠠᠯᠴᠠᠭ᠎ᠠ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠦᠷᠢᠮ ᠢ ᠬᠠᠷᠢᠯᠴᠠᠨ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠡᠮᠴᠢᠯᠡᠭᠡᠨ ᠤ ᠬᠤᠯᠪᠣᠭᠠᠲᠤ ᠴᠣᠭᠴᠠ ᠵᠡᠷᠭᠡ ᠶᠢᠨ ᠬᠥᠭᠵᠢᠯᠲᠡ ᠶᠢ ᠠᠬᠢᠭᠤᠯᠤᠨ᠂ ᠨᠥᠬᠦᠴᠡᠯ ᠳᠤ ᠨᠡᠶᠢᠴᠡᠭᠰᠡᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠡᠮᠴᠢᠯᠡᠭᠡᠨ ᠤ ᠳᠠᠭᠠᠳᠬᠠᠯ ᠤᠨ ᠴᠡᠭ ᠲᠣᠭᠲᠠᠭᠠᠬᠤ ᠬᠡᠪᠴᠢᠶᠡᠨ ᠳᠤ ᠣᠷᠣᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠠᠬᠢᠭᠤᠯᠤᠨ᠂ ︽ᠪᠠᠭ᠎ᠠ ᠡᠪᠡᠳᠴᠢᠨ ᠢ ᠶᠡᠭᠡ ᠪᠠᠷ ᠵᠠᠰᠠᠬᠤ︾᠂ ᠬᠡᠲᠦᠷᠡᠲᠡᠯ᠎ᠡ ᠡᠮᠴᠢᠯᠡᠬᠦ ᠦᠵᠡᠭᠳᠡᠯ ᠢ ᠪᠠᠭᠠᠰᠬᠠᠵᠤ᠂ ᠡᠮᠴᠢᠯᠡᠭᠡᠨ ᠤ ᠳᠠᠭᠠᠳᠬᠠᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠢᠯᠡᠳᠦᠯ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠂ ᠡᠮᠴᠢᠯᠡᠭᠡᠨ ᠤ ᠳᠠᠭᠠᠳᠬᠠᠯ ᠪᠣᠯᠤᠨ ᠡᠮ ᠡᠮᠨᠡᠯᠭᠡ ᠶᠢᠨ ᠬᠠᠮᠵᠢᠯᠴᠠᠭᠰᠠᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ᠃ ᠤᠯᠤᠰ ᠠᠴᠠ ᠡᠮ ᠤᠨ ᠵᠦᠢᠯ ᠢ ᠬᠡᠮᠵᠢᠶ᠎ᠡ ᠲᠠᠢ ᠪᠠᠷ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ ᠪᠠᠶᠢᠭᠤᠯᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠪᠠᠷ ᠲᠥᠪᠯᠡᠷᠡᠭᠦᠯᠦᠨ ᠬᠤᠳᠠᠯᠳᠤᠨ ᠠᠪᠬᠤ ᠬᠡᠪᠴᠢᠶ᠎ᠡ ᠶᠢ ᠥᠷᠭᠡᠳᠬᠡᠨ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠬᠡᠲᠦ ᠥᠨᠳᠥᠷ ᠪᠠᠶᠢᠬᠤ ᠶᠢ ᠬᠤᠷᠢᠭᠯᠠᠬᠤ ᠬᠡᠷᠡᠭᠲᠡᠢ᠃ ᠡᠮᠴᠢᠯᠡᠭᠡᠨ ᠤ ᠦᠨ᠎ᠡ ᠥᠷᠲᠡᠭ ᠢᠶᠠᠷ ᠥᠨᠳᠥᠷ᠂ ᠡᠪᠡᠳᠴᠢᠲᠡᠨ ᠳᠤ ᠢᠯᠡᠳᠲᠡ ᠠᠰᠢᠭ ᠬᠦᠷᠲᠡᠭᠡᠬᠦ ᠡᠮ ᠤᠨ ᠵᠦᠢᠯ ᠢ ᠴᠠᠭ ᠲᠤᠬᠠᠶ ᠳᠤ ᠨᠢ ᠡᠮᠴᠢᠯᠡᠭᠡᠨ ᠤ ᠳᠠᠭᠠᠳᠬᠠᠯ ᠤᠨ ᠳᠥᠯᠥᠬᠦ ᠬᠡᠪᠴᠢᠶᠡᠨ ᠳᠤ ᠣᠷᠣᠭᠤᠯᠵᠤ᠂ ᠢᠷᠡᠬᠦ ᠵᠢᠯ ᠳᠤ ᠪᠥᠬᠦ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠡᠷᠡᠭᠯᠡᠬᠦ ᠡᠮ ᠤᠨ ᠬᠡᠪᠴᠢᠶ᠎ᠡ ᠶᠢ ᠦᠨᠳᠦᠰᠦᠨ ᠳᠤ ᠪᠠᠨ ᠨᠢᠭᠡᠲᠦᠯᠲᠡᠢ ᠪᠣᠯᠭᠠᠬᠤ ᠶᠢ ᠪᠡᠶᠡᠯᠡᠭᠦᠯᠬᠦ ᠬᠡᠷᠡᠭᠲᠡᠢ᠃ ᠳᠥᠷᠪᠡ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠮᠤᠵᠢ ᠬᠤᠲᠠ ᠰᠢᠶᠠᠨ ᠰᠢᠶᠠᠩ ᠲᠣᠰᠬᠤᠨ ᠢ ᠬᠠᠮᠤᠷᠤᠭᠰᠠᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠣᠣᠷ ᠢ ᠪᠠᠶᠢᠭᠤᠯᠬᠤ ᠬᠡᠷᠡᠭᠲᠡᠢ᠃ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠶᠢ ᠪᠦᠷᠢᠳᠬᠡᠨ ᠳᠠᠩᠰᠠᠯᠠᠬᠤ ᠪᠠ ᠵᠠᠯᠭᠠᠭᠤᠯᠤᠨ ᠰᠢᠯᠵᠢᠭᠦᠯᠬᠦ ᠵᠡᠷᠭᠡ ᠶᠢᠨ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠶᠢ ᠠᠬᠢᠭᠤᠯᠵᠤ᠂ ᠣᠨᠳᠣᠣ ᠭᠠᠵᠠᠷ ᠲᠤ ᠡᠮᠨᠡᠭᠦᠯᠵᠦ ᠡᠮᠨᠡᠯᠭᠡ ᠳᠤ ᠰᠠᠭᠤᠬᠤ᠂ ᠡᠭᠦᠳᠡᠨ ᠡᠮᠨᠡᠯᠭᠡ ᠳᠤ ᠡᠮᠨᠡᠭᠦᠯᠬᠦ ᠵᠠᠷᠤᠳᠠᠯ ᠢ ᠰᠦᠯᠵᠢᠶᠡᠨ ᠳᠡᠭᠡᠷ᠎ᠡ ᠳ᠋ᠦᠩᠨᠡᠨ ᠪᠤᠳᠤᠬᠤ ᠶᠢ ᠪᠦᠬᠦ ᠤᠯᠤᠰ ᠤᠨ ᠬᠡᠪᠴᠢᠶᠡᠨ ᠳᠤ ᠪᠡᠶᠡᠯᠡᠭᠦᠯᠬᠦ ᠬᠡᠷᠡᠭᠲᠡᠢ᠃ ᠲᠠᠪᠤ ᠳᠤ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠳ ᠤᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠰᠢᠰᠲ᠋ᠧᠮ ᠢᠶᠠᠷ ᠬᠢᠨᠠᠨ ᠡᠵᠡᠮᠳᠡᠬᠦ᠂ ᠲᠤᠬᠠᠶ ᠶᠢᠨ ᠲᠠᠯᠠᠪᠤᠷ ᠲᠤ ᠨᠢ ᠪᠠᠶᠢᠴᠠᠭᠠᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠬᠦ ᠬᠡᠷᠡᠭᠲᠡᠢ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠵᠡᠷᠭᠡ ᠭᠤᠷᠪᠠᠳᠠᠭᠴᠢ ᠡᠲᠡᠭᠡᠳ ᠤᠨ ᠬᠦᠴᠦᠨ ᠢ ᠣᠷᠣᠭᠤᠯᠤᠨ ᠠᠪᠴᠢᠷᠠᠵᠤ ᠬᠢᠨᠠᠨ ᠬᠠᠮᠢᠶᠠᠷᠬᠤ ᠲᠤᠰᠬᠠᠶ ᠮᠡᠷᠭᠡᠵᠢᠯ ᠤᠨ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠨᠡᠩ ᠪᠦᠲᠦᠮᠵᠢᠲᠡᠶ ᠪᠠᠷ ᠪᠠᠳᠠᠷᠠᠭᠤᠯᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠭᠰᠡᠨ ᠪᠠᠶᠢᠳᠠᠯ ᠵᠢᠴᠢ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠠᠭ ᠲᠤᠬᠠᠶ ᠳᠤ ᠨᠢ ᠢᠯᠡ ᠪᠠᠷ ᠵᠠᠷᠯᠠᠨ ᠮᠡᠳᠡᠭᠳᠡᠵᠦ᠂ ᠮᠡᠬᠡᠯᠡᠨ ᠬᠢᠬᠠᠵᠤ ᠳᠠᠭᠠᠳᠬᠠᠯ ᠮᠡᠬᠡᠯᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠡᠢ᠃      ᠬᠤᠷᠠᠯ ᠠᠴᠠ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ ︵ᠡᠬᠡ ᠨᠣᠣᠷᠠᠭ︶︾ ᠢ ᠪᠠᠲᠤᠯᠠᠪᠠ᠃ ᠡᠬᠡ ᠨᠣᠣᠷᠠᠭ ᠲᠤ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠭᠠᠵᠠᠷ ᠳᠣᠤᠷᠠᠬᠢ ᠤᠰᠤ ᠶᠢ ᠲᠠᠲᠠᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠪᠠ ᠤᠰᠤᠨ ᠲᠦᠪᠰᠢᠨ ᠢ ᠬᠢᠵᠠᠭᠠᠷᠯᠠᠬᠤ ᠲᠦᠷᠢᠮ ᠢ ᠲᠣᠳᠣᠷᠬᠠᠶ ᠲᠣᠭᠲᠠᠭᠠᠵᠤ᠂ ᠭᠠᠵᠠᠷ ᠳᠣᠤᠷᠠᠬᠢ ᠤᠰᠤᠨ ᠤ ᠡᠬᠢ ᠪᠠᠶᠠᠯᠢᠭ ᠤᠨ ᠭᠠᠶᠢᠯᠢ ᠰᠦᠢᠳᠬᠡᠯ ᠤᠨ ᠪᠠᠷᠢᠮᠵᠢᠶ᠎ᠠ ᠶᠢ ᠵᠦᠶ ᠵᠣᠬᠢᠰᠲᠠᠶ ᠳᠡᠭᠡᠭᠰᠢᠯᠡᠭᠦᠯᠬᠦ ᠪᠠᠷ ᠲᠣᠭᠲᠠᠭᠠᠪᠠ᠃ ᠡᠬᠡ ᠨᠣᠣᠷᠠᠭ ᠲᠤ ᠰᠠᠯᠠᠭ᠎ᠠ ᠮᠥᠴᠢᠷ ᠪᠠ ᠣᠷᠣᠨ ᠨᠤᠲᠤᠭ ᠤᠨ ᠬᠢᠨ ᠤ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠵᠠᠶ᠃ ᠨᠡᠭᠡᠭᠡᠨ ᠮᠠᠯᠲᠠᠬᠤ ᠶᠢ ᠴᠠᠭᠠᠵᠠᠯᠠᠬᠤ ᠣᠷᠣᠨ ᠪᠠ ᠨᠡᠭᠡᠭᠡᠨ ᠮᠠᠯᠲᠠᠬᠤ ᠶᠢ ᠬᠢᠵᠠᠭᠠᠷᠯᠠᠬᠤ ᠣᠷᠣᠨ ᠢ ᠵᠠᠭᠠᠭᠯᠠᠨ ᠲᠣᠭᠲᠠᠭᠠᠬᠤ ᠪᠠᠷ ᠱᠠᠭᠠᠷᠳᠠᠪᠠ᠃ ᠣᠨᠴᠠᠭᠠᠶ ᠪᠠᠶᠢᠳᠠᠯ ᠠᠴᠠ ᠭᠠᠳᠠᠨ᠎ᠠ ᠨᠡᠭᠡᠭᠡᠨ ᠮᠠᠯᠲᠠᠬᠤ ᠶᠢ ᠴᠠᠭᠠᠵᠠᠯᠠᠭᠰᠠᠨ ᠣᠷᠣᠨ ᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠶᠢ ᠴᠠᠭᠠᠵᠠᠯᠠᠵᠤ᠂ ᠨᠡᠭᠡᠭᠡᠨ ᠮᠠᠯᠲᠠᠬᠤ ᠶᠢ ᠬᠢᠵᠠᠭᠠᠷᠯᠠᠭᠰᠠᠨ ᠣᠷᠣᠨ ᠳᠤ ᠭᠠᠵᠠᠷ ᠳᠣᠤᠷᠠᠬᠢ ᠤᠰᠤ ᠶᠢ ᠲᠠᠲᠠᠵᠤ ᠬᠡᠷᠡᠭᠯᠡᠬᠦ ᠣᠷᠣᠨ ᠢ ᠰᠢᠨ᠎ᠡ ᠪᠠᠷ ᠨᠡᠮᠡᠭᠳᠡᠭᠦᠯᠬᠦ ᠶᠢ ᠴᠠᠭᠠᠵᠠᠯᠠᠵᠤ᠂ ᠭᠠᠵᠠᠷ ᠳᠣᠤᠷᠠᠬᠢ ᠤᠰᠤ ᠶᠢ ᠪᠣᠬᠢᠷᠲᠤᠭᠤᠯᠬᠤ ᠪᠤᠶᠤ ᠪᠣᠬᠢᠷᠲᠤᠭᠤᠯᠵᠤ ᠮᠡᠳᠡᠬᠦ ᠦᠢᠯᠡ ᠠᠵᠢᠯᠯᠠᠭ᠎ᠠ ᠶᠢ ᠴᠠᠭᠠᠵᠠᠯᠠᠨ᠎ᠠ ᠭᠡᠵᠦ ᠲᠣᠳᠣᠷᠬᠠᠢ ᠲᠣᠭᠲᠠᠭᠠᠵᠠᠶ᠃ ᠲᠥᠰᠦᠯ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠵᠡᠷᠭᠡ ᠦᠢᠯᠡ ᠠᠵᠢᠯᠯᠠᠭ᠎ᠠ ᠶᠢ ᠴᠢᠩᠭ᠎ᠠ ᠰᠢᠢᠳᠬᠡᠬᠦ ᠲᠤᠬᠠᠶ ᠲᠣᠳᠣᠷᠬᠠᠶ ᠲᠣᠭᠲᠠᠭᠠᠯ ᠭᠠᠷᠭᠠᠵᠠᠶ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号