ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ  ᠪᠠᠶᠢᠭᠤᠯᠭ᠎ᠠ ᠶᠢᠨ ᠨᠠᠮ ᠤᠨ ᠡᠭᠦᠷ ᠨᠠᠮ ᠤᠨ ᠡᠭᠦᠷ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/29
      9 ᠳ᠋ᠤᠭᠡᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨ᠎ᠠ᠂ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠪᠠᠶᠢᠭᠤᠯᠤᠯᠭ᠎ᠠ ᠶᠢᠨ ᠨᠠᠮ ᠤᠨ ᠡᠭᠦᠷ ᠨᠠᠮ ᠤᠨ ᠡᠭᠦᠷ ᠤᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠥᠷᠭᠡᠳᠬᠡᠭᠰᠡᠨ ᠬᠤᠷᠠᠯ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠬᠤ︾ ᠶᠢ ᠤᠯᠠᠮᠵᠢᠯᠠᠪᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ ᠶᠢᠨ ︿ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠰᠢᠨ᠎ᠡ ᠠᠶᠠᠨ ᠵᠠᠮ ᠳᠠᠭᠠᠨ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠠᠨᠠᠯ︾ ᠵᠢᠴᠢ ︽ᠶᠡᠷᠦᠩᠬᠡᠢ ᠱᠦᠵᠢ ᠰᠢ ᠶᠢᠨ ᠫᠢᠩ ᠤᠨ ᠱᠠᠨᠰᠢ ᠶᠢᠨ ᠢᠦᠢ ᠯᠢᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠬᠤ ᠲᠤᠬᠠᠢ ᠮᠡᠳᠡᠭᠳᠡᠯ︾ ᠢ ᠰᠤᠷᠤᠯᠴᠠᠪᠠ᠃ ᠲᠤᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠨ ᠬᠤᠷᠠᠯ ᠳᠤ ᠣᠷᠣᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠡᠵᠡᠮᠰᠢᠨ ᠲᠤᠤᠱᠯᠠᠭᠤᠯᠵᠤ᠂ ᠡᠨᠡ ᠬᠦ ᠴᠢᠬᠤᠯᠠ ᠦᠵᠡᠯ ᠰᠠᠨᠠᠭᠠᠨ ᠤ ᠭᠤᠣᠯ ᠴᠢᠬᠤᠯᠠ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠶᠡᠭᠡ ᠬᠦᠴᠦ ᠣᠷᠣᠭᠤᠯᠤᠨ ᠨᠡᠪᠳᠡᠷᠡᠳᠡᠯ᠎ᠠ ᠣᠶᠢᠯᠠᠭᠠᠵᠤ᠂ ᠭᠦᠨᠵᠡᠭᠡᠶ ᠣᠶᠢᠯᠠᠭᠠᠵᠤ᠂ ᠤᠬᠠᠮᠰᠠᠷ ᠠᠴᠠ ᠪᠠᠨ ᠡᠨᠡ ᠬᠦ ᠴᠢᠬᠤᠯᠠ ᠦᠵᠡᠯ ᠰᠠᠨᠠᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠬᠦ ᠦᠨᠳᠦᠰᠦᠨ ᠱᠠᠭᠠᠷᠳᠠᠯᠭ᠎ᠠ ᠪᠠ ︽ᠡᠷᠳᠡᠮ ᠴᠢᠳᠠᠪᠤᠷᠢ︾ ᠪᠠᠨ ᠪᠣᠯᠭᠠᠵᠤ᠂ ᠲᠡᠭᠦᠨ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠣᠭᠤᠯᠬᠤ᠂ ᠠᠵᠢᠯ ᠢᠶᠠᠨ ᠠᠬᠢᠭᠤᠯᠬᠤ ᠳᠤ ᠨᠡᠩ ᠰᠠᠶᠢᠲᠤᠷ ᠬᠡᠷᠡᠭᠯᠡᠬᠦ ᠬᠡᠷᠡᠭᠲᠡᠶ ᠭᠡᠪᠡ᠃      ᠬᠤᠷᠠᠯ ᠠᠴᠠ ᠱᠠᠭᠠᠷᠳᠠᠭᠰᠠᠨ ᠨᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ᠰᠢᠨ᠎ᠡ ᠠᠶᠠᠨ ᠵᠠᠮ ᠳᠠᠭᠠᠨ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠣᠭᠲᠠᠭᠠᠯ︾ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ ᠭᠡᠪᠡ᠃      ᠬᠤᠷᠠᠯ ᠠᠴᠠ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠴᠢᠰᠤᠨ ᠰᠤᠳᠠᠰᠤ ᠶᠢ ᠦᠷᠭᠦᠯᠵᠢᠯᠡᠭᠦᠯᠵᠦ᠂ ᠡᠪ ᠬᠠᠮᠲᠤᠴᠤᠳ ᠤᠨ ᠵᠣᠷᠢᠭ ᠰᠠᠨᠠᠭ᠎ᠠ ᠪᠠᠷ ᠤᠯᠤᠰ ᠲᠦᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠵᠤ᠂ ᠬᠤᠪᠢᠰᠬᠠᠯ ᠤᠨ ᠭᠧᠨ ᠢ ᠠᠵᠢᠯ ᠬᠢᠵᠦ ᠦᠢᠯᠡᠰ ᠪᠤᠰᠬᠠᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号