ᠰᠢᠯᠢ ᠶᠢᠨ ᠭᠤᠤᠯ ᠠᠶᠢᠮᠠᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠵᠢᠯ  ᠢ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2021/9/24
      ᠪᠥᠬᠦ ᠠᠶᠢᠮᠠᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠯᠢ ᠶᠢᠨ ᠭᠤᠤᠯ ᠠᠶᠢᠮᠠᠭ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠢᠳᠡᠪᠬᠢᠲᠡᠶ ᠪᠠᠷ ᠠᠷᠭ᠎ᠠ ᠰᠦᠪᠡᠭᠴᠢᠯᠡᠨ ᠪᠠᠶᠢᠷᠢᠯᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠪᠠ᠃      ᠨᠠᠷᠢᠨ ᠨᠢᠮᠪᠠᠶ ᠪᠠᠶᠢᠷᠢᠯᠠᠭᠤᠯᠤᠨ ᠵᠢᠯᠣᠭᠤᠳᠴᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠠᠲᠤᠳᠬᠠᠨ᠎ᠠ᠃ ︽2022 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠭᠡᠯ ᠲᠤᠰᠢᠶᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠤᠲᠠ ᠪᠠᠯᠭᠠᠰᠤ ᠶᠢᠨ ᠠᠵᠢᠯ ᠥᠬᠡᠶ ᠰᠠᠭᠤᠭᠠᠯᠢ ᠠᠷᠠᠳ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ᠂ ᠡᠯ᠎ᠡ ᠲᠥᠷᠥᠯ ᠤᠨ ᠰᠤᠷᠭᠠᠭᠤᠯᠢ ᠳᠤ ᠪᠠᠶᠢᠭ᠎ᠠ ᠰᠣᠷᠣᠭᠴᠢ᠂ ᠰᠤᠷᠬᠤ ᠨᠠᠰᠤᠨ ᠠᠴᠠ ᠡᠮᠦᠨᠡᠬᠢ ᠬᠡᠤᠬᠡᠳ ᠵᠢᠴᠢ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠪᠤᠰᠤᠳ ᠬᠥᠮᠦᠰ ᠢ ᠰᠦᠢᠳᠭᠡᠯ ᠲᠤᠰᠢᠶᠠᠬᠤ ᠡᠲᠡᠭᠡᠳ ᠲᠤ ᠣᠷᠣᠭᠤᠯᠤᠨ᠎ᠠ᠃ ᠦᠨᠳᠦᠰᠦᠨ ᠵᠦᠢᠯ ᠢ ᠪᠠᠲᠤᠯᠠᠬᠤ᠂ ᠪᠦᠬᠦᠨ ᠢ ᠬᠠᠮᠤᠷᠬᠤ ᠶᠢ ᠪᠣᠳᠣᠯᠬᠢᠯᠠᠵᠤ᠂ ᠭᠤᠣᠯᠳᠠᠯᠭ᠎ᠠ ᠲᠠᠢ ᠬᠥᠮᠦᠰ ᠢᠯᠠᠩᠭᠤᠶ᠎ᠠ ᠬᠦᠴᠢᠷᠳᠡᠯ ᠲᠠᠢ ᠬᠥᠮᠦᠰ ᠤᠨ ᠳᠠᠭᠠᠳᠬᠠᠯ ᠳᠤ ᠣᠷᠣᠯᠴᠠᠬᠤ ᠠᠵᠢᠯ ᠢ ᠬᠠᠨᠳᠤᠯᠭᠠᠲᠤ ᠴᠢᠨᠠᠷᠲᠠᠶ ᠪᠠᠷ ᠴᠢᠩᠭᠠᠳᠬᠠᠪᠠ᠃ ︽ᠪᠦᠬᠦ ᠠᠶᠢᠮᠠᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ ᠲᠤᠬᠠᠶ ᠵᠢᠯᠣᠭᠤᠳᠬᠤ ᠰᠠᠨᠠᠯ︾ ᠢ ᠲᠣᠭᠲᠠᠭᠠᠵᠤ᠂ ︽ᠵᠠᠰᠠᠭ ᠤᠨ ᠣᠷᠳᠣᠨ ᠵᠣᠬᠢᠶᠠᠨ ᠪᠠᠶᠢᠭᠤᠯᠵᠤ᠂ ᠰᠠᠯᠠᠭ᠎ᠠ ᠮᠥᠴᠢᠷ ᠬᠠᠮᠵᠢᠯᠴᠠᠨ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠬᠢᠨᠠᠨ ᠰᠢᠯᠭᠠᠯᠲᠠ ᠶᠢ ᠴᠢᠩᠭᠠᠳᠬᠠᠬᠤ︾ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠤ ᠬᠢᠨᠠᠯᠲᠠ ᠲᠠᠯᠪᠢᠵᠤ ᠰᠢᠯᠭᠠᠨ ᠬᠢᠨᠠᠬᠤ ᠬᠠᠷᠢᠭᠤᠴᠠᠯᠭ᠎ᠠ ᠪᠠ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠳᠠᠭᠠᠳᠬᠠᠯ ᠳᠤ ᠣᠷᠣᠯᠴᠠᠨ ᠲᠠᠲᠠᠪᠤᠷᠢᠯᠠᠨ ᠲᠤᠰᠢᠶᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠲᠤ ᠱᠠᠲᠤ ᠪᠠᠷ ᠬᠠᠷᠢᠭᠤᠴᠠᠬᠤ ᠬᠥᠮᠦᠨ ᠲᠠᠢ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢ ᠦᠨᠡᠨᠬᠦ ᠪᠠᠲᠤᠯᠠᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠨ ᠰᠦᠢᠳᠭᠡᠯ ᠲᠤᠰᠢᠶᠠᠬᠤ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃      ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠣᠷᠣᠯᠴᠠᠬᠤ ᠶᠣᠰᠣᠲᠠᠶ ᠶᠢ ᠨᠢ ᠪᠦᠬᠦᠨ ᠢ ᠣᠷᠣᠯᠴᠠᠬᠤ ᠶᠢ ᠪᠡᠶᠡᠯᠡᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠠᠬᠢᠵᠢᠭᠦᠯᠦᠨ ᠥᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠲᠥᠷᠥᠯ ᠬᠤᠪᠢᠶᠠᠨ ᠲᠡᠳᠬᠦᠵᠦ ᠳᠠᠭᠠᠳᠬᠠᠯ ᠳᠤ ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠳᠣᠭᠢᠷᠠᠭᠤᠯᠤᠨ ᠰᠢᠯᠢᠳᠡᠭᠵᠢᠭᠦᠯᠵᠦ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠬᠠᠷᠢᠴᠠᠭᠤᠯᠤᠯ ᠪᠠ ᠬᠥᠳᠡᠯᠦᠩᠭᠦᠶ ᠬᠠᠮᠠᠭᠠᠯᠠᠯᠲᠠ ᠶᠢ ᠴᠢᠩᠭᠠᠳᠬᠠᠨ᠂ ︽ᠳᠠᠭᠠᠳᠬᠠᠯ ᠢ ᠣᠷᠬᠢᠭᠳᠠᠭᠤᠯᠬᠤ︾ ︽ᠳᠠᠭᠠᠳᠬᠠᠯ ᠢ ᠲᠠᠰᠤᠯᠳᠠᠭᠤᠯᠬᠤ︾ ᠶᠢ ᠰᠡᠷᠭᠡᠶᠢᠯᠡᠨ ᠬᠤᠷᠢᠭᠯᠠᠵᠤ᠂ ᠳᠠᠬᠢᠨ ᠳᠠᠪᠲᠠᠨ ᠳᠠᠭᠠᠳᠬᠠᠯ ᠳᠤ ᠣᠷᠣᠯᠴᠠᠬᠤ ᠠᠴᠠ ᠵᠠᠶᠢᠯᠠᠰᠬᠢᠨ᠎ᠡ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠶᠢ ᠲᠥᠷᠥᠯ ᠬᠤᠪᠢᠶᠠᠨ ᠲᠤᠰᠠᠯᠠᠬᠤ ᠪᠠᠷ ᠳᠠᠮᠵᠢᠭᠤᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ  ᠶᠢᠨ ᠳᠠᠭᠠᠳᠬᠠᠯ ᠳᠤ ᠤᠷᠤᠯᠴᠠᠬᠤ ᠣᠨᠴᠠ ᠬᠦᠴᠢᠷᠳᠡᠯᠲᠡᠶ ᠬᠥᠮᠦᠰ ᠲᠤ ᠪᠥᠬᠦ ᠲᠤᠭ᠎ᠠ ᠪᠠᠷ ᠲᠤᠰᠠᠯᠠᠨ᠎ᠠ︔ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠳᠠᠬᠢᠨ ᠶᠠᠳᠠᠭᠤᠷᠠᠭᠰᠠᠨ ᠠᠴᠠ ᠪᠣᠯᠵᠣ ᠶᠠᠳᠠᠭᠤᠷᠠᠭᠰᠠᠨ ᠬᠥᠮᠦᠨ ᠠᠮᠠ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠮᠥᠷᠲᠡᠭᠡᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠨ ᠠᠮᠠ ᠶᠢ ᠬᠢᠨᠠᠨ ᠬᠡᠮᠵᠢᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠬᠥᠮᠦᠰ ᠲᠤ ᠲᠣᠭᠲᠠᠭᠰᠠᠨ ᠲᠣᠭᠠᠨ ᠤ ᠲᠤᠰᠠᠯᠠᠮᠵᠢ ᠣᠯᠭᠤᠨ᠎ᠠ᠃ ᠬᠦᠴᠢᠷᠳᠡᠯᠲᠡᠶ ᠣᠯᠠᠨ ᠲᠦᠮᠡᠨ ᠤ ᠲᠠᠭᠠᠳᠬᠠᠯ ᠳᠤ ᠣᠷᠣᠯᠴᠠᠬᠤ ᠶᠣᠰᠣᠲᠠᠶ ᠶᠢ ᠨᠢ ᠴᠥᠮ ᠪᠠᠲᠤᠯᠠᠵᠤ᠂ ᠲᠥᠷᠥ ᠶᠢᠨ ᠪᠣᠳᠣᠯᠭ᠎ᠠ ᠶᠢ ᠵᠣᠯᠭᠠᠯᠳᠤᠭᠤᠯᠬᠤ᠂ ᠣᠯᠭᠤᠮᠵᠢ ᠶᠢ ᠪᠠᠲᠤᠯᠠᠭ᠎ᠠ ᠲᠠᠢ ᠪᠠᠶᠢᠯᠭᠠᠬᠤ᠂ ᠲᠦᠷᠢᠮ ᠢ ᠦᠷᠭᠦᠯᠵᠢᠯᠡᠭᠦᠯᠬᠦ ᠶᠢ ᠪᠡᠶᠡᠯᠡᠭᠦᠯᠦᠨ᠎ᠡ᠃      ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ ᠵᠠᠮ ᠢ ᠥᠷᠭᠡᠳᠬᠡᠵᠦ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠵᠠᠰᠠᠭ ᠤᠨ ᠣᠷᠳᠣᠨ ᠠᠴᠠ ᠨᠢᠭᠡᠳᠦᠯᠲᠡᠶ ᠵᠣᠬᠢᠶᠠᠨ ᠪᠠᠶᠢᠭᠤᠯᠬᠤ᠂ ᠤᠯᠠᠨ ᠲᠠᠯ᠎ᠠ ᠶᠢᠨ ᠬᠢᠨ ᠬᠠᠷᠢᠯᠴᠠᠨ ᠬᠠᠮᠵᠢᠯᠴᠠᠬᠤ᠂ ᠲᠥᠪᠯᠡᠷᠡᠭᠦᠯᠦᠨ ᠲᠠᠲᠠᠪᠤᠷᠢᠯᠠᠬᠤ ᠪᠤᠶᠤ ᠨᠠᠶᠢᠳᠠᠵᠤ ᠣᠷᠣᠯᠠᠨ ᠬᠤᠷᠢᠶᠠᠯᠭᠠᠬᠤ︾ ᠵᠠᠷᠴᠢᠮ ᠤᠨ ᠶᠣᠰᠣᠭᠠᠷ ᠳᠠᠭᠠᠳᠬᠠᠯ ᠤᠨ ᠵᠠᠷᠤᠳᠠᠯ ᠢ ᠲᠠᠲᠠᠪᠤᠷᠢᠯᠠᠨ ᠲᠤᠰᠢᠶᠠᠨ᠎ᠠ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ︽ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ︾ ᠫᠷᠦᠭᠷᠠᠮ᠂ ︽ ᠮᠦᠩᠬᠡ ᠰᠤᠪᠠᠭ ᠠᠯᠪᠠᠯᠠᠬᠤ︾᠂ ︽ ᡁᠢ ᠹᠦ᠋ ᠪᠤᠤ︾᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠭᠠᠷ ᠤᠲᠠᠰᠤᠨ ᠤ ᠪᠠᠩᠬᠢ ᠵᠡᠷᠭᠡ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠠᠷᠭ᠎ᠠ ᠮᠠᠶ᠋ᠢᠭ ᠢ ᠶᠡᠬᠡᠪᠡᠷ ᠬᠡᠷᠡᠭᠵᠢᠭᠦᠯᠬᠦ ᠶᠢᠨ ᠬᠠᠮᠲᠤ᠂ ᠭᠠᠶᠢᠯᠢ ᠶᠢᠨ ᠶᠠᠪᠤᠳᠠᠯ ᠤᠨ ᠴᠣᠩᠬᠤ᠂ POS ᠮᠠᠰᠢᠨ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠲᠣᠤᠷ ᠴᠢᠭ ᠵᠡᠷᠭᠡ ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠪᠠᠳᠤᠯᠠᠭ᠎ᠠ ᠶᠢᠨ ᠳᠠᠭᠠᠳᠬᠠᠯ ᠳᠤ ᠣᠷᠣᠯᠴᠠᠬᠤ ᠵᠠᠷᠤᠳᠠᠯ ᠢ ᠣᠯᠠᠨ ᠠᠷᠭ᠎ᠠ ᠵᠠᠮ ᠢᠶᠠᠷ ᠲᠤᠰᠢᠶᠠᠨ᠎ᠠ᠃ ᠰᠦᠢᠳᠭᠡᠯ ᠲᠤᠰᠢᠶᠠᠬᠤ ᠲᠠᠪᠴᠠᠩ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠦᠢᠳᠭᠡᠯ ᠲᠤᠰᠢᠶᠠᠬᠤ ᠠᠷᠭ᠎ᠠ ᠵᠠᠮ ᠢ ᠥᠷᠭᠡᠳᠬᠡᠨ᠂ ᠳᠠᠭᠠᠳᠬᠠᠯ ᠳᠤ ᠣᠷᠣᠯᠴᠠᠬᠤ ᠶᠢ ᠳᠡᠩᠰᠡᠯᠡᠨ ᠲᠡᠮᠳᠡᠭᠯᠡᠬᠦ᠂ ᠰᠦᠢᠳᠭᠡᠯ ᠲᠤᠰᠢᠶᠠᠬᠤ ᠪᠠᠷ ᠮᠡᠳᠡᠭᠦᠯᠬᠦ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠳᠠᠭᠠᠳᠬᠠᠯ ᠳᠤ ᠣᠷᠣᠯᠴᠠᠭᠰᠠᠨ ᠭᠡᠷᠡᠴᠢ ᠪᠠᠷᠢᠮᠲᠠ ᠶᠢ ᠪᠠᠭᠤᠯᠭᠠᠬᠤ ᠵᠡᠷᠭᠡ ᠭᠤᠭᠴᠤᠭ᠎ᠠ ᠶᠢ ᠨᠡᠪᠲᠡᠷᠡᠭᠦᠯᠵᠦ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ︽ᠠᠯᠠᠭᠠᠨ ᠳᠡᠭᠡᠷ᠎ᠡ ᠪᠠᠨ ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ︾ ᠵᠠᠭᠪᠤᠷ ᠢ ᠪᠡᠶᠡᠯᠡᠭᠦᠯᠦᠨ᠎ᠡ᠃      ᠤᠯᠠᠨ ᠲᠠᠯ᠎ᠠ ᠶᠢᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ᠨᠡᠶᠢᠭᠡᠮ ᠤᠨ ᠠᠭᠤᠷ ᠠᠮᠢᠰᠬᠤᠯ ᠢ ᠸᠢᠴᠠᠲ ᠤᠨ ᠬᠡᠷᠡᠭᠯᠡᠭᠴᠢ᠂ ᠵᠠᠰᠠᠭ ᠤᠨ ᠶᠠᠪᠤᠳᠠᠯ ᠤᠨ ᠰᠦᠯᠵᠢᠶᠡᠨ ᠥᠷᠲᠡᠭᠡ ᠶᠢᠨ ᠮᠡᠳᠡᠭᠡ ᠵᠠᠩᠭᠢ ᠶᠢ ᠢᠯᠡ ᠪᠣᠯᠭᠠᠬᠤ ᠪᠤᠯᠤᠩ ᠵᠡᠷᠭᠡ ᠰᠦᠯᠵᠢᠶᠡᠨ ᠳᠡᠭᠡᠷᠡᠬᠢ ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠰᠣᠨᠢᠨ᠂ ᠷᠠᠳᠢᠣ᠋ ᠬᠤᠷᠢᠶ᠎ᠠ᠂ ᠲᠧᠯᠸᠢᠰ ᠬᠤᠷᠢᠶ᠎ᠠ ᠵᠡᠷᠭᠡ ᠰᠦᠯᠵᠢᠶᠡᠨ ᠭᠠᠳᠠᠨᠠᠬᠢ ᠠᠷᠭ᠎ᠠ ᠮᠠᠶ᠋ᠢᠭ ᠲᠠᠢ ᠤᠶᠠᠯᠳᠤᠭᠤᠯᠤᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ  ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠶᠢᠨ ᠠᠴᠢ ᠬᠤᠯᠪᠣᠭᠳᠠᠯ ᠪᠠ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠴᠤᠪᠤᠷᠠᠯ᠂ ᠠᠷᠭ᠎ᠠ ᠶᠢ ᠥᠷᠭᠡᠨ ᠢᠶᠠᠷ ᠤᠬᠠᠭᠤᠯᠪᠠ᠃ ︽ᠰᠢᠯᠢ ᠶᠢᠨ ᠭᠤᠤᠯ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ︾ ᠶᠢ ᠨᠠᠶᠢᠷᠠᠭᠤᠯᠤᠨ ᠬᠡᠪᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠲᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ᠂ ᠣᠯᠭᠤᠮᠵᠢ ᠶᠢᠨ ᠲᠠᠩᠰᠠ ᠲᠠᠶᠢᠯᠬᠤ ᠪᠠᠷᠢᠮᠵᠢᠶ᠎ᠠ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠡᠮᠴᠢᠯᠡᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠣᠶᠢᠯᠠᠭᠠᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠬᠠᠮᠰᠠᠷ ᠠᠴᠠ ᠪᠠᠨ ᠳᠠᠭᠠᠳᠬᠠᠯ ᠳᠤ ᠣᠷᠣᠯᠴᠠᠬᠤ ᠤᠬᠠᠮᠰᠠᠷ ᠢ ᠳᠡᠭᠡᠭᠰᠢᠯᠡᠭᠦᠯᠵᠦ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠪᠠ᠃
 
ᠢᠷᠡᠯᠲᠡ᠄ ᠰᠢᠯᠢ ᠶᠢᠨ ᠭᠤᠤᠯ ᠠᠶᠢᠮᠠᠭ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号