ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠬᠤᠯᠪᠤᠭᠰᠠᠨ ᠡᠮ ᠲᠠᠩ ᠤᠨ ᠦᠨ᠎ᠡ ᠬᠠᠩᠰᠢ ᠶᠢ ᠬᠤᠯᠪᠣᠯᠳᠤᠭᠤᠯᠬᠤ ᠪᠠ ᠬᠤᠳᠠᠯᠳᠤᠨ ᠠᠪᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠵᠦ ᠵᠠᠭᠠᠯᠳᠤᠭᠰᠠᠨ ᠵᠦᠢᠯᠡᠰ ᠢ ᠢᠯᠭᠠᠷᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/9/30
      ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 204  ᠳ᠋ᠤᠭᠡᠷ ᠲᠣᠭᠠᠲᠤ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠬᠤᠯᠪᠤᠭᠰᠠᠨ ᠡᠮ ᠲᠠᠩ ᠤᠨ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ  ﹇2021﹈ 123 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠥᠪ ᠰᠦᠯᠵᠢᠶᠡᠨ ᠳᠤ ᠬᠤᠯᠪᠤᠭᠰᠠᠨ ᠡᠮ ᠲᠠᠩ ᠤᠨ ᠦᠨ᠎ᠡ ᠬᠠᠩᠰᠢ ᠶᠢᠨ ᠬᠤᠯᠪᠣᠯᠳᠤᠯ ᠪᠠ ᠬᠤᠳᠠᠯᠳᠤᠨ ᠠᠪᠬᠤ ᠠᠷᠭ᠎ᠠ ᠮᠠᠶ᠋ᠢᠭ ᠤᠨ ᠲᠣᠬᠢᠷᠠᠭᠤᠯᠤᠯᠲᠠ ᠶᠢᠨ ᠦᠷ᠎ᠡ ᠳ᠋ᠦᠩ ᠢ ᠵᠠᠷᠯᠠᠨ ᠨᠡᠶᠢᠲᠡᠯᠡᠪᠡ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠰᠡᠭ ᠵᠠᠭᠠᠯᠳᠤᠯᠭ᠎ᠠ ᠶᠢᠨ ᠮᠠᠲ᠋ᠧᠷᠢᠶᠠᠯ ᠢ ᠭᠥᠯᠢᠶᠡᠨ ᠠᠪᠴᠠᠶ᠂ ᠬᠤᠯᠪᠣᠭᠳᠠᠯ ᠪᠥᠬᠦᠶ ᠵᠠᠭᠠᠯᠳᠤᠭᠳᠠᠭᠰᠠᠨ ᠠᠵᠤ ᠠᠬᠤᠶᠢᠯᠠᠯ ᠡᠷᠬᠡᠪᠰᠢ ᠵᠠᠭᠠᠯᠳᠤᠯᠭ᠎ᠠ ᠶᠢᠨ ᠵᠦᠢᠯᠡᠰ ᠢ ᠲᠣᠳᠣᠷᠬᠠᠶᠢᠯᠠᠬᠤ ᠬᠡᠷᠡᠭᠲᠡᠶ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠮᠠᠲ᠋ᠧᠷᠢᠶᠠᠯ ᠢ ᠢᠯᠭᠠᠷᠠᠭᠤᠯᠤᠨ᠎ᠠ      ᠠᠵᠤ ᠠᠬᠤᠶᠢᠯᠠᠯ ᠬᠡᠷᠪᠡ ᠵᠠᠭᠠᠯᠳᠤᠯᠭ᠎ᠠ ᠶᠢᠨ ᠠᠭᠤᠯᠭ᠎ᠠ ᠳᠤ ᠣᠨᠳᠣᠣ ᠰᠠᠨᠠᠯ ᠲᠠᠢ ᠪᠠᠶᠢᠪᠠᠯ᠂ ︽ᠬᠡᠨ ᠵᠣᠷᠢᠪᠠᠯ ᠬᠡᠨ ᠭᠡᠷᠡᠴᠢ ᠳᠤᠷᠠᠳᠬᠤ︾ ᠵᠠᠷᠴᠢᠮ ᠤᠨ ᠶᠣᠰᠣᠭᠠᠷ᠂ ᠲᠣᠭᠲᠠᠭᠰᠠᠨ ᠴᠠᠭ ᠤᠨ ᠳᠣᠲᠣᠷ᠎ᠠ ᠦᠨᠡᠨ ᠪᠣᠳᠠᠲᠠᠶ ᠬᠦᠴᠦᠨ ᠲᠠᠢ᠂ ᠪᠦᠷᠢᠨ ᠭᠦᠢᠴᠡᠳ ᠭᠡᠷᠡᠴᠢ ᠪᠠᠷᠢᠮᠲᠠ ᠪᠠ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ᠃ ᠲᠤᠰᠢᠶᠠᠭᠰᠠᠨ ᠮᠠᠲ᠋ᠧᠷᠢᠶᠠᠯ ᠳᠤ ᠪᠠᠭᠲᠠᠬᠤ ᠨᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ᠂ ᠬᠠᠤᠯᠢ ᠶᠢᠨ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠭᠰᠠᠨ ᠪᠢᠴᠢᠭ᠂ ᠡᠮ ᠲᠠᠩ ᠤᠨ ᠬᠤᠷᠢᠶᠠᠩᠭᠤᠶ ᠬᠦᠰᠦᠨᠦᠭᠲᠦ᠂ ᠲᠣᠳᠣᠷᠬᠠᠶᠢᠯᠠᠯᠲᠠ ᠪᠠ ᠬᠠᠮᠢᠶ᠎ᠠ ᠪᠥᠬᠦᠶ ᠭᠡᠷᠡᠴᠢ ᠮᠠᠲ᠋ᠧᠷᠢᠶᠠᠯ ᠢ ᠲᠣᠳᠣᠷᠬᠠᠶᠢᠯᠠᠵᠤ᠂ ᠡᠮ ᠲᠠᠩ ᠤᠨ ᠬᠤᠷᠢᠶᠠᠩᠭᠤᠶ ᠬᠦᠰᠦᠨᠦᠭᠲᠦ ᠳᠤ ᠪᠥᠬᠦ ᠤᠯᠤᠰ ᠤᠨ ᠬᠠᠮᠤᠭ ᠤᠨ ᠳᠣᠤᠷ᠎ᠠ ᠦᠨ᠎ᠡ ᠬᠠᠩᠰᠢ᠂ ᠦᠨ᠎ᠡ ᠬᠠᠩᠰᠢ ᠶᠢ ᠬᠡᠷᠡᠭᠵᠢᠭᠦᠯᠬᠦ ᠮᠤᠵᠢ ᠣᠷᠣᠨ ᠵᠢᠴᠢ ᠴᠠᠭ ᠢ ᠲᠣᠳᠣᠷᠬᠠᠶ ᠲᠠᠭᠯᠠᠨ ᠪᠢᠴᠢᠬᠦ ᠶᠢᠨ ᠬᠠᠮᠲᠤ ᠵᠠᠭᠠᠯᠳᠤᠭᠰᠠᠨ ᠵᠦᠢᠯᠡᠰ ᠢ ᠥᠯᠥ ᠵᠥᠪᠰᠢᠶᠡᠷᠡᠬᠦ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠮᠠᠲ᠋ᠧᠷᠢᠶᠠᠯ ᠢ ᠲᠣᠳᠣᠷᠬᠠᠶᠢᠯᠠᠬᠤ ᠳᠤ ᠨᠢᠭᠤᠷ ᠳᠠᠷᠠᠭᠠᠯᠠᠨ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ᠃      ᠬᠤᠶᠠᠷ᠂ ᠭᠠᠷᠳᠠᠭᠤᠯᠬᠤ ᠠᠷᠭ᠎ᠠ ᠮᠠᠶ᠋ᠢᠭ      ᠰᠦᠯᠵᠢᠶᠡᠨ ᠳᠡᠭᠡᠷ᠎ᠡ ᠮᠠᠲ᠋ᠧᠷᠢᠶᠠᠯ ᠲᠤᠰᠢᠶᠠᠵᠤ ᠪᠠᠶᠢᠭ᠎ᠠ ᠠᠵᠤ ᠠᠬᠤᠶᠢᠯᠠᠯ ᠨᠢ ︽ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ  ᠭᠦᠢᠴᠡᠳᠭᠡᠬᠦ ᠰᠢᠰᠲ᠋ᠧᠮ︾ — ︽ᠲᠤᠰᠬᠠᠶ ᠲᠤᠬᠠᠶᠢᠯᠠᠭᠰᠠᠨ ᠠᠵᠢᠯ︾ ᠳᠤ ᠣᠷᠣᠵᠤ ᠂ PDF ᠶᠢᠨ ᠬᠡᠯᠪᠡᠷᠢ ᠪᠠᠷ ᠵᠠᠭᠠᠯᠳᠤᠬᠤ ᠮᠠᠲ᠋ᠧᠷᠢᠶᠠᠯ ᠢ ᠳᠡᠭᠡᠭᠰᠢ ᠳᠠᠮᠵᠢᠭᠤᠯᠵᠤ᠂ ᠣᠯᠠᠨ ᠵᠦᠢᠯ ᠤᠨ ᠠᠭᠤᠯᠭ᠎ᠠ ᠶᠢ ᠨᠢᠭᠡᠨ PDF ᠪᠢᠴᠢᠭ ᠮᠠᠲ᠋ᠧᠷᠢᠶᠠᠯ ᠪᠣᠯᠭᠠᠬᠤ ᠴᠢᠬᠤᠯᠠᠲᠠᠶ ᠪᠠᠶᠢᠳᠠᠭ᠃      ᠲᠤᠬᠠᠶ ᠶᠢᠨ ᠲᠠᠯᠠᠪᠤᠷ ᠲᠤ ᠮᠠᠲ᠋ᠧᠷᠢᠶᠠᠯ ᠢᠶᠠᠨ ᠲᠤᠰᠢᠶᠠᠵᠤ ᠪᠠᠶᠢᠭ᠎ᠠ ᠠᠵᠤ ᠠᠬᠤᠶᠢᠯᠠᠯ ᠨᠢ᠂ ᠲᠣᠳᠣᠷᠬᠠᠶᠢᠯᠠᠭᠰᠠᠨ ᠮᠠᠲ᠋ᠧᠷᠢᠶᠠᠯ ᠢᠶᠠᠨ ᠨᠢᠭᠤᠷ ᠳᠠᠷᠠᠭᠠᠯᠠᠨ ᠠᠵᠤ ᠠᠬᠤᠶᠢᠯᠠᠯ ᠤᠨ ᠠᠯᠪᠠᠨ ᠲᠠᠮᠠᠭ᠎ᠠ ︵ᠠᠯᠪᠠᠨ ᠲᠠᠮᠠᠭ᠎ᠠ ᠶᠢ ᠲᠣᠳᠣᠷᠬᠠᠶ ᠣᠯᠵᠤ ᠦᠵᠡᠬᠦ ᠴᠢᠬᠤᠯᠠ ᠲᠠᠢ︶ ᠶᠢ ᠳᠠᠷᠤᠭᠰᠠᠨ ᠤ ᠳᠠᠷᠠᠭ᠎ᠠ᠂ ᠴᠣᠩᠬᠤ ᠪᠠᠷ ᠲᠤᠰᠢᠶᠠᠨ᠎ᠠ᠃      ᠭᠤᠷᠪᠠ᠂ ᠬᠦᠯᠢᠶᠡᠨ ᠠᠪᠬᠤ ᠴᠠᠭ      2021 ᠣᠨ ᠤ 9 ᠳ᠋ᠤᠭᠡᠷ ᠰᠠᠷ᠎ᠠ ᠶᠢᠨ 30 — 10 ᠳ᠋ᠤᠭᠠᠷ ᠰᠠᠷ᠎ᠠ ᠶᠢᠨ 11 ᠤ ᠡᠳᠦᠷ᠃      ᠬᠠᠷᠢᠯᠴᠠᠬᠤ ᠬᠡᠯᠪᠡᠷᠢ᠄ 0471--- 4919735 ︵ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠡᠯᠬᠦ︶ ᠵᠧᠤ ᠪᠠᠭᠰᠢ                         0471-4908995 ︵ᠲᠤᠬᠠᠶᠢᠯᠠᠭᠰᠠᠨ ᠠᠵᠢᠯ ᠤᠨ ᠯᠠᠪᠯᠠᠯᠭ᠎ᠠ︶ ᠸᠠᠩ ᠪᠠᠭᠰᠢ      ᠭᠠᠵᠠᠷ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠠᠭᠠᠨᠴᠠᠪ ᠤᠨ ᠪᠠᠷᠠᠭᠤᠨ ᠵᠡᠭᠡᠯᠢ ᠶᠢᠨ 19  ᠳ᠋ᠤᠭᠡᠷ ᠨᠣᠮᠧᠷ      ᠳᠠᠭᠠᠯᠳᠤᠭᠤᠯᠤᠯ᠄      1᠂ ᠵᠠᠭᠠᠯᠳᠤᠭᠳᠠᠭᠰᠠᠨ ᠡᠮ ᠲᠠᠩ ᠤᠨ ᠬᠦᠰᠦᠨᠦᠭᠲᠦ      2᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠬᠦᠯᠢᠶᠡᠨ ᠠᠪᠬᠤ ᠬᠦᠰᠦᠨᠦᠭᠳᠦ      3᠂ ᠬᠠᠤᠯᠢ ᠶᠢᠨ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 9 ᠳ᠋ᠤᠭᠡᠷ ᠰᠠᠷ᠎ᠠ ᠶᠢᠨ 30 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号