︽︿ᠣᠷᠳᠣ ᠬᠤᠭᠤᠴᠠᠭ᠎ᠠ ᠪᠠᠷ ᠰᠤᠪᠢᠯᠠᠯᠲᠠ ᠶᠢᠨ ᠴᠢᠳᠠᠪᠤᠷᠢ ᠪᠠᠨ ᠠᠯᠳᠠᠭᠰᠠᠳ ᠤᠨ ᠲᠠᠰ ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠢ ᠤᠯᠠᠮᠵᠢᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠡᠳᠡ᠊
ᠨᠡᠶᠢᠲᠡᠯᠡᠭᠰᠡᠨ ᠴᠠᠭ᠄
2021/9/2
      ᠬᠥᠬᠡᠬᠤᠲᠠ᠂ ᠦᠬᠠᠶ ᠬᠤᠲᠠ᠂ ᠮᠠᠨᠵᠤᠤᠷ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠳᠤ᠄      ᠡᠳᠦᠭᠡ ︽︿ᠣᠷᠳᠣ ᠬᠤᠭᠤᠴᠠᠭᠠᠨ ᠪᠠᠷ ᠰᠤᠪᠢᠯᠠᠯᠲᠠ ᠶᠢᠨ ᠴᠢᠳᠠᠪᠤᠷᠢ ᠠᠯᠳᠠᠭᠰᠠᠳ ᠤᠨ ᠳᠡᠰ ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ ︾ ︵ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ  ﹇2021﹈ 37 ᠳ᠋ᠤᠭᠠᠷ ᠲᠣᠭᠠᠲᠤ︶ ᠢ ᠲᠠᠨᠠᠷ ᠲᠤ ᠤᠯᠠᠮᠵᠢᠯᠠᠨ ᠶᠠᠪᠤᠭᠤᠯᠬᠤ ᠶᠢᠨ ᠬᠠᠮᠲᠤ ᠳᠣᠤᠷᠠᠬᠢ ᠬᠡᠳᠦᠨ ᠬᠡᠷᠡᠭᠵᠢᠭᠦᠯᠬᠦ ᠰᠠᠨᠠᠯ ᠢ ᠳᠤᠷᠠᠳᠪᠠ᠂ ᠬᠠᠮᠲᠤ ᠳᠤᠨᠢ ᠲᠤᠤᠱᠯᠠᠭᠤᠯᠤᠨ ᠬᠡᠷᠡᠭᠵᠢᠭᠦᠯᠲᠦᠭᠡᠶ᠃      ᠨᠢᠭᠡ᠂ ᠠᠵᠢᠯ ᠤᠨ ᠨᠠᠶᠢᠳᠠᠪᠤᠷᠢᠵᠢᠭᠤᠯᠤᠯᠲᠠ ᠢ ᠰᠠᠶᠢᠲᠤᠷ ᠠᠳᠬᠤᠬᠤ ᠬᠡᠷᠡᠭᠲᠡᠶ      ᠣᠷᠳᠣ ᠬᠤᠭᠤᠴᠠᠭᠠᠨ ᠤ ᠰᠤᠪᠢᠯᠠᠯᠲᠠ ᠶᠢᠨ ᠴᠢᠳᠠᠪᠤᠷᠢ ᠪᠠᠨ ᠠᠯᠳᠠᠭᠰᠠᠳ ᠤᠨ ᠳᠡᠰ ᠦᠨᠡᠯᠡᠨ ᠵᠢᠱᠢᠬᠦ ᠪᠠᠷᠢᠮᠵᠢᠶ᠎ᠠ ᠪᠣᠯ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠣᠯᠭᠤᠮᠵᠢ ᠭᠥᠷᠳᠡᠬᠦ ᠪᠠ ᠰᠠᠭᠤᠷᠢ ᠮᠦᠩᠭᠦ ᠣᠯᠭᠤᠬᠤ ᠶᠢᠨ ᠴᠢᠬᠤᠯᠠ ᠦᠨᠳᠦᠰᠦᠯᠡᠯ ᠮᠥᠨ᠂ ᠪᠦᠷᠢᠨ ᠪᠦᠲᠦᠨ ᠲᠦᠷᠢᠮ ᠤᠨ ᠰᠢᠰᠲ᠋ᠧᠮᠵᠢ ᠶᠢ ᠪᠦᠷᠢᠯᠳᠦᠭᠦᠯᠬᠦ ᠴᠢᠬᠤᠯᠠ ᠪᠦᠷᠢᠯᠳᠦᠬᠦᠨ ᠬᠡᠰᠡᠭ ᠮᠥᠨ᠃ ᠲᠤᠷᠰᠢᠯᠲᠠ ᠶᠢᠨ ᠭᠠᠵᠠᠷ ᠣᠷᠣᠨ ᠨᠤᠭᠤᠳ ᠱᠠᠭᠠᠷᠳᠠᠯᠭ᠎ᠠ ᠶᠣᠰᠣᠭᠠᠷ ᠲᠤᠷᠰᠢᠨ ᠬᠡᠷᠡᠭᠵᠢᠭᠦᠯᠬᠦ ᠠᠵᠢᠯ ᠢᠶᠠᠨ ᠰᠠᠶᠢᠲᠤᠷ ᠬᠢᠬᠦ ᠶᠢ ᠬᠦᠰᠡᠵᠦ ᠪᠠᠶᠢᠨ᠎ᠠ᠃      ᠬᠤᠶᠠᠷ᠂ ᠲᠦᠷᠦ ᠶᠢᠨ ᠪᠤᠳᠤᠯᠭ᠎ᠠ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠬᠡᠷᠡᠭᠲᠡᠶ      ᠡᠯ᠎ᠡ ᠲᠤᠷᠰᠢᠯᠲᠠ ᠶᠢᠨ ᠴᠢᠭ ᠤᠨ ᠭᠠᠵᠠᠷ ᠣᠷᠣᠨ ᠨᠤᠭᠤᠳ ᠣᠷᠳᠣ ᠬᠤᠭᠤᠴᠠᠭᠠᠨ ᠤ ᠰᠤᠪᠢᠯᠠᠯᠲᠠ ᠶᠢᠨ ᠴᠢᠳᠠᠪᠤᠷᠢ ᠪᠠᠨ ᠠᠯᠳᠠᠭᠰᠠᠳ ᠤᠨ ᠳᠡᠰ ᠦᠨᠡᠯᠡᠨ ᠵᠢᠱᠢᠬᠦ ᠪᠠᠷᠢᠮᠵᠢᠶ᠎ᠠ ᠶᠢ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠶ ᠃ ᠬᠥᠬᠡᠬᠤᠲᠠ ᠲᠣᠰ ᠦᠨᠡᠯᠡᠨ ᠵᠢᠱᠢᠬᠦ ᠪᠠᠷᠢᠮᠵᠢᠶ᠎ᠠ ᠶᠢ ᠯᠠᠪᠯᠠᠯᠲᠠ ᠪᠣᠯᠭᠠᠨ ᠬᠡᠷᠡᠭᠵᠢᠭᠦᠯᠵᠦ᠂ ᠦᠬᠠᠶ ᠬᠤᠲᠠ᠂ ᠮᠠᠨᠵᠤᠤᠷ ᠬᠤᠲᠠ ᠣᠷᠣᠨ ᠨᠤᠲᠤᠭ ᠤᠨ ᠪᠠᠷᠢᠮᠵᠢᠶ᠎ᠠ ᠶᠢ ᠯᠠᠪᠯᠠᠯᠲᠠ ᠪᠣᠯᠭᠠᠬᠤ ᠶᠢᠨ ᠬᠠᠮᠲᠤ ᠲᠡᠭᠦᠯᠳᠡᠷᠵᠢᠭᠦᠯᠵᠦ᠂ ᠵᠠᠷᠴᠢᠮ ᠳᠡᠭᠡᠷ᠎ᠡ ᠪᠠᠨ ᠬᠤᠶᠠᠷ ᠵᠢᠯ ᠤᠨ ᠳᠣᠲᠣᠷ᠎ᠠ ᠤᠯᠤᠰ ᠤᠨ ᠦᠨᠡᠯᠡᠨ ᠵᠢᠱᠢᠬᠦ ᠪᠠᠷᠢᠮᠵᠢᠶ᠎ᠠ ᠳᠤ ᠨᠢᠭᠡᠳᠦᠯᠲᠡᠶ ᠣᠷᠣᠭᠤᠯᠤᠨ᠎ᠠ᠃      ᠭᠤᠷᠪᠠ᠂ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ      ᠲᠤᠷᠰᠢᠯᠲᠠ ᠶᠢᠨ ᠴᠢᠭ ᠤᠨ ᠭᠠᠵᠠᠷ ᠣᠷᠣᠨ ᠤ ᠡᠯ᠎ᠡ ᠱᠠᠲᠤᠨ ᠤ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠪᠣᠯᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢ ᠦᠨᠡᠨᠬᠦ ᠪᠠᠲᠤᠯᠠᠵᠤ᠂ ᠨᠢᠭᠳᠠᠷᠠᠨ ᠪᠦᠯᠬᠦᠮᠳᠡᠬᠦ ᠬᠠᠮᠳᠦ ᠶᠢᠨ ᠲᠠᠨᠢᠯᠳᠠ ᠪᠠᠨ ᠪᠦᠷᠢᠯᠳᠦᠭᠦᠯᠦᠨ᠂ ᠦᠨᠡᠯᠡᠨ ᠵᠢᠱᠢᠭᠰᠡᠨ ᠦᠷ᠎ᠡ ᠳ᠋ᠦᠩ ᠢ ᠰᠠᠯᠠᠭ᠎ᠠ ᠮᠥᠴᠢᠷ ᠠᠯᠤᠰᠯᠠᠨ ᠬᠠᠷᠢᠯᠴᠠᠨ ᠮᠡᠳᠡᠷᠡᠬᠦ ᠵᠡᠷᠭᠡ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠶ᠃      ᠳᠠᠭᠠᠯᠳᠤᠭᠤᠯᠤᠯ᠄ ︽ ︿ᠣᠷᠳᠣ ᠬᠤᠭᠤᠴᠠᠭᠠᠨ ᠤ ᠰᠤᠪᠢᠯᠠᠯᠲᠠ ᠶᠢᠨ ᠴᠢᠳᠠᠪᠤᠷᠢ ᠠᠯᠳᠠᠭᠰᠠᠳ ᠤᠨ ᠳᠡᠰ ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ  ᠮᠡᠳᠡᠭᠳᠡᠯ︾          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠤᠪᠴᠢᠶ᠎ᠠ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ      2021 ᠣᠨ ᠤ 8  ᠳ᠋ᠤᠠᠭᠷ ᠰᠠᠷ᠎ᠠ ᠶᠢᠨ 18 ᠤ ᠡᠳᠦᠷ      ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号