︽ᠣᠷᠳᠣ ᠬᠤᠭᠤᠴᠠᠭᠠᠨ ᠪᠠᠷ ᠰᠤᠪᠢᠯᠠᠯᠲᠠ ᠶᠢᠨ ᠴᠢᠳᠠᠪᠤᠷᠢ ᠠᠯᠳᠠᠭᠰᠠᠳ ᠤᠨ ᠲᠡᠰ ᠦᠨᠡᠯᠡᠨ ᠵᠢᠱᠢᠬᠦ | ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠢ ᠤᠯᠤᠰ ᠤᠨ ᠡᠮᠴᠢᠯᠡᠭᠡ ᠶᠢᠨ | ᠪᠠᠳᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠨ | ᠮᠡᠳᠡᠭᠳᠡᠯ | ᠡᠮᠴᠢᠯᠡᠭᠡ ᠪᠠᠳᠤᠯᠠᠭ᠎ᠠ ᠠᠯᠪᠠᠨ ᠲᠠᠷᠬᠠᠭᠠᠭᠰᠠᠨ ﹇2021﹈ 37 ᠳ᠋ᠤᠭᠠᠷ ᠲᠣᠭᠠᠲᠤ | ᠬᠤᠯᠪᠣᠭᠳᠠᠯ ᠪᠥᠬᠦᠶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠵᠢᠴᠢ ᠰᠢᠨᠵᠢᠶᠠᠩ ᠤᠨ | ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠪᠢᠩᠲ᠋ᠤᠸᠠᠨ ᠤ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ᠂ | ᠠᠷᠠᠳ ᠤᠨ ᠶᠠᠪᠤᠳᠠᠯ ᠤᠨ ᠲᠢᠩᠬᠢᠮ ︵ᠲᠣᠪᠴᠢᠶ᠎ᠠ︶ ᠳᠤ᠄ | ︽ᠣᠷᠳᠣ ᠬᠤᠭᠤᠴᠠᠭᠠᠨ ᠪᠠᠷ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢ ᠥᠷᠭᠡᠳᠬᠡᠬᠦ | ᠲᠤᠬᠠᠶ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠡᠳ᠋ ᠤᠨ ᠵᠠᠰᠠᠭ ᠤᠨ ᠶᠠᠮᠤᠨ ᠤ ᠵᠢᠯᠣᠭᠤᠳᠬᠤ | ᠰᠠᠨᠠᠯ︾ ︵ ᠡᠮᠴᠢᠯᠡᠭᠡ ᠪᠠᠳᠤᠯᠠᠭ᠎ᠠ ᠲᠠᠷᠬᠠᠭᠠᠭᠰᠠᠨ ﹇2020﹈ 37 ᠳ᠋ᠤᠭᠠᠷ ᠲᠣᠭᠠᠲᠤ᠂ ᠳᠣᠷᠣᠭᠰᠢ ︽37 | ᠳ᠋ᠤᠭᠠᠷ ᠲᠣᠭᠠᠲᠤ ᠪᠢᠴᠢᠭ ᠮᠠᠲ᠋ᠧᠷᠢᠶᠠᠯ︾ ᠭᠡᠵᠦ ᠲᠣᠪᠴᠢᠯᠠᠨ᠎ᠠ︶ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢ | ᠯᠠᠪᠳᠠᠭᠤᠨ ᠢᠶᠠᠷ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠬᠠᠮᠵᠢᠯᠴᠠᠨ ᠠᠬᠢᠭᠤᠯᠵᠤ᠂ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠨᠢ | ᠠᠷᠠᠳ ᠤᠨ ᠶᠠᠪᠤᠳᠠᠯ ᠤᠨ ᠶᠠᠮᠤᠨ ᠲᠠᠢ ᠬᠠᠮᠲᠤᠷᠠᠨ ︽ᠣᠷᠳᠣ ᠬᠤᠭᠤᠴᠠᠭᠠᠨ ᠪᠠᠷ ᠰᠤᠪᠢᠯᠠᠯᠲᠠ ᠶᠢᠨ ᠴᠢᠳᠠᠪᠤᠷᠢ ᠪᠠᠨ | ᠠᠯᠳᠠᠭᠰᠠᠳ ᠤᠨ ᠲᠠᠰ ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠦᠨᠡᠯᠡᠨ | ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠭᠡᠵᠦ ᠲᠣᠪᠴᠢᠯᠠᠨ᠎ᠠ︶ ᠶᠢ ᠲᠤᠭᠤᠷᠪᠢᠵᠤ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠱᠠᠭᠠᠷᠳᠠᠯᠭ᠎ᠠ ᠶᠣᠰᠣᠭᠠᠷ ᠣᠷᠳᠣ ᠬᠤᠭᠤᠴᠠᠭᠠᠨ ᠪᠠᠷ ᠰᠤᠪᠢᠯᠠᠯᠲᠠ ᠶᠢᠨ | ᠳᠠᠭᠠᠳᠬᠠᠯ ᠤᠨ ᠲᠦᠷᠢᠮ ᠤᠨ ᠲᠤᠷᠰᠢᠯᠲᠠ ᠶᠢᠨ ᠬᠤᠲᠠ ᠶᠢᠨ ᠲᠤᠷᠰᠢᠨ ᠬᠡᠷᠡᠭᠵᠢᠭᠦᠯᠬᠦ ᠠᠵᠢᠯ ᠢ ᠰᠠᠶᠢᠲᠤᠷ ᠬᠢᠬᠦ | ᠳᠤ ᠵᠢᠯᠤᠭᠤᠳᠤᠯᠭ᠎ᠠ ᠪᠤᠯᠭᠠᠪᠠ᠃ | ᠡᠯ᠎ᠡ ᠲᠤᠷᠰᠢᠯᠲᠠ ᠶᠢᠨ ᠴᠢᠭ ᠤᠨ ᠭᠠᠵᠠᠷ ᠣᠷᠣᠨ ᠨᠤᠭᠤᠳ ᠪᠠᠷᠢᠮᠵᠢᠶ᠎ᠠ ᠶᠢᠨ ᠨᠢᠭᠡᠳᠦᠯᠲᠦ ᠴᠢᠨᠠᠷ᠂ | ᠣᠯᠭᠤᠮᠵᠢ ᠶᠢᠨ ᠲᠡᠩᠴᠡᠭᠦᠷᠢᠲᠦ ᠴᠢᠨᠠᠷ᠂ ᠲᠦᠷᠢᠮ ᠤᠨ ᠲᠥᠪ ᠭᠤᠤᠯᠴᠢ ᠴᠢᠨᠠᠷ ᠢ ᠠᠬᠢᠭᠤᠯᠬᠤ ᠲᠠᠯ᠎ᠠ ᠪᠠᠷ ᠣᠷᠳᠣ | ᠬᠤᠭᠤᠴᠠᠭᠠᠨ ᠪᠠᠷ ᠰᠤᠪᠢᠯᠠᠯᠲᠠ ᠶᠢᠨ ᠴᠢᠳᠠᠪᠤᠷᠢ ᠪᠠᠨ ᠠᠯᠳᠠᠭᠰᠠᠳ ᠤᠨ ᠳᠡᠰ ᠦᠨᠡᠯᠡᠨ ᠵᠢᠱᠢᠬᠦ ᠠᠵᠢᠯ ᠢ | ᠨᠢᠭᠡᠳᠦᠯᠲᠡᠶ ᠵᠢᠷᠤᠮᠵᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠦᠨᠡᠯᠡᠨ ᠵᠢᠱᠢᠬᠦ ᠪᠠᠷᠢᠮᠵᠢᠶ᠎ᠠ ︵ | ᠲᠤᠷᠰᠢᠨ ᠬᠡᠷᠡᠭᠵᠢᠭᠦᠯᠬᠦ︶︾ ᠶᠢ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠶ᠃ 37 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠳᠤ ᠲᠣᠳᠣᠷᠬᠠᠶᠢᠯᠠᠭᠰᠠᠨ ᠰᠢᠨ᠎ᠡ ᠪᠠᠷ ᠨᠡᠮᠡᠭᠳᠡᠭᠰᠡᠨ 14 ᠲᠤᠷᠰᠢᠯᠲᠠ ᠶᠢᠨ ᠴᠢᠭ ᠪᠣᠯᠬᠤ ᠬᠤᠲᠠ ᠳᠤ ︽ | ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠯᠠᠪᠯᠠᠯᠲᠠ ᠪᠣᠯᠭᠠᠨ ᠬᠡᠷᠡᠭᠵᠢᠭᠦᠯᠵᠦ᠂ ᠤᠤᠯ ᠤᠨ | ᠲᠤᠷᠰᠢᠯᠲᠠ ᠶᠢᠨ ᠴᠢᠭ ᠪᠣᠯᠬᠤ ᠬᠤᠲᠠ ᠳᠤ ᠣᠷᠣᠨ ᠨᠤᠲᠤᠭ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠨ | ᠲᠡᠭᠦᠯᠳᠡᠷᠵᠢᠭᠦᠯᠵᠦ᠂ ᠵᠠᠷᠴᠢᠮ ᠳᠡᠭᠡᠷ᠎ᠡ ᠪᠠᠨ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ | ᠬᠤᠶᠠᠷ ᠵᠢᠯ ᠤᠨ ᠳᠣᠲᠣᠷ᠎ᠠ ︽ᠦᠨᠡᠯᠡᠨ ᠵᠢᠱᠢᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠳᠡᠭᠡᠷ᠎ᠡ ᠨᠢᠭᠡᠳᠬᠡᠨ᠎ᠡ᠃ | ᠲᠤᠷᠰᠢᠯᠲᠠ ᠶᠢᠨ ᠴᠢᠭ ᠪᠣᠯᠬᠤ ᠬᠤᠲᠠ ᠨᠢ ᠲᠤᠷᠰᠢᠯᠲᠠ ᠶᠢᠨ ᠴᠢᠭ ᠤᠨ ᠪᠣᠳᠠᠲᠤ ᠪᠠᠶᠢᠳᠠᠯ ᠢᠶᠠᠨ ᠦᠨᠳᠦᠰᠦᠯᠡᠨ᠂ | ︽ᠦᠨᠡᠯᠡᠨ ᠵᠢᠱᠢᠬᠦ ᠪᠠᠷᠢᠮᠵᠢᠶ᠎ᠠ | ︵ᠲᠤᠷᠰᠢᠨ ᠬᠡᠷᠡᠭᠵᠢᠭᠦᠯᠬᠦ︶︾ ᠶᠢ ᠨᠠᠷᠢᠯᠢᠬᠵᠢᠭᠤᠯᠤᠨ ᠲᠡᠭᠦᠯᠳᠡᠷᠵᠢᠭᠦᠯᠵᠦ ᠪᠣᠯᠤᠨ᠎ᠠ᠃ | ᠲᠤᠷᠰᠢᠯᠲᠠ ᠶᠢᠨ ᠭᠠᠵᠠᠷ ᠣᠷᠣᠨ ᠤ ᠡᠯ᠎ᠡ ᠱᠠᠲᠤᠨ ᠤ ᠡᠮᠴᠢᠯᠡᠭᠡᠨ ᠤ ᠪᠠᠳᠤᠯᠠᠭ᠎ᠠ ᠶᠢᠨ ᠰᠠᠯᠠᠭ᠎ᠠ ᠮᠥᠴᠢᠷ | ᠪᠣᠯᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ | ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠬᠤ ᠦᠨᠡᠯᠡᠨ ᠵᠢᠱᠢᠭᠰᠡᠨ ᠦᠷ᠎ᠡ ᠳ᠋ᠦᠩ ᠢ ᠰᠠᠯᠠᠭ᠎ᠠ ᠮᠥᠴᠢᠷ | ᠠᠯᠤᠰᠯᠠᠨ ᠬᠠᠷᠢᠯᠴᠠᠨ ᠮᠡᠳᠡᠷᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠮᠴᠢᠯᠡᠭᠡᠨ ᠤ ᠪᠠᠳᠤᠯᠠᠭ᠎ᠠ ᠶᠢᠨ | ᠰᠠᠯᠠᠭ᠎ᠠ ᠮᠥᠴᠢᠷ ᠤᠨ ᠦᠨᠡᠯᠡᠨ ᠵᠢᠱᠢᠭᠰᠡᠨ ᠣᠷᠳᠣ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠣᠯᠭᠤᠮᠵᠢ | ᠭᠥᠷᠳᠡᠬᠦ ᠨᠥᠬᠦᠴᠡᠯ ᠳᠤ ᠨᠡᠶᠢᠴᠡᠬᠦ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠲᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠠᠴᠠ ᠰᠤᠪᠢᠯᠠᠯᠲᠠ ᠶᠢᠨ ᠨᠥᠬᠦᠪᠥᠷᠢ ᠥᠭᠬᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ | ᠵᠢᠯᠣᠭᠤᠳᠤᠨ ᠡᠮᠨᠡᠯᠭᠡ ᠳᠤ ᠣᠷᠣᠬᠤ ᠶᠢ ᠦᠨᠡᠯᠡᠨ ᠵᠢᠱᠢᠬᠦ ᠠᠵᠢᠯ ᠥᠷᠨᠢᠭᠦᠯᠬᠦ ᠳᠡᠭᠡᠨ᠂ ᠡᠮᠴᠢᠯᠡᠭᠡᠨ ᠤ ᠪᠠᠳᠤᠯᠠᠭ᠎ᠠ | ᠶᠢᠨ ᠰᠠᠯᠠᠭ᠎ᠠ ᠮᠥᠴᠢᠷ ᠤᠨ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠢᠲᠡᠭᠡᠮᠵᠢ ᠲᠠᠢ ᠪᠣᠯᠭᠠᠬᠤ ᠶᠢ ᠬᠠᠶᠢᠨ | ᠰᠦᠪᠡᠭᠴᠢᠯᠡᠨ᠎ᠡ᠃ ᠦᠨᠡᠯᠡᠨ ᠵᠢᠱᠢᠭᠰᠡᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠲᠣᠭᠲᠠᠴᠠ ᠶᠢ ᠰᠦᠪᠡᠭᠴᠢᠯᠡᠨ | ᠪᠠᠶᠢᠭᠤᠯᠵᠤ᠂ ᠦᠨᠡᠯᠡᠨ ᠵᠢᠱᠢᠭᠳᠡᠬᠦ ᠡᠲᠡᠭᠡᠳ ᠤᠨ ᠬᠤᠪᠢ ᠬᠥᠮᠦᠨ ᠤ ᠮᠡᠳᠡᠭᠡ ᠵᠠᠩᠭᠢ ᠵᠡᠷᠭᠡ ᠲᠤᠭ᠎ᠠ ᠪᠠᠷᠢᠮᠲᠠ ᠶᠢᠨ | ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠤᠷ᠎ᠠ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠨ | ᠳᠣᠭᠢᠷᠠᠭᠤᠯᠵᠤ᠂ ᠦᠨᠡᠯᠡᠨ ᠵᠢᠱᠢᠭᠰᠡᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠪᠡᠶᠡᠯᠡᠭᠦᠯᠦᠨ᠎ᠡ᠃ ᠦᠨᠡᠯᠡᠨ | ᠵᠢᠱᠢᠭᠰᠡᠨ ᠦᠷ᠎ᠡ ᠪᠦᠲᠦᠮᠵᠢ ᠶᠢ ᠦᠨᠡᠯᠡᠬᠦ ᠲᠣᠭᠲᠠᠴᠠ ᠶᠢ ᠬᠠᠮᠵᠢᠯᠴᠠᠨ ᠰᠦᠪᠡᠭᠴᠢᠯᠡᠨ ᠪᠠᠶᠢᠭᠤᠯᠵᠤ᠂ ᠰᠢᠨ᠎ᠡ | ᠪᠠᠶᠢᠳᠠᠯ ᠰᠢᠨ᠎ᠡ ᠠᠰᠠᠭᠤᠳᠠᠯ ᠢ ᠰᠤᠳᠤᠯᠤᠨ᠂ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠵᠦ᠂ ᠦᠨᠡᠯᠡᠨ | ᠵᠢᠱᠢᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠬᠠᠷᠢᠭᠤ ᠲᠤᠰᠬᠠᠬᠤ | ᠬᠡᠷᠡᠭᠲᠡᠶ᠃ | ᠣᠨᠴᠠᠭᠠᠶᠢᠯᠠᠨ ᠮᠡᠳᠡᠭᠳᠡᠪᠡ᠃ | ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ | ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ | 2021 ᠣᠨ ᠤ 7 ᠳ᠋ᠤᠭᠠᠷ ᠰᠠᠷ᠎ᠠ ᠶᠢᠨ 16 ᠤ ᠡᠳᠦᠷ |