ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠵᠦ ᠦᠢᠯᠡᠰ ᠶᠢᠨ ᠨᠢᠭᠡᠴᠢ ᠶᠢᠨ 2021 ᠣᠨ ᠤ ᠳᠣᠤᠷ᠎ᠠ ᠬᠠᠭᠠᠰ ᠵᠢᠯ ᠤᠨ ᠠᠵᠢᠯᠳᠠᠨ ᠡᠯᠰᠡᠬᠦ ᠠᠯᠪᠠᠨ ᠨᠡᠶᠢᠳᠡᠯᠡᠯ
ᠨᠡᠶᠢᠲᠡᠯᠡᠭᠰᠡᠨ ᠴᠠᠭ᠄
2021/9/5
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶᠠᠳᠦ ᠠᠵᠢᠯ ᠦᠢᠯᠡᠰ ᠤᠨ ᠨᠢᠭᠡᠴᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠨᠢ ᠭᠤᠤᠯᠳᠠᠭᠤ ᠪᠥᠬᠦ ᠣᠷᠣᠨ ᠤ ᠡᠮ ᠲᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠪᠠᠷᠠᠭᠠᠨ ᠤ ᠵᠣᠭᠤᠰ ᠢ ᠲᠤᠭᠤᠴᠠᠭ᠎ᠠ ᠬᠢᠬᠦ ᠵᠡᠷᠭᠡ ᠠᠵᠢᠯ ᠳᠤ ᠬᠠᠷᠢᠭᠤᠴᠠᠨ᠎ᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠵᠥᠪᠰᠢᠶᠡᠷᠡᠭᠦᠯᠬᠦ ᠪᠠᠷ ᠳᠡᠮᠵᠢᠨ᠂ ᠣᠲᠣ ᠨᠡᠶᠢᠭᠡᠮ ᠨᠡᠶᠢᠲᠡ ᠠᠴᠠ ᠠᠵᠢᠯ ᠦᠢᠯᠡᠰ ᠤᠨ ᠣᠷᠣᠨ ᠲᠣᠭᠠᠨ ᠤ ᠠᠵᠢᠯᠲᠠᠨ ᠢ 1 ᠬᠥᠮᠦᠨ ᠢᠯᠡ ᠪᠠᠷ ᠤᠷᠢᠨ ᠬᠡᠷᠡᠭᠯᠡᠨ᠎ᠡ᠂ ᠪᠣᠳᠠᠲᠠᠶ ᠪᠠᠷ ᠬᠡᠯᠡᠪᠡᠯ ᠳᠣᠤᠷᠠᠬᠢ ᠮᠡᠲᠦ᠄      ᠨᠢᠭᠡ᠂ ᠤᠷᠢᠬᠤ ᠨᠥᠬᠦᠴᠡᠯ      ︵ᠨᠢᠭᠡ︶ ᠦᠨᠳᠦᠰᠦᠨ ᠨᠥᠬᠦᠴᠡᠯ 1᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ︔ 2᠂ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠬᠤ︔ 3᠂ ᠰᠠᠶᠢᠨ ᠰᠠᠶᠢᠬᠠᠨ ᠵᠠᠩ ᠰᠤᠷᠲᠠᠯ ᠪᠠ ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠪᠡᠶ᠎ᠡ ᠮᠠᠬᠠᠪᠣᠳ ᠤᠨ ᠨᠥᠬᠦᠴᠡᠯ ᠲᠠᠢ ᠪᠠᠶᠢᠬᠤ︔ 4᠂ ᠨᠠᠰᠤᠨ ᠤ ᠱᠠᠭᠠᠷᠳᠠᠯᠭ᠎ᠠ᠄ ᠪᠦᠬᠦᠯᠢ 35 ᠨᠠᠰᠤ ᠵᠢᠴᠢ ᠲᠡᠭᠦᠨ ᠠᠴᠠ ᠳᠣᠭᠤᠭᠰᠢ ︵1985 ᠣᠨ ᠤ 9 ᠳ᠋ᠤᠭᠡᠷ ᠰᠠᠷ᠎ᠠ ᠶᠢᠨ 12 ᠤᠨ ᠡᠳᠦᠷ ᠠᠴᠠ ᠬᠤᠶᠢᠰᠢ ᠲᠦᠷᠦᠭᠰᠡᠨ︶︔ 5᠂ ᠤᠷᠢᠭᠳᠠᠬᠤ ᠠᠵᠢᠯ ᠤᠨ ᠪᠠᠶᠢᠷᠢ ᠶᠢᠨ ᠱᠠᠭᠠᠷᠳᠠᠭᠰᠠᠨ ᠪᠤᠰᠤᠳ ᠬᠢᠷᠢ ᠭᠡᠮ ᠤᠨ ᠨᠥᠬᠦᠴᠡᠯ ᠢ ᠪᠦᠷᠢᠳᠦᠭᠦᠯᠦᠭᠰᠡᠨ ᠪᠠᠶᠢᠬᠤ᠃      ᠪᠣᠳᠠᠲᠠᠶ ᠡᠯᠰᠡᠬᠦ ᠨᠥᠬᠦᠴᠡᠯ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠠᠵᠦ ᠦᠢᠯᠡᠰ ᠶᠢᠨ ᠨᠢᠭᠡᠴᠢ ᠶᠢᠨ 2021 ᠣᠨ ᠤ ᠳᠣᠤᠷ᠎ᠠ ᠬᠠᠭᠠᠰ ᠵᠢᠯ ᠤᠨ ᠠᠵᠢᠯᠳᠠᠨ ᠤᠷᠢᠬᠤ ᠠᠵᠢᠯᠲᠠᠨ ᠤ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ︾ ᠢ ᠦᠵᠡᠭᠡᠷᠡᠢ᠃ ᠤᠷᠢᠭᠳᠠᠭᠰᠠᠳ ᠤᠨ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠬᠠᠮᠠᠭᠠᠯᠠᠭᠰᠠᠨ ᠡᠳᠦᠷ ᠬᠤᠭᠤᠴᠠᠭ᠎ᠠ ᠨᠢ 2021 ᠣᠨ ᠤ 7 ᠳ᠋ᠤᠭᠠᠷ ᠰᠠᠷ᠎ᠠ ᠶᠢᠨ 31 ᠤ ᠡᠳᠦᠷ  ᠪᠤᠯᠳᠠᠯᠠᠬᠢ᠃ ᠪᠤᠰᠤᠳ ᠨᠥᠬᠦᠴᠡᠯ ᠢ ᠮᠡᠳᠡᠭᠦᠯᠬᠦ ᠴᠠᠭ ᠪᠣᠯ ᠢᠯᠡ ᠪᠠᠷ ᠠᠵᠢᠯᠲᠠᠨ ᠡᠯᠰᠡᠵᠦ ᠨᠡᠷ᠎ᠡ ᠮᠡᠳᠡᠭᠦᠯᠬᠦ ᠠᠵᠢᠯ ᠡᠬᠢᠯᠡᠬᠦ ᠠᠴᠠ ᠡᠮᠦᠨ᠎ᠡ᠃      ︵ᠬᠤᠶᠠᠷ︶ ᠳᠣᠤᠷᠠᠬᠢ ᠬᠥᠮᠦᠰ ᠢ ᠤᠷᠢᠵᠦ ᠬᠡᠷᠡᠭᠯᠡᠬᠦ ᠥᠬᠡᠶ᠄      ᠵᠢᠩᠬᠢᠨᠢ ᠠᠯᠪᠠᠨ ᠤ ᠴᠡᠷᠢᠭ︔ ᠪᠦᠬᠦᠯᠢ ᠡᠳᠦᠷ ᠤᠨ ᠳᠦᠷᠢᠮᠲᠦ ᠰᠤᠷᠤᠯᠴᠠᠵᠤ ᠪᠠᠶᠢᠭ᠎ᠠ ᠵᠢᠩᠬᠢᠨᠢ ᠠᠩᠭᠢ᠂ ᠠᠰᠫᠢᠷᠠᠨᠲ ︵2021 ᠣᠨ ᠤ 7 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠲᠡᠭᠦᠰᠦᠭᠰᠡᠨ ᠡᠩ ᠤᠨ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠣᠰ ᠬᠤᠭᠤᠴᠠᠭᠠᠨ ᠤ ᠲᠡᠭᠦᠰᠬᠦ ᠰᠣᠷᠣᠭᠴᠢ ᠪᠠᠭᠲᠠᠬᠤ ᠥᠬᠡᠶ︶︔ ᠲᠤᠷᠰᠢᠨ ᠬᠡᠷᠡᠭᠯᠡᠬᠦ ᠬᠤᠭᠤᠴᠠᠭᠠᠨ ᠳᠤ ᠪᠠ ᠦᠢᠯᠡᠴᠢᠯᠡᠭᠡᠨ ᠤ ᠨᠠᠭᠠᠳᠤ ᠵᠠᠬ᠎ᠠ ᠶᠢᠨ ᠵᠢᠯ ᠬᠤᠭᠤᠴᠠᠭ᠎ᠠ ᠨᠢ ᠳᠦᠭᠦᠷᠦᠭᠡᠳᠦᠶ ᠠᠵᠢᠯ ᠦᠢᠯᠡᠰ ᠤᠨ  ᠨᠢᠭᠡᠴᠢ ᠶᠢᠨ ᠠᠵᠢᠯᠲᠠᠨ ︵ᠣᠷᠣᠨ ᠲᠤᠭ᠎ᠠ ᠳᠤ ᠵᠢᠭᠰᠠᠭᠠᠵᠤ ᠤᠷᠢᠨ ᠬᠡᠷᠡᠭᠯᠡᠬᠦ︶ ᠪᠠ ᠠᠯᠪᠠᠲᠠᠨ ︵ᠠᠯᠪᠠᠨ ᠤ ᠠᠵᠢᠯ ᠳᠤ ᠣᠷᠣᠯᠴᠠᠭᠴᠢ︶︔ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠤᠯᠭ᠎ᠠ ᠠᠴᠠ ᠠᠯᠪᠠᠲᠠᠨ ᠡᠯᠰᠡᠭᠰᠡᠨ ᠤ ᠳᠠᠷᠠᠭᠠᠬᠢ ᠦᠢᠯᠡᠴᠢᠯᠡᠭᠡᠨ ᠤ ᠨᠠᠭᠠᠳᠤ ᠵᠠᠬ᠎ᠠ ᠶᠢᠨ ᠵᠢᠯ ᠬᠤᠭᠤᠴᠠᠭ᠎ᠠ ᠳᠤ ᠥᠯᠥ ᠬᠦᠷᠦᠭᠰᠡᠨ ᠬᠥᠮᠦᠰ᠃      ᠶᠠᠯ᠎ᠠ ᠬᠢᠭᠰᠡᠨ ᠠᠴᠠ ᠪᠤᠯᠵᠤ ᠡᠷᠡᠭᠦᠦ ᠶᠢᠨ ᠰᠢᠳᠬᠡᠯ ᠣᠯᠵᠤ ᠥᠩᠭᠡᠷᠡᠭᠰᠡᠨ ᠪᠠ ᠠᠯᠪᠠᠨ ᠲᠤᠰᠢᠶᠠᠯ ᠠᠴᠠ ᠪᠠᠨ ᠬᠥᠭᠡᠭᠡᠭᠳᠡᠵᠦ ᠥᠩᠭᠡᠷᠡᠭᠰᠡᠨ ᠬᠥᠮᠦᠰ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠶ᠎ᠠ ᠠᠴᠠ ᠪᠠᠨ ᠬᠥᠭᠡᠭᠡᠭᠳᠡᠭᠰᠡᠨ ᠬᠥᠮᠦᠰ︔ ᠬᠠᠤᠯᠢ ᠶᠣᠰᠣᠭᠠᠷ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠵᠢᠭᠰᠠᠭᠠᠭᠳᠠᠭᠰᠠᠨ ᠬᠥᠮᠦᠰ︔ ᠠᠯᠪᠠᠲᠠᠨ ᠡᠯᠰᠡᠬᠦ ᠰᠢᠯᠭᠠᠯᠲᠠ ᠪᠤᠶᠤ ᠠᠵᠢᠯ ᠦᠢᠯᠡᠰ ᠶᠢᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠰᠢᠯᠭᠠᠯᠳᠠ ᠳᠤ ᠬᠡᠮ ᠬᠢᠭᠰᠡᠨ ᠬᠦᠮᠦᠰ᠂ ᠤᠷᠢᠨ ᠬᠡᠷᠡᠭᠯᠡᠬᠦ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠲᠠᠢ ᠪᠥᠭᠡᠳ ᠰᠢᠯᠭᠠᠯᠲᠠ ᠶᠢ ᠴᠠᠭᠠᠵᠠᠯᠠᠬᠤ ᠬᠤᠭᠤᠴᠠᠭᠠᠨ ᠳᠤ ᠪᠠᠶᠢᠭ᠎ᠠ ᠠᠵᠢᠯᠲᠠᠨ︔ ᠬᠠᠤᠯᠢ ᠴᠠᠭᠠᠵᠠ ᠬᠠᠤᠯᠢ ᠲᠣᠭᠲᠠᠭᠠᠯ ᠳᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢᠶᠠᠷ ᠤᠷᠢᠵᠤ ᠬᠡᠷᠡᠭᠯᠡᠵᠦ ᠪᠣᠯᠬᠤ ᠦᠭᠡᠶ ᠭᠡᠵᠦ ᠲᠣᠭᠲᠠᠭᠠᠭᠰᠠᠨ ᠪᠤᠰᠤᠳ ᠪᠠᠶᠢᠳᠠᠯ ᠲᠠᠢ ᠬᠥᠮᠦᠰ᠃      ︵ᠭᠤᠷᠪᠠ︶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠬᠢ᠂ ᠰᠤᠳᠤᠯᠬᠤ ᠰᠤᠷᠦᠬᠴᠢ ᠶᠢᠨ ᠰᠤᠷᠭᠠᠭᠤᠯᠢ ᠳᠤ ᠰᠤᠷᠤᠯᠴᠠᠵᠤ ᠪᠠᠶᠢᠬᠤ ᠬᠤᠭᠤᠴᠠᠭᠠᠨ ᠳᠠᠭᠠᠨ ᠣᠷᠣᠯᠴᠠᠭᠰᠠᠨ ᠨᠡᠶᠢᠭᠡᠮ ᠤᠨ ᠦᠢᠯᠡᠳᠦᠯᠭᠡ ᠶᠢᠨ ᠥᠩᠭᠡᠷᠡᠯᠲᠡ ᠶᠢ ᠠᠵᠢᠯᠯᠠᠭᠰᠠᠨ ᠥᠩᠭᠡᠷᠡᠯᠲᠡ ᠪᠠᠷ ᠪᠤᠳᠦᠬᠤ ᠤᠢᠭᠡᠢ᠃      ᠬᠤᠶᠠᠷ᠂ ᠨᠡᠷ᠎ᠡ ᠮᠡᠳᠡᠭᠦᠯᠬᠦ ᠲᠠᠰ ᠳᠠᠷᠠᠭᠠᠯᠠᠯ      ︵ᠨᠢᠭᠡ︶ ᠨᠡᠷ᠎ᠡ ᠮᠡᠳᠡᠭᠦᠯᠬᠦ      1᠂ ᠨᠡᠷ᠎ᠡ ᠮᠡᠳᠡᠭᠦᠯᠬᠦ ᠴᠠᠭ᠄      2021 ᠣᠨ ᠤ 9 ᠳ᠋ᠤᠭᠡᠷ ᠰᠠᠷ᠎ᠠ ᠶᠢᠨ 12 ᠤᠨ ᠡᠳᠦᠷ ᠤᠨ 9᠄ 00 — 9 ᠳ᠋ᠤᠭᠡᠷ ᠰᠠᠷ᠎ᠠ ᠶᠢᠨ 15 ᠤ ᠡᠳᠦᠷ ᠤᠨ 12᠄ 00︔ ᠬᠢᠷᠢ ᠭᠡᠮ ᠤᠨ ᠠᠩᠬᠠᠨ ᠤ ᠬᠢᠨᠠᠯᠲᠠ ᠶᠢᠨ ᠳᠠᠭᠤᠰᠬᠤ ᠴᠠᠭ ᠨᠢ 2021 ᠣᠨ ᠤ 9  ᠳ᠋ᠤᠭᠡᠷ ᠰᠠᠷ᠎ᠠ ᠶᠢᠨ 15 ᠤ ᠡᠳᠦᠷ ᠤᠨ 15᠄ 00 ᠪᠣᠯᠤᠨ᠎ᠠ︔ ᠵᠠᠷᠤᠳᠠᠯ ᠲᠤᠰᠢᠶᠠᠬᠤ ᠴᠠᠭ ᠨᠢ 2021 ᠣᠨ ᠤ 9 ᠳ᠋ᠤᠭᠡᠷ ᠰᠠᠷ᠎ᠠ ᠶᠢᠨ 15 ᠤ ᠡᠳᠦᠷ ᠤᠨ 24᠄ 00 ᠪᠣᠯᠤᠨ᠎ᠠ᠃      ᠨᠡᠷ᠎ᠡ ᠮᠡᠳᠡᠭᠦᠯᠵᠦ ᠰᠦᠢᠳᠭᠡᠯ ᠲᠤᠰᠢᠶᠠᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠪᠢᠷ ᠤᠨ ᠰᠢᠯᠭᠠᠯᠲᠠ ᠶᠢᠨ ᠰᠢᠯᠭᠠᠯᠲᠠ ᠡᠬᠢᠯᠡᠬᠦ ᠬᠠᠷᠢᠴᠠᠯ ᠳᠤ ᠬᠥᠷᠬᠦ ᠥᠬᠡᠶ ᠪᠤᠯ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠲᠥᠯᠥᠪᠯᠡᠭᠡ ᠶᠢᠨ ᠲᠤᠭ᠎ᠠ ᠶᠢ ᠪᠠᠭᠠᠰᠬᠠᠬᠤ ᠪᠤᠶᠤ ᠬᠦᠴᠦᠨ ᠥᠬᠡᠶ ᠪᠣᠯᠭᠠᠬᠤ ᠶᠢᠨ ᠬᠠᠮᠲᠤ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠨ᠎ᠡ᠃      ᠨᠡᠷ᠎ᠡ ᠮᠡᠳᠡᠭᠦᠯᠬᠦ ᠰᠦᠯᠵᠢᠶ᠎ᠡ ᠨᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠰᠦᠯᠵᠢᠶ᠎ᠡ ︵ᠰᠦᠯᠵᠢᠶᠡᠨ ᠤ ᠬᠠᠶ᠋ᠢᠭ http://www.impta.com.cn      2᠂ ᠨᠡᠷ᠎ᠡ ᠮᠡᠳᠡᠭᠦᠯᠬᠦ ᠳᠡᠭᠡᠨ ᠡᠷᠬᠡᠪᠰᠢ ᠱᠠᠭᠠᠷᠳᠠᠯᠭ᠎ᠠ ᠶᠣᠰᠣᠭᠠᠷ᠂ ︽ᠨᠡᠷ᠎ᠡ ᠮᠡᠳᠡᠭᠦᠯᠬᠦ ᠬᠦᠰᠦᠨᠦᠭ︾ ᠤᠨ ᠬᠠᠮᠢᠶ᠎ᠠ ᠪᠥᠬᠦᠶ ᠮᠡᠳᠡᠭᠡ ᠵᠠᠩᠭᠢ ᠶᠢ ᠲᠠᠭᠯᠠᠨ ᠪᠢᠴᠢᠬᠦ ᠶᠢᠨ ᠬᠠᠮᠲᠤ ᠲᠣᠰ ᠬᠥᠮᠦᠨ ᠤ ᠣᠶᠢᠷ᠎ᠠ ᠶᠢᠨ ᠬᠤᠭᠤᠴᠠᠭᠠᠨ ᠤ ᠢᠮᠠᠬᠤ ᠪᠤᠳᠤᠭᠲᠤ ᠬᠡᠷᠡᠯ ᠵᠢᠷᠤᠭ 2 ᠬᠤᠪᠢ ︵jpg ᠬᠡᠯᠪᠡᠷᠢ᠂ ᠶᠡᠭᠡ ᠪᠠᠭ᠎ᠠ ᠨᠢ 20KB ᠠᠴᠠ ᠳᠣᠷᠣᠭᠰᠢ︶ ᠶᠢ ᠳᠡᠭᠡᠭᠰᠢ ᠳᠠᠮᠵᠢᠭᠤᠯᠬᠤ ᠬᠡᠷᠡᠭᠲᠡᠶ᠃ ᠬᠤᠪᠢ ᠬᠥᠮᠦᠨ ᠤ ᠲᠣᠪᠴᠢ ᠨᠠᠮᠲᠠᠷ ᠢᠶᠠᠨ ᠲᠠᠭᠯᠠᠬᠤ ᠳᠠᠭᠠᠨ ᠡᠷᠬᠡᠪᠰᠢ ᠥᠪᠡᠷ ᠤᠨ ᠰᠤᠷᠤᠯᠴᠠᠭᠰᠠᠨ ᠥᠩᠭᠡᠷᠡᠯᠲᠡ ᠪᠠᠨ ᠪᠦᠷᠢᠨ ᠪᠦᠲᠦᠨ ᠲᠠᠭᠯᠠᠨ ᠪᠢᠴᠢᠬᠦ ᠬᠡᠷᠡᠭᠲᠡᠶ᠂ ᠨᠡᠷ᠎ᠡ ᠮᠡᠳᠡᠭᠦᠯᠦᠭᠰᠡᠨ ᠡᠳᠦᠷ ᠪᠤᠯᠳᠠᠯᠠᠬᠢ ᠠᠵᠢᠯ ᠤᠨ ᠥᠩᠭᠡᠷᠡᠯᠲᠡ ᠪᠠᠨ ᠱᠠᠭᠠᠷᠳᠠᠯᠭ᠎ᠠ ᠶᠣᠰᠣᠭᠠᠷ ᠲᠠᠭᠯᠠᠨ ᠪᠢᠴᠢᠬᠦ ᠥᠬᠡᠶ ᠪᠣᠯ ᠬᠢᠨᠠᠨ ᠬᠠᠷᠭᠤᠭᠤᠯᠵᠤ ᠪᠠᠲᠤᠯᠠᠬᠤ ᠥᠬᠡᠶ᠃      3᠂ ᠤᠷᠢᠭᠳᠠᠭᠰᠠᠳ ᠡᠷᠬᠡᠪᠰᠢ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠶ᠃ ᠬᠤᠳᠠᠯ ᠬᠠᠭᠤᠷᠮᠠᠭ ᠮᠡᠳᠡᠭᠡ ᠵᠠᠩᠭᠢ ᠶᠢ ᠲᠠᠭᠯᠠᠨ ᠮᠡᠳᠡᠭᠦᠯᠦᠭᠰᠡᠨ ᠪᠤᠶᠤ ᠴᠢᠬᠤᠯᠠ ᠮᠡᠳᠡᠭᠡ ᠵᠠᠩᠭᠢ ᠶᠢ ᠨᠢᠭᠤᠨ ᠳᠠᠯᠳᠠᠯᠠᠭᠰᠠᠨ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠲᠡᠭᠦᠨ ᠤ ᠰᠢᠯᠭᠠᠬᠤ᠂ ᠤᠷᠢᠨ ᠬᠡᠷᠡᠭᠯᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠶᠢᠨ ᠬᠠᠮᠲᠤ ᠲᠣᠰ ᠬᠥᠮᠦᠨ ᠤ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠤᠨ᠎ᠠ᠃      ︵ᠬᠤᠶᠠᠷ︶ ᠬᠢᠷᠢ ᠬᠡᠮ ᠤᠨ ᠠᠩᠬᠠᠨ ᠤ ᠬᠢᠨᠠᠯᠲᠠ ᠵᠢᠴᠢ ᠰᠦᠢᠳᠭᠡᠯ ᠲᠤᠰᠢᠶᠠᠬᠤ      1᠂ ᠬᠢᠷᠢ ᠬᠡᠮ ᠤᠨ ᠠᠩᠬᠠᠨ ᠤ ᠬᠢᠨᠠᠯᠲᠠ ᠶᠢᠨ ᠠᠵᠢᠯ ᠢ ᠰᠦᠯᠵᠢᠶᠡᠨ ᠳᠡᠭᠡᠷ᠎ᠡ ᠶᠠᠪᠤᠭᠳᠠᠭᠤᠯᠤᠨ᠎ᠠ᠃ ᠤᠷᠢᠭᠳᠠᠭᠰᠠᠳ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠᠨ ᠠᠮᠵᠢᠯᠲᠠ ᠲᠠᠢ ᠲᠤᠰᠢᠶᠠᠭᠰᠠᠨ ᠤ ᠳᠠᠷᠠᠭ᠎ᠠ ᠴᠠᠭ ᠲᠤᠬᠠᠶ ᠳᠤᠨᠢ ᠨᠡᠷ᠎ᠡ ᠮᠡᠳᠡᠭᠦᠯᠬᠦ ᠰᠦᠯᠵᠢᠶᠡᠨ ᠳᠤ ᠭᠠᠷᠴᠤ ᠥᠪᠡᠷ ᠤᠨ ᠬᠢᠷᠢ ᠬᠡᠮ ᠤᠨ ᠠᠩᠬᠠᠨ ᠤ ᠬᠢᠨᠠᠯᠲᠠ ᠶᠢᠨ ᠦᠷ᠎ᠡ ᠳ᠋ᠦᠩ ᠢᠶᠠᠨ ᠪᠠᠶᠢᠴᠠᠭᠠᠨ ᠯᠠᠪᠯᠠᠬᠤ ᠬᠡᠷᠡᠭᠲᠡᠶ᠂ ᠠᠩᠬᠠᠨ ᠤ ᠬᠢᠨᠠᠯᠲᠠ ᠳᠤ ᠪᠠᠳᠤᠯᠠᠭᠳᠠᠭᠰᠠᠨ ᠤ ᠳᠠᠷᠠᠭ᠎ᠠ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠᠨ ᠳᠠᠭᠢᠵᠤ ᠵᠠᠰᠠᠵᠤ ᠪᠣᠯᠬᠤ ᠥᠬᠡᠶ᠃      2᠂ ︽ᠤᠷᠢᠨ ᠬᠡᠷᠡᠭᠯᠡᠬᠦ ᠠᠵᠢᠯ ᠤᠨ ᠪᠠᠶᠢᠷᠢ ᠶᠢᠨ ᠬᠦᠰᠦᠨᠦᠭᠲᠦ︾ ᠳᠤ ᠬᠤᠯᠪᠣᠭᠳᠠᠬᠤ ᠰᠤᠷᠤᠯᠭ᠎ᠠ ᠶᠢᠨ ᠨᠠᠮᠲᠠᠷ᠂ ᠰᠢᠨᠵᠢᠯᠡᠭᠡᠨ ᠤ ᠰᠠᠯᠠᠭ᠎ᠠ᠂ ᠲᠤᠰᠬᠠᠶ ᠮᠡᠷᠭᠡᠵᠢᠯ ᠵᠡᠷᠭᠡ ᠬᠢᠷᠢ ᠬᠡᠮ ᠤᠨ ᠨᠥᠬᠦᠴᠡᠯ ᠤᠨ ᠲᠠᠯ᠎ᠠ ᠶᠢᠨ ᠠᠰᠠᠭᠤᠳᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃      3᠂ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠭᠦᠮᠦᠰ ᠡᠷᠬᠡᠪᠰᠢ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠬᠡᠷᠡᠭᠲᠡᠶ᠃ ᠰᠦᠢᠳᠬᠡᠯ ᠲᠤᠰᠢᠶᠠᠵᠤ ᠪᠠᠷᠠᠮᠠᠭᠴᠠ ᠨᠡᠷ᠎ᠡ ᠮᠡᠳᠡᠭᠦᠯᠦᠭᠡᠳ ᠠᠮᠵᠢᠯᠲᠠ ᠣᠯᠤᠭᠰᠠᠨ ᠢ ᠨᠤᠲᠠᠯᠠᠨ ᠵᠥᠪᠰᠢᠶᠡᠷᠡᠨ᠎ᠡ᠃ ᠰᠢᠯᠭᠠᠯᠲᠠ ᠳᠤ 120 ᠲᠥᠭᠦᠷᠢᠭ ︵ᠬᠢᠴᠢᠶᠡᠯ ᠪᠦᠷᠢ ᠳᠤ 50 ᠲᠥᠭᠦᠷᠢᠭ᠂ ᠨᠡᠷ᠎ᠡ ᠮᠡᠳᠡᠭᠦᠯᠬᠦ ᠵᠠᠷᠤᠳᠠᠯ 20 ᠲᠥᠭᠦᠷᠢᠭ︶ ᠬᠤᠷᠢᠶᠠᠨ᠎ᠠ᠃ ᠰᠦᠢᠳᠭᠡᠯ ᠲᠤᠰᠢᠶᠠᠬᠤ ᠬᠤᠭᠤᠴᠠᠭ᠎ᠠ ᠳᠠᠭᠤᠰᠬᠤ ᠠᠴᠠ ᠡᠮᠦᠨ᠎ᠡ ᠰᠦᠢᠳᠭᠡᠯ ᠲᠤᠰᠢᠶᠠᠭᠰᠠᠨ ᠥᠬᠡᠶ ᠪᠠᠶᠢᠪᠠᠯ ᠨᠡᠷ᠎ᠡ ᠮᠡᠳᠡᠭᠦᠯᠬᠦ ᠪᠠᠨ ᠪᠤᠯᠢᠭᠰᠠᠨ ᠢᠶᠠᠷ ᠦᠵᠡᠵᠦ᠂ ᠪᠢᠷ ᠤᠨ ᠰᠢᠯᠭᠠᠯᠲᠠ ᠳᠤ ᠰᠠᠭᠠᠲᠠᠭᠰᠠᠨ ᠪᠠᠶᠢᠪᠠᠯ ᠳᠠᠭᠢᠵᠤ ᠰᠦᠢᠳᠭᠡᠯ ᠪᠤᠴᠠᠭᠠᠬᠤ ᠥᠬᠡᠶ᠃      ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ 2021 ᠣᠨ ᠤ ᠲᠣᠰ ᠬᠤᠭᠤᠴᠠᠭᠠᠨ ᠤ ᠲᠡᠭᠦᠰᠬᠦ ᠰᠤᠷᠤᠭᠴᠢᠳ ᠠᠴᠠ ᠰᠢᠯᠭᠠᠯᠲᠠ ᠳᠤ ᠨᠡᠷ᠎ᠡ ᠮᠡᠳᠡᠭᠦᠯᠬᠦ ᠰᠦᠢᠳᠭᠡᠯ ᠲᠤᠰᠢᠶᠠᠬᠤ ᠥᠬᠡᠶ ᠪᠠᠶᠢᠵᠤ ᠪᠣᠯᠤᠨ᠎ᠠ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ 2020 ᠣᠨ ᠳᠤ ᠲᠡᠭᠦᠰᠬᠦ ᠰᠤᠷᠤᠭᠴᠢᠳ ᠠᠴᠠ ᠬᠠᠭᠠᠰ ᠢᠶᠠᠷ ᠬᠠᠰᠤᠵᠤ ᠬᠤᠷᠢᠶᠠᠨ᠎ᠠ᠂ ᠡᠨᠡ ᠬᠤᠶᠠᠷ ᠲᠥᠷᠥᠯ ᠤᠨ ᠤᠷᠢᠭᠳᠠᠭᠰᠠᠳ ᠤᠨ ᠰᠢᠯᠭᠠᠯᠲᠠ ᠳᠤ ᠨᠡᠷ᠎ᠡ ᠮᠡᠳᠡᠭᠦᠯᠬᠦ ᠰᠦᠢᠳᠭᠡᠯ ᠢ ᠬᠠᠰᠤᠵᠤ ᠭᠡᠯᠳᠦᠷᠢᠭᠦᠯᠬᠦ ᠳᠤ ᠤᠷᠢᠳ ᠢᠶᠠᠷ ᠲᠤᠰᠢᠶᠠᠵᠤ ᠳᠠᠷᠠᠭ᠎ᠠ ᠨᠢ ᠪᠤᠴᠠᠭᠠᠬᠤ ᠠᠷᠭ᠎ᠠ ᠮᠠᠶ᠋ᠢᠭ ᠢ ᠬᠡᠷᠡᠭᠯᠡᠨ᠎ᠡ᠃ ᠰᠢᠯᠭᠠᠯᠲᠠ ᠳᠤ ᠣᠷᠣᠯᠴᠠᠭᠰᠠᠳ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭᠠᠬᠢ 20 ᠡᠳᠦᠷ ᠤᠨ ᠳᠣᠲᠣᠷ᠎ᠠ᠂ ᠨᠡᠷ᠎ᠡ ᠮᠡᠳᠡᠭᠦᠯᠬᠦ ᠰᠦᠯᠵᠢᠶᠡᠨ ᠠᠴᠠ ︽ᠨᠡᠷ᠎ᠡ ᠮᠡᠳᠡᠭᠦᠯᠬᠦ ᠰᠦᠢᠳᠬᠡᠯ ᠢ ᠬᠠᠰᠤᠵᠤ ᠬᠡᠯᠲᠦᠷᠢᠭᠦᠯᠬᠦ ᠭᠤᠶᠤᠴᠢᠯᠠᠯ ᠤᠨ ᠬᠦᠰᠦᠨᠦᠭᠲᠦ︾ ᠶᠢ ᠪᠠᠭᠤᠯᠭᠠᠨ ᠲᠠᠭᠯᠠᠵᠤ᠂ ᠡᠭᠦᠨ ᠤ ᠬᠠᠮᠲᠤ ᠲᠣᠰ ᠬᠥᠮᠦᠨ ᠤ ᠪᠡᠶ᠎ᠡ ᠶᠢᠨ ᠦᠨᠡᠮᠯᠡᠯ ᠪᠠ ᠲᠡᠭᠦᠰᠦᠭᠰᠡᠨ ᠦᠨᠡᠮᠯᠡᠯ ︵2021 ᠣᠨ ᠤ ᠲᠣᠰ ᠬᠤᠭᠤᠴᠠᠭᠠᠨ ᠤ ᠲᠡᠭᠦᠰᠬᠦ ᠰᠣᠷᠣᠭᠴᠢ ᠲᠡᠭᠦᠰᠦᠭᠰᠡᠨ ᠦᠨᠡᠮᠯᠡᠯ ᠣᠯᠤᠭᠰᠠᠨ ᠥᠬᠡᠶ ᠪᠠᠶᠢᠪᠠᠯ᠂ ᠪᠠᠶᠢᠭ᠎ᠠ ᠳᠡᠭᠡᠳᠦ ᠰᠤᠷᠭᠠᠭᠤᠯᠢ ︿ᠰᠠᠯᠪᠤᠷᠢ﹀ ᠪᠠ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ︿ᠰᠤᠳᠤᠯᠬᠤ ᠰᠣᠷᠣᠭᠴᠢ ᠶᠢᠨ ᠬᠦᠷᠢᠶᠡᠯᠡᠩ᠂ ᠭᠠᠵᠠᠷ﹀ ᠤᠨ ᠠᠯᠪᠠᠨ ᠲᠠᠮᠠᠭ᠎ᠠ ᠶᠢ ᠳᠠᠷᠤᠭᠰᠠᠨ ᠭᠡᠷᠡᠴᠢ︶ ᠶᠢᠨ ᠣᠭ ᠮᠠᠲ᠋ᠧᠷᠢᠶᠠᠯ ᠵᠢᠴᠢ ᠪᠠᠭᠤᠯᠭᠠᠪᠤᠷᠢ ︵ᠨᠡᠷ᠎ᠡ ᠮᠡᠳᠡᠭᠦᠯᠦᠭᠰᠡᠨ ᠳ᠋ᠤᠭᠠᠷ ᠪᠠ ᠬᠠᠷᠢᠯᠴᠠᠬᠤ ᠤᠲᠠᠰᠤ ᠶᠢ ᠲᠣᠳᠣᠷᠬᠠᠶᠢᠯᠠᠨ᠎ᠠ︶ ᠪᠠᠨ ᠠᠪᠴᠤ᠂ ᠠᠵᠢᠯ ᠤᠨ ᠡᠳᠦᠷ ᠲᠤ ᠣᠶᠢᠷ᠎ᠠ ᠬᠠᠪᠢ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠪᠠᠶᠢᠭᠤᠯᠤᠮᠵᠢ ᠳᠤ ᠬᠦᠷᠴᠦ ᠬᠢᠨᠠᠨ ᠬᠠᠷᠭᠤᠭᠤᠯᠵᠤ ᠨᠤᠲᠠᠯᠠᠭᠠᠳ ᠰᠦᠢᠳᠭᠡᠯ ᠪᠤᠴᠠᠭᠠᠬᠤ ᠭᠠᠷᠳᠠᠮ ᠭᠦᠢᠴᠡᠳᠭᠡᠨ᠎ᠡ᠃ ᠵᠠᠷᠤᠳᠠᠯ ᠢ ᠬᠠᠰᠤᠵᠤ ᠭᠡᠯᠳᠦᠷᠢᠭᠦᠯᠦᠭᠰᠡᠨ ᠤᠷᠢᠭᠳᠠᠭᠰᠠᠳ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠲᠥᠪ ᠠᠴᠠ ᠰᠦᠯᠵᠢᠶᠡᠨ ᠳᠡᠭᠡᠷᠡᠬᠢ ᠪᠠᠩᠬᠢ ᠪᠠᠷ ᠳᠡᠮᠵᠢᠨ ᠲᠤᠰᠢᠶᠠᠭᠰᠠᠨ ᠵᠠᠷᠤᠳᠠᠯ ᠢ ᠨᠢ ᠤᠷᠢᠭᠳᠠᠭᠰᠠᠳ ᠤᠨ ᠰᠦᠢᠳᠭᠡᠯ ᠲᠤᠰᠢᠶᠠᠬᠤ ᠪᠠᠩᠬᠢ ᠶᠢᠨ ᠲᠠᠩᠰᠠᠨ ᠡᠷᠦᠬᠡ ᠳᠤ ᠠᠶᠠᠨᠳᠠᠭᠠᠨ ᠪᠤᠴᠠᠭᠠᠨ᠎ᠠ᠃      ᠮᠠᠯᠵᠢᠬᠤ ᠲᠠᠷᠢᠶᠠᠯᠠᠬᠤ ᠣᠷᠣᠨ ᠤ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠪᠣᠯᠤᠨ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠷᠳᠡᠵᠦ ᠪᠠᠶᠢᠭ᠎ᠠ ᠬᠡᠷ ᠪᠦᠯᠢ ᠶᠢᠨ ᠤᠷᠢᠭᠳᠠᠭᠰᠠᠳ ᠨᠢ ᠰᠢᠯᠭᠠᠭᠤᠯᠬᠤ ᠪᠠᠷ ᠨᠡᠷ᠎ᠡ ᠮᠡᠳᠡᠭᠦᠯᠬᠦ ᠰᠦᠢᠳᠭᠡᠯ ᠲᠤᠰᠢᠶᠠᠬᠤ ᠦᠭᠡᠢ ᠪᠠᠶᠢᠵᠦ ᠪᠣᠯᠤᠨ᠎ᠠ᠃ ᠡᠨᠡ ᠬᠤᠶᠠᠷ ᠲᠥᠷᠥᠯ ᠤᠨ ᠤᠷᠢᠭᠳᠠᠭᠰᠠᠳ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠤᠨ ᠲᠠᠷᠬᠠᠭᠠᠭᠰᠠᠨ ᠳᠠᠩᠰᠠ ᠡᠪᠬᠡᠮᠡᠯ ᠤᠨ ᠺᠠᠷᠲ ︵ᠭᠠᠷ ᠳᠡᠪᠲᠡᠷ︶ ᠪᠤᠶᠤ ᠭᠠᠷᠭᠠᠵᠤ ᠥᠭᠭᠦᠭᠰᠡᠨ ᠶᠠᠳᠠᠭᠤ ᠬᠦᠴᠢᠷᠳᠡᠯ ᠤᠨ ᠭᠡᠷᠡᠴᠢ ᠶᠢᠨ ᠬᠠᠭᠤᠯᠪᠤᠷᠢ ᠶᠢ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠭᠠᠷᠭᠠᠵᠤ ᠥᠭᠭᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠡᠳ᠋ᠯᠡᠬᠦ ᠭᠡᠷᠡᠴᠢ ᠪᠤᠶᠤ ᠳᠣᠣᠷ᠎ᠠ ᠪᠠᠲᠤᠯᠠᠭ᠎ᠠ ᠶᠢᠨ ᠪᠠᠭᠤᠯᠭᠠᠪᠤᠷᠢ᠂ ᠤᠷᠢᠭᠳᠠᠭᠰᠠᠳ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ︵ᠨᠡᠷ᠎ᠡ ᠮᠡᠳᠡᠭᠦᠯᠬᠦ ᠳ᠋ᠤᠭᠠᠷ ᠪᠠ ᠬᠠᠷᠢᠯᠴᠠᠬᠤ ᠤᠲᠠᠰᠤ ᠶᠢ ᠲᠣᠳᠣᠷᠬᠠᠶᠢᠯᠠᠨ᠎ᠠ︶ ᠲᠠᠢ ᠬᠠᠮᠲᠤ ᠳᠤᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠲᠥᠪ ︵ᠡᠯᠧᠺᠲᠷᠣᠨ ᠰᠢᠤᠳᠠᠨ ᠤ ᠬᠠᠶᠢᠷᠴᠠᠭ᠄ imptasybtf@126.com︶ ᠳᠤ ᠢᠯᠡᠭᠡᠪᠡᠯ᠂ 2021 ᠣᠨ ᠤ 9 ᠳ᠋ᠤᠭᠡᠷ ᠰᠠᠷ᠎ᠠ ᠶᠢᠨ 15 ᠤ ᠡᠳᠦᠷ ᠤᠨ 24᠄ 00 ᠴᠠᠭ ᠪᠣᠯᠲᠠᠯ᠎ᠠ ᠢᠯᠡᠭᠡᠨ᠎ᠡ᠂ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ᠂ ᠨᠡᠷ᠎ᠡ ᠮᠡᠳᠡᠭᠦᠯᠬᠦ ᠰᠦᠢᠳᠭᠡᠯ ᠲᠤᠰᠢᠶᠠᠬᠤ ᠥᠬᠡᠶ ᠪᠠᠶᠢᠵᠤ ᠪᠣᠯᠤᠨ᠎ᠠ᠃      ᠭᠤᠷᠪᠠ᠂ ᠰᠢᠯᠭᠠᠯᠲᠠ      ︵ᠨᠢᠭᠡ︶ ᠪᠢᠷ ᠤᠨ ᠰᠢᠯᠭᠠᠯᠲᠠ      1᠂ ᠪᠢᠷ ᠤᠨ ᠰᠢᠯᠭᠠᠯᠲᠠ ᠶᠢᠨ ᠰᠢᠯᠭᠠᠯᠲᠠ ᠡᠬᠢᠯᠡᠬᠦ ᠬᠠᠷᠢᠴᠠᠯ ︵ᠤᠷᠢᠭᠳᠠᠵᠤ ᠰᠦᠢᠳᠭᠡᠯ ᠲᠤᠰᠢᠶᠠᠬᠤ ᠬᠥᠮᠦᠨ ᠤ ᠲᠤᠭ᠎ᠠ ᠬᠢᠭᠡᠳ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠲᠥᠯᠥᠪᠯᠡᠭᠡ ᠶᠢᠨ ᠲᠣᠭᠠᠨ ᠤ ᠬᠠᠷᠢᠴᠠᠯ︶ ᠨᠢ 4᠄ 1 ᠪᠣᠯᠤᠨ᠎ᠠ᠃      2᠂ ᠪᠢᠷ ᠤᠨ ᠰᠢᠯᠭᠠᠯᠲᠠ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠪᠠ ᠮᠣᠩᠭᠤᠯ ᠬᠡᠯᠡ ᠬᠤᠶᠠᠷ ᠵᠦᠢᠯ ᠤᠨ ᠰᠢᠯᠭᠠᠯᠲᠠ ᠶᠢᠨ ᠬᠠᠭᠤᠳᠠᠰᠤ ᠶᠢ ᠬᠠᠩᠭᠠᠨ᠎ᠠ᠃ ᠤᠷᠢᠭᠳᠠᠭᠴᠢ ᠰᠢᠯᠭᠠᠯᠲᠠ ᠶᠢᠨ ᠬᠠᠭᠤᠳᠠᠰᠤ ᠶᠢᠨ ᠬᠡᠯᠡᠨ ᠤ ᠲᠥᠷᠥᠯ ᠢ ᠥᠪᠡᠰᠦᠪᠡᠨ ᠰᠣᠩᠭᠤᠬᠤ ᠪᠥᠭᠡᠳ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠡᠭᠡᠨ ᠳᠣᠲᠣᠯᠠᠨ᠎ᠠ᠃ ᠰᠢᠯᠭᠠᠯᠲᠠ ᠶᠢᠨ ᠬᠠᠭᠤᠳᠠᠰᠤ ᠶᠢᠨ ᠬᠡᠯᠡᠨ ᠤ ᠲᠦᠷᠦᠯ ᠢ ᠰᠣᠩᠭᠤᠨ ᠲᠣᠭᠲᠠᠭᠠᠮᠠᠭᠴᠠ ᠬᠤᠪᠢᠷᠠᠭᠤᠯᠬᠤ ᠦᠭᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠢᠯᠭᠠᠯᠲᠠ ᠶᠢᠨ ᠬᠠᠭᠤᠳᠠᠰᠤ ᠶᠢ ᠰᠣᠩᠭᠤᠬᠤ ᠳᠤ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠠᠷᠢᠭᠤᠯᠬᠤ ᠬᠡᠷᠡᠭᠲᠡᠶ᠂ ᠮᠣᠩᠭᠤᠯ ᠬᠡᠯᠡᠨ ᠤ ᠰᠢᠯᠭᠠᠯᠲᠠ ᠶᠢᠨ ᠬᠠᠭᠤᠳᠠᠰᠤ ᠶᠢ ᠰᠣᠩᠭᠤᠬᠤ ᠳᠤ ᠡᠷᠬᠡᠪᠰᠢ ᠮᠣᠩᠭᠤᠯ ᠬᠡᠯᠡ ᠪᠠᠷ ᠬᠠᠷᠢᠭᠤᠯᠬᠤ ᠬᠡᠷᠡᠭᠲᠡᠶ᠂ ᠠᠳᠠᠯᠢ ᠨᠢᠭᠡ ᠲᠥᠷᠥᠯ ᠤᠨ ᠰᠢᠯᠭᠠᠯᠲᠠ ᠶᠢᠨ ᠬᠠᠭᠤᠳᠠᠰᠤ ᠶᠢ ᠬᠤᠶᠠᠷ ᠪᠤᠶᠤ ᠬᠤᠶᠠᠷ ᠠᠴᠠ ᠳᠡᠭᠡᠭᠰᠢ ᠥᠰᠥᠭ ᠪᠢᠴᠢᠭ ᠢᠶᠠᠷ ᠬᠠᠷᠢᠭᠤᠯᠪᠠᠯ᠂ ᠲᠡᠭ ᠬᠤᠪᠢ ᠪᠠᠷ  ᠰᠢᠢᠳᠪᠦᠷᠢᠯᠡᠨ᠎ᠡ᠃      3᠂ ᠰᠢᠯᠭᠠᠭᠤᠯᠬᠤ ᠦᠨᠡᠮᠯᠡᠯ ᠳᠠᠷᠤᠮᠠᠯᠯᠠᠬᠤ ᠴᠠᠭ᠄ 2021 ᠣᠨ ᠤ 10 ᠳ᠋ᠤᠭᠠᠷ ᠰᠠᠷ᠎ᠠ ᠶᠢᠨ 20 ᠤ ᠡᠳᠦᠷ ᠤᠨ 9᠄ 00 — 2021 ᠣᠨ ᠤ 10 ᠳ᠋ᠤᠭᠠᠷ ᠰᠠᠷ᠎ᠠ ᠶᠢᠨ 22 ᠤᠨ ᠡᠳᠦᠷ ᠤᠨ 24᠄ 00᠃      4᠂ ᠪᠢᠷ ᠤᠨ ᠰᠢᠯᠭᠠᠯᠲᠠ ᠶᠢᠨ ᠴᠠᠭ᠄ 2021 ᠣᠨ ᠤ 10 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠃      08᠄ 30 — 10᠄ 00 ︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠬᠡᠮᠵᠢᠨ ᠪᠠᠶᠢᠴᠠᠭᠠᠯᠲᠠ︾      10᠄ 00 — 12᠄ 00 ︽ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ︾      ᠰᠢᠯᠭᠠᠯᠲᠠ ᠶᠢᠨ ᠭᠠᠵᠠᠷ ᠢ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠳᠤ ᠨᠠᠷᠢᠪᠴᠢᠯᠠᠨ ᠦᠵᠡᠭᠡᠷᠡᠶ᠃ ᠪᠥᠬᠦ ᠣᠷᠣᠨ ᠳᠤ 12 ᠰᠢᠯᠭᠠᠯᠲᠠ ᠶᠢᠨ ᠲᠣᠭᠤᠷᠢᠭ ᠪᠠᠶᠢᠭᠤᠯᠤᠨ᠎ᠠ᠄ ᠣᠷᠣᠨ ᠤ ᠰᠢᠭᠤᠳ ᠬᠠᠷᠢᠶ᠎ᠠ ︵ᠬᠥᠬᠡᠬᠤᠲᠠ︶᠂ ᠪᠤᠭᠤᠲᠤ ᠬᠤᠲᠠ᠂ ᠬᠥᠯᠥᠨ ᠪᠤᠶᠢᠷ ᠬᠤᠲᠠ ︵ᠮᠠᠨᠵᠤᠤᠷ ᠬᠤᠲᠠ ᠪᠠᠭᠲᠠᠨ᠎ᠠ︶᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ︵ᠡᠷᠢᠶᠡᠨ ᠬᠤᠲᠠ ᠪᠠᠭᠲᠠᠨ᠎ᠠ︶᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ ᠪᠠ ᠠᠯᠠᠱᠠ ᠠᠶᠢᠮᠠᠭ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ᠃      5᠂ ᠰᠢᠯᠭᠠᠯᠲᠠ ᠶᠢᠨ ᠬᠢᠴᠢᠶᠡᠯ ᠲᠥᠷᠥᠯ ᠨᠢ ︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠬᠡᠮᠵᠢᠨ ᠪᠠᠶᠢᠴᠠᠭᠠᠯᠲᠠ︾ ᠪᠠ ︽ᠶᠡᠷᠦᠩᠬᠡᠶᠢᠯᠡᠨ ᠬᠡᠷᠡᠭᠯᠡᠬᠦ ᠴᠢᠳᠠᠪᠤᠷᠢ︾ ᠭᠡᠬᠦ ᠬᠤᠶᠠᠷ ᠬᠢᠴᠢᠶᠡᠯ ᠪᠠᠶᠢᠵᠤ᠂ ᠰᠢᠯᠭᠠᠯᠲᠠ ᠶᠢᠨ ᠬᠠᠭᠤᠳᠠᠰᠤ ᠨᠢ ᠬᠤᠶᠠᠷ ᠰᠢᠯᠭᠠᠯᠲᠠ ᠶᠢᠨ ᠬᠢᠴᠢᠶᠡᠯ ᠤᠨ ᠨᠡᠶᠢᠯᠡᠭᠦᠯᠦᠭᠰᠡᠨ ᠳᠡᠪᠲᠡᠷ ᠪᠠᠶᠢᠵᠤ᠂ ᠪᠦᠷᠢᠨ ᠬᠤᠪᠢ ᠨᠢ ᠲᠣᠰ ᠲᠣᠰ 150 ᠬᠤᠪᠢ ᠪᠣᠯᠤᠨ᠎ᠠ᠃ ᠰᠢᠯᠭᠠᠯᠲᠠ ᠶᠢᠨ ᠬᠡᠪᠴᠢᠶ᠎ᠡ ᠶᠢ ︽ᠠᠵᠢᠯ ᠦᠢᠯᠡᠰ  ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠲᠥᠷᠥᠯ ᠬᠤᠪᠢᠶᠠᠭᠰᠠᠨ ᠰᠢᠯᠭᠠᠯᠲᠠ ᠶᠢᠨ ᠣᠯᠠᠨ ᠨᠡᠶᠢᠲᠡ ᠶᠢᠨ ᠬᠢᠴᠢᠶᠡᠯ ᠤᠨ ᠪᠢᠷ ᠤᠨ ᠰᠢᠯᠭᠠᠯᠲᠠ ᠶᠢᠨ ᠬᠥᠲᠥᠯᠪᠦᠷᠢ︾ ︵2021 ᠣᠨ ᠤ ᠬᠡᠪᠯᠡᠯ︶ ᠪᠠᠷ ᠯᠠᠪᠯᠠᠯᠲᠠ ᠪᠣᠯᠭᠠᠨ᠎ᠠ᠃      ᠪᠢᠷ ᠤᠨ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ = ︵︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠬᠡᠮᠵᠢᠨ ᠪᠠᠶᠢᠴᠠᠭᠠᠯᠲᠠ︾ ᠶᠢᠨ ᠬᠢᠷᠢ ᠪᠦᠲᠦᠮᠵᠢ ÷1.5︶ X50%+ ︵︽ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ︾ ᠶᠢᠨ ᠬᠢᠷᠢ ᠪᠦᠲᠦᠮᠵᠢ ÷1.5︶ X50%᠃      6᠂ ᠬᠤᠪᠢ ᠨᠡᠮᠡᠬᠦ ᠲᠥᠷᠥ ᠶᠢᠨ ᠪᠣᠳᠣᠯᠭ᠎ᠠ ᠳᠤ ᠨᠡᠶᠢᠴᠡᠪᠡᠯ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      7᠂ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠪᠢᠷ ᠤᠨ ᠰᠢᠯᠭᠠᠯᠲᠠ ᠶᠢᠨ ᠬᠠᠮᠤᠭ ᠳᠣᠤᠷ᠎ᠠ ᠬᠢᠷᠢ ᠲᠡᠩᠴᠡᠭᠦ ᠬᠤᠪᠢ ᠶᠢᠨ ᠱᠤᠭᠤᠮ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠰᠤᠳᠤᠯᠤᠨ ᠲᠣᠭᠲᠠᠭᠠᠨ᠎ᠠ᠃ ᠤᠷᠢᠭᠳᠠᠭᠰᠠᠳ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠ ᠪᠢᠷ ᠤᠨ ᠰᠢᠯᠭᠠᠯᠲᠠ ᠶᠢᠨ ᠬᠠᠮᠤᠭ ᠤᠨ ᠳᠣᠤᠷ᠎ᠠ ᠬᠢᠷᠢ ᠲᠡᠩᠴᠡᠭᠦ ᠬᠤᠪᠢ ᠶᠢᠨ ᠱᠤᠭᠤᠮ ᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠰᠦᠯᠵᠢᠶᠡᠨ ᠳᠡᠭᠡᠷ᠎ᠡ ᠨᠡᠶᠢᠳᠡᠯᠡᠨ᠎ᠡ᠃      ︵ᠬᠤᠶᠠᠷ︶ ᠬᠢᠷᠢ ᠬᠡᠮ ᠢ ᠲᠠᠬᠢᠨ ᠬᠢᠨᠠᠬᠤ      1᠂ ᠬᠢᠷᠢ ᠬᠡᠮ ᠢ ᠳᠠᠬᠢᠨ ᠬᠢᠨᠠᠬᠤ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠡᠶᠡᠯᠡᠭᠦᠯᠦᠨ᠎ᠡ᠃ ᠬᠢᠷᠢ ᠬᠡᠮ ᠤᠨ ᠳᠠᠬᠢᠨ ᠬᠢᠨᠠᠯᠲᠠ ᠪᠠ ᠨᠢᠭᠤᠷᠲᠠᠨ ᠰᠢᠯᠭᠠᠯᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ 7 ᠡᠳᠦᠷ ᠤᠨ ᠡᠮᠦᠨ᠎ᠡ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠨ᠎ᠡ᠃      2᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠠᠴᠠ ᠬᠠᠮᠤᠭ ᠤᠨ ᠳᠣᠤᠷ᠎ᠠ ᠬᠢᠷᠢ ᠲᠡᠩᠴᠡᠭᠦ ᠬᠤᠪᠢ ᠶᠢᠨ ᠱᠤᠭᠤᠮ ᠳᠤ ᠭᠦᠷᠦᠭᠰᠡᠨ ᠤᠷᠢᠭᠳᠠᠭᠰᠠᠳ ᠤᠨ ᠳᠣᠲᠣᠷ᠎ᠠ᠂ ᠠᠵᠢᠯ ᠤᠨ ᠪᠠᠶᠢᠷᠢ ᠨᠢᠭᠡᠪᠦᠷᠢ ᠶᠢᠨ ᠤᠷᠢᠭᠳᠠᠭᠰᠠᠳ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠤᠷ᠎ᠠ ᠬᠦᠷᠲᠡᠯᠡᠬᠢ ᠳᠠᠷᠠᠭᠠᠯᠠᠯ ᠪᠠ 3᠄ 1 ᠶᠢᠨ ᠬᠠᠷᠢᠴᠠᠯ ᠢᠶᠠᠷ ᠬᠢᠷᠢ ᠬᠡᠮ ᠢ ᠳᠠᠬᠢᠨ ᠬᠢᠨᠠᠬᠤ ᠬᠡᠪᠴᠢᠶᠡᠨ ᠳᠤ ᠣᠷᠣᠭᠰᠠᠳ ᠢ ᠲᠣᠭᠲᠠᠭᠠᠨ᠎ᠠ︔ ᠬᠢᠷᠢ ᠬᠡᠮ ᠢ ᠳᠠᠬᠢᠨ ᠬᠢᠨᠠᠬᠤ ᠵᠢᠴᠢ ᠳᠠᠷᠠᠭᠠᠯᠠᠨ ᠨᠥᠬᠦᠪᠥᠷᠢᠯᠡᠭᠰᠡᠨ ᠤ ᠳᠠᠷᠠᠭ᠎ᠠ 3᠄ 1 ᠳᠤ ᠬᠥᠷᠬᠦ ᠥᠬᠡᠶ ᠪᠠᠶᠢᠪᠠᠯ᠂ ᠪᠣᠳᠠᠲᠠᠶ ᠬᠥᠮᠦᠨ ᠤ ᠲᠤᠭ᠎ᠠ ᠪᠠᠷ ᠨᠢᠭᠤᠷᠲᠠᠨ ᠰᠢᠯᠭᠠᠬᠤ ᠬᠡᠪᠴᠢᠶᠡᠨ ᠳᠤ ᠣᠷᠣᠭᠰᠠᠳ ᠢ ᠲᠣᠭᠲᠠᠭᠠᠨ᠎ᠠ᠃ ᠠᠳᠠᠯᠢ ᠨᠢᠭᠡᠨ ᠠᠵᠢᠯ ᠤᠨ ᠪᠠᠶᠢᠷᠢ ᠳᠤ ᠤᠷᠢᠭᠳᠠᠭᠰᠠᠳ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠵᠡᠷᠭᠡᠴᠡᠭᠰᠡᠨ ᠠᠴᠠ ᠪᠣᠯᠵᠣ 3᠄ 1 ᠶᠢᠨ ᠬᠠᠷᠢᠴᠠᠯ ᠠᠴᠠ ᠳᠠᠪᠠᠭᠰᠠᠨ ᠪᠠᠶᠢᠪᠠᠯ᠂ ᠪᠦᠬᠦᠨ ᠢ ᠬᠢᠷᠢ ᠬᠡᠮ ᠤᠨ ᠳᠠᠬᠢᠨ ᠬᠢᠨᠠᠯᠲᠠ ᠳᠤ ᠣᠷᠣᠭᠤᠯᠤᠨ᠎ᠠ᠃ ᠡᠯᠰᠡᠬᠦ ᠲᠥᠯᠥᠪᠯᠡᠭᠡ ᠳᠤ ᠲᠣᠬᠢᠷᠠᠭᠤᠯᠤᠯᠲᠠ ᠬᠢᠭᠰᠡᠨ ᠪᠤᠶᠤ ᠬᠦᠴᠦᠨ ᠥᠬᠡᠶ ᠪᠣᠯᠭᠠᠭᠰᠠᠨ ᠠᠵᠢᠯ ᠤᠨ ᠪᠠᠶᠢᠷᠢ ᠶᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠨ᠎ᠡ᠃      3᠂ ᠬᠢᠷᠢ ᠬᠡᠮ ᠤᠨ ᠳᠠᠬᠢᠨ ᠬᠢᠨᠠᠯᠲᠠ ᠶᠢᠨ ᠬᠦᠷᠢᠶ᠎ᠡ ᠬᠡᠪᠴᠢᠶᠡᠨ ᠳᠤ ᠤᠷᠤᠭᠰᠠᠨ ᠤᠷᠢᠭᠳᠠᠭᠰᠠᠳ ᠲᠣᠭᠲᠠᠭᠰᠠᠨ ᠴᠠᠭ ᠪᠠ ᠭᠠᠵᠠᠷ ᠣᠷᠣᠨ ᠤ ᠶᠣᠰᠣᠭᠠᠷ ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠨ᠎ᠠ᠃ ᠲᠣᠭᠲᠠᠭᠰᠠᠨ ᠴᠠᠭ ᠳᠠᠭᠤᠰᠬᠤ ᠠᠴᠠ ᠡᠮᠦᠨ᠎ᠡ ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠭᠰᠠᠨ ᠥᠬᠡᠶ ᠪᠠᠶᠢᠪᠠᠯ ᠂ ᠨᠢᠭᠤᠷᠲᠠᠨ ᠰᠢᠯᠭᠠᠬᠤ ᠬᠢᠷᠢ ᠬᠡᠮ ᠢ ᠨᠢ ᠬᠠᠰᠤᠨ᠎ᠠ᠃      ︵ᠭᠤᠷᠪᠠ︶ ᠨᠢᠭᠤᠷᠲᠠᠨ ᠰᠢᠯᠭᠠᠬᠤ ᠵᠢᠴᠢ ᠶᠡᠷᠦᠩᠬᠡᠶ ᠬᠢᠷᠢ ᠪᠦᠲᠦᠮᠵᠢ ᠶᠢ ᠪᠤᠳᠤᠬᠤ      1᠂ ᠨᠢᠭᠤᠷᠲᠠᠨ ᠰᠢᠯᠭᠠᠬᠤ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠲᠦᠴᠡ ᠳᠤ ᠨᠢᠭᠤᠷᠲᠠᠨ ᠰᠢᠯᠭᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠨᠢᠭᠤᠷᠳᠠᠬᠤ ᠰᠢᠯᠭᠠᠯᠲᠠ ᠶᠢᠨ ᠪᠦᠷᠢᠨ ᠬᠤᠪᠢ 100 ᠬᠤᠪᠢ      2᠂ ᠤᠷᠢᠭᠳᠠᠭᠰᠠᠳ ᠨᠢᠭᠤᠷᠲᠠᠨ ᠰᠢᠯᠭᠠᠬᠤ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠠᠷᠢᠭᠤᠯᠵᠤ ᠪᠣᠯᠤᠨ᠎ᠠ᠂ ᠪᠠᠰᠠ ᠮᠣᠩᠭᠤᠯ ᠬᠡᠯᠡ ᠪᠠᠷ ᠬᠠᠷᠢᠭᠤᠯᠵᠤ ᠪᠣᠯᠤᠨ᠎ᠠ ︵ᠤᠷᠢᠭᠳᠠᠭᠰᠠᠳ ᠡᠷᠬᠡᠪᠰᠢ ᠬᠢᠷᠢ ᠬᠡᠮ ᠢ ᠳᠠᠬᠢᠨ ᠬᠢᠨᠠᠬᠤ ᠦᠶ᠎ᠡ ᠳᠤ ᠠᠵᠢᠯᠲᠠᠳ ᠲᠤ ᠲᠣᠳᠣᠷᠬᠠᠶᠢᠯᠠᠬᠤ ᠶᠢᠨ ᠬᠠᠮᠲᠤ ᠨᠢᠭᠤᠷᠲᠠᠨ ᠰᠢᠯᠭᠠᠬᠤ ᠮᠡᠳᠡᠭᠳᠡᠯ ᠤᠨ ᠪᠢᠴᠢᠭ ᠳᠡᠭᠡᠷ᠎ᠡ ᠲᠣᠳᠣᠷᠬᠠᠶᠢᠯᠠᠬᠤ ᠬᠡᠷᠡᠭᠲᠡᠶ︶᠂ ᠭᠡᠪᠡᠴᠦ ᠵᠥᠪᠬᠡᠨ ᠨᠢᠭᠡ ᠵᠦᠢᠯ ᠤᠨ ᠦᠭᠡ ᠬᠡᠯᠡ ᠶᠢ ᠬᠡᠷᠡᠭᠯᠡᠬᠦ ᠠᠴᠠ ᠪᠢᠰᠢ ᠬᠤᠳᠬᠤᠯᠳᠤᠭᠤᠯᠤᠨ ᠬᠡᠷᠡᠭᠯᠡᠵᠦ ᠪᠣᠯᠬᠤ ᠥᠬᠡᠶ᠃ ᠮᠣᠩᠭᠤᠯ ᠬᠡᠯᠡᠨ ᠢᠶᠠᠷ ᠬᠠᠷᠢᠭᠤᠯᠬᠤ ᠤᠷᠢᠭᠳᠠᠭᠰᠠᠳ ᠲᠤ ᠬᠤᠶᠠᠷ ᠮᠣᠩᠭᠤᠯ ᠬᠡᠯᠡᠨ ᠤ ᠣᠷᠴᠢᠭᠤᠯᠤᠭᠴᠢ ᠲᠣᠬᠢᠷᠠᠭᠤᠯᠵᠤ ᠥᠭᠭᠦᠨ᠎ᠡ᠃      3᠂ ᠨᠢᠭᠤᠷᠲᠠᠨ ᠰᠢᠯᠭᠠᠯᠲᠠ ᠳᠤ ᠪᠣᠳᠠᠲᠠᠶ ᠣᠷᠣᠯᠴᠠᠭᠰᠠᠨ ᠬᠥᠮᠦᠨ ᠤ ᠲᠤᠭ᠎ᠠ ᠨᠢ ᠲᠣᠰ ᠠᠵᠢᠯ ᠤᠨ ᠪᠠᠶᠢᠷᠢ ᠶᠢᠨ ᠪᠣᠳᠠᠲᠠᠶ ᠡᠯᠰᠡᠬᠦ ᠲᠥᠯᠥᠪᠯᠡᠭᠡ ᠶᠢᠨ ᠲᠤᠭ᠎ᠠ ᠲᠠᠢ ᠲᠡᠩᠴᠡᠬᠦ ᠪᠤᠶᠤ ᠲᠡᠭᠦᠨ ᠠᠴᠠ ᠳᠤᠲᠠᠭᠤ ᠠᠵᠢᠯ ᠤᠨ ᠪᠠᠶᠢᠷᠢ ᠳᠤ ᠪᠣᠯ᠂ ᠲᠣᠰ ᠠᠵᠢᠯ ᠤᠨ ᠪᠠᠶᠢᠷᠢ ᠳᠤ ᠤᠷᠢᠭᠳᠠᠭᠰᠠᠳ ᠤᠨ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠨᠢ ᠡᠷᠬᠡᠪᠰᠢ ᠲᠡᠭᠦᠨ ᠤ ᠪᠠᠶᠢᠭ᠎ᠠ ᠰᠢᠯᠭᠠᠯᠲᠠ ᠶᠢᠨ ᠲᠠᠯᠠᠪᠤᠷ ︵ᠠᠳᠠᠯᠢ ᠰᠢᠯᠭᠠᠯᠲᠠ ᠶᠢᠨ ᠰᠡᠳᠦᠪ᠂ ᠠᠳᠠᠯᠢ ᠰᠢᠯᠭᠠᠯᠲᠠ ᠶᠢᠨ ᠲᠤᠰᠢᠶᠠᠯᠲᠠᠨ ᠤ ᠳᠤᠭᠤᠶᠢᠯᠠᠩ︶ ᠤᠨ ᠨᠢᠭᠤᠷᠲᠠᠨ ᠰᠢᠯᠭᠠᠯᠲᠠ ᠳᠤ ᠪᠣᠳᠠᠲᠠᠶ ᠣᠷᠣᠯᠴᠠᠭᠰᠠᠳ ᠤᠨ ᠳᠤᠮᠳᠠᠴᠢ ᠬᠢᠷᠢ ᠪᠦᠲᠦᠮᠵᠢ ᠳᠤ ᠭᠦᠷᠦᠭᠰᠡᠨ ᠪᠠᠶᠢᠪᠠᠯ ᠰᠠᠶ᠋ᠢ ᠲᠠᠷᠠᠭᠠᠴᠢ ᠶᠢᠨ ᠨᠢᠭᠡ ᠭᠤᠭᠴᠤᠭ᠎ᠠ ᠶᠢ ᠶᠠᠪᠤᠭᠳᠠᠭᠤᠯᠵᠤ ᠪᠣᠯᠤᠨ᠎ᠠ᠃      4᠂ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠶᠢ ᠪᠤᠳᠤᠬᠤ᠄    ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ = ᠪᠢᠷ ᠤᠨ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ × 60% + ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ × 40%      ᠤᠷᠢᠭᠳᠠᠭᠰᠠᠳ ᠤᠨ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠶᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠨ᠎ᠡ᠃      ᠲᠦᠷᠪᠡ᠂ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ      ᠤᠷᠢᠭᠳᠠᠭᠰᠠᠳ ᠤᠨ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠶᠢᠨ ᠥᠨᠳᠥᠷ ᠠᠴᠠ ᠳᠣᠤᠷ᠎ᠠ ᠲᠠᠰ ᠳᠠᠷᠠᠭᠠᠯᠠᠯ ᠪᠠ ᠲᠣᠰ ᠠᠵᠢᠯ ᠤᠨ ᠪᠠᠶᠢᠷᠢ ᠶᠢᠨ ᠪᠣᠳᠠᠲᠠᠶ ᠡᠯᠰᠡᠬᠦ ᠲᠥᠯᠥᠪᠯᠡᠭᠡ ᠶᠢᠨ ᠲᠤᠭ᠎ᠠ ᠶᠣᠰᠣᠭᠠᠷ᠂ ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠬᠤ ᠬᠡᠪᠴᠢᠶᠡᠨ ᠳᠤ ᠣᠷᠣᠬᠤ ᠵᠢᠱᠢᠭᠳᠡᠭᠴᠢ ᠶᠢ ᠠᠳᠠᠯᠢ ᠲᠤᠭ᠎ᠠ ᠪᠠᠷ ᠲᠣᠭᠲᠠᠭᠠᠨ᠎ᠠ᠃ ᠠᠳᠠᠯᠢ ᠨᠢᠭᠡᠨ ᠠᠵᠢᠯ ᠤᠨ ᠪᠠᠶᠢᠷᠢ ᠶᠢᠨ ᠪᠡᠶ᠎ᠡ ᠶᠢᠨ ᠪᠠᠶᠢᠴᠠᠭᠠᠯᠲᠠ ᠶᠢᠨ ᠬᠢᠨᠠᠨ ᠪᠠᠶᠢᠴᠠᠭᠠᠬᠤ ᠬᠡᠪᠴᠢᠶᠡᠨ ᠳᠤ ᠤᠷᠤᠭᠰᠠᠨ ᠵᠢᠱᠢᠭᠳᠡᠭᠴᠢ ᠶᠢᠨ ᠬᠠᠮᠤᠭ ᠰᠡᠭᠦᠯᠴᠢ ᠶᠢᠨ ᠨᠢᠭᠡ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠨᠢ ᠵᠡᠷᠭᠡᠴᠡᠭᠰᠡᠨ ᠪᠥᠭᠡᠳ ᠲᠣᠰ ᠠᠵᠢᠯ ᠤᠨ ᠪᠠᠶᠢᠷᠢ ᠶᠢᠨ ᠪᠣᠳᠠᠲᠠᠶ ᠡᠯᠰᠡᠬᠦ ᠲᠥᠯᠥᠪᠯᠡᠭᠡ ᠶᠢᠨ ᠲᠤᠭ᠎ᠠ ᠠᠴᠠ ᠳᠠᠪᠠᠭᠰᠠᠨ ᠪᠠᠶᠢᠪᠠᠯ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠪᠣᠭᠤᠨᠢ ᠪᠠᠷ ᠵᠢᠭᠰᠠᠭᠠᠵᠤ᠂ ᠪᠡᠶ᠎ᠡ ᠶᠢᠨ ᠪᠠᠶᠢᠴᠠᠭᠠᠯᠲᠠ ᠪᠠ ᠬᠢᠨᠠᠨ ᠪᠠᠶᠢᠴᠠᠭᠠᠬᠤ ᠬᠡᠪᠴᠢᠶᠡᠨ ᠳᠤ ᠤᠷᠤᠭᠰᠠᠨ ᠵᠢᠱᠢᠭᠳᠡᠭᠴᠢ ᠶᠢ ᠠᠳᠠᠯᠢ ᠲᠤᠭ᠎ᠠ ᠪᠠᠷ ᠲᠣᠭᠲᠠᠭᠠᠨ᠎ᠠ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠴᠦ ᠠᠳᠠᠯᠢ ᠪᠠᠶᠢᠪᠠᠯ᠂ ᠨᠡᠮᠡᠵᠦ ᠰᠢᠯᠭᠠᠬᠤ ︵ᠨᠡᠮᠡᠵᠦ ᠰᠢᠯᠭᠠᠬᠤ ᠬᠡᠯᠪᠡᠷᠢ ᠶᠢ ᠠᠵᠢᠯᠲᠠᠨ ᠡᠯᠰᠡᠬᠦ ᠨᠢᠭᠡᠴᠢ ᠠᠴᠠ ᠪᠣᠳᠠᠲᠠᠶ ᠪᠠᠶᠢᠳᠠᠯ ᠢ ᠦᠨᠳᠦᠰᠦᠯᠡᠨ ᠲᠣᠭᠲᠠᠭᠠᠨ᠎ᠠ︶ ᠶᠢ ᠵᠣᠬᠢᠶᠠᠨ ᠪᠠᠶᠢᠭᠤᠯᠵᠤ᠂ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ ᠶᠢᠨ ᠬᠡᠪᠴᠢᠶᠡᠨ ᠳᠤ ᠣᠷᠣᠬᠤ ᠵᠢᠱᠢᠭᠳᠡᠭᠴᠢ ᠶᠢ ᠠᠳᠠᠯᠢ ᠲᠤᠭ᠎ᠠ ᠪᠠᠷ ᠲᠣᠭᠲᠠᠭᠠᠨ᠎ᠠ᠃      ︵ᠨᠢᠭᠡ︶ ᠪᠡᠶ᠎ᠡ ᠶᠢᠨ ᠪᠠᠶᠢᠴᠠᠭᠠᠯᠲᠠ      ᠪᠡᠶ᠎ᠡ   ᠶᠢᠨ ᠪᠠᠶᠢᠴᠠᠭᠠᠯᠲᠠ ᠶᠢ ᠥᠪᠡᠷᠲᠡᠭᠡᠨ ᠵᠠᠰᠠᠭ ᠣᠷᠣᠨ ᠤ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠡᠮᠨᠡᠯᠭᠡ ᠶᠢᠨ ᠪᠡᠶ᠎ᠡ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠳᠤ ᠶᠠᠪᠤᠭᠳᠠᠭᠤᠯᠤᠨ᠎ᠠ᠃ ᠪᠡᠶ᠎ᠡ ᠶᠢᠨ ᠪᠠᠶᠢᠴᠠᠭᠠᠯᠲᠠ ᠶᠢ ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠢᠶᠠᠷ ᠯᠠᠪᠯᠠᠯᠲᠠ ᠪᠣᠯᠭᠠᠵᠤ ᠤᠷᠢᠭᠳᠠᠭᠰᠠᠳ ᠤᠨ ᠪᠡᠶ᠎ᠡ ᠶᠢᠨ ᠪᠠᠶᠢᠴᠠᠭᠠᠯᠲᠠ ᠨᠢ ᠬᠢᠷᠢ ᠲᠡᠩᠴᠡᠭᠰᠡᠨ ᠥᠬᠡᠶ ᠪᠤᠶᠤ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ᠂ ᠴᠢᠬᠤᠯᠠ ᠡᠪᠡᠳᠴᠢᠨ ᠤ ᠲᠡᠤᠬᠡ ᠪᠠᠨ ᠨᠢᠭᠤᠨ ᠳᠠᠯᠳᠠᠯᠠᠭᠰᠠᠨ ᠠᠴᠠ ᠪᠣᠯᠵᠣ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠨᠢ ᠦᠨᠡᠨ ᠪᠣᠳᠠᠲᠠᠶ ᠪᠢᠰᠢ ᠪᠣᠯᠤᠭᠰᠠᠨ ᠪᠠᠶᠢᠪᠠᠯ᠂ ᠤᠷᠢᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃      ︵ᠬᠤᠶᠠᠷ︶ ᠰᠢᠨᠵᠢᠯᠡᠨ ᠪᠠᠶᠢᠴᠠᠭᠠᠯᠲᠠ ᠬᠢᠬᠦ    ᠰᠢᠨᠵᠢᠯᠡᠨ ᠪᠠᠶᠢᠴᠠᠭᠠᠬᠤ ᠠᠵᠢᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠬᠠᠷᠢᠭᠤᠴᠠᠵᠤ᠂ ᠰᠢᠨᠵᠢᠯᠡᠨ ᠪᠠᠶᠢᠴᠠᠭᠠᠬᠤ ᠳᠤᠭᠤᠶᠢᠯᠠᠩ ᠪᠠᠶᠢᠭᠤᠯᠤᠨ ᠤᠷᠢᠭᠳᠠᠭᠰᠠᠳ ᠲᠤ ᠨᠠᠷᠢᠨ ᠬᠢᠨᠠᠮᠠᠭᠠᠶ ᠪᠥᠬᠦ ᠲᠠᠯ᠎ᠠ ᠶᠢᠨ ᠰᠢᠨᠵᠢᠯᠡᠨ ᠪᠠᠶᠢᠴᠠᠭᠠᠯᠲᠠ ᠬᠢᠨ᠎ᠠ᠃ ᠤᠷᠢᠭᠳᠠᠭᠰᠠᠳ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠪᠠᠶᠢᠪᠠᠯ᠂ ᠤᠷᠢᠨ ᠬᠡᠷᠡᠭᠯᠡᠬᠦ ᠤᠳᠤᠷᠢᠳᠬᠤ ᠳᠤᠭᠤᠶᠢᠯᠠᠩ ᠢᠶᠠᠷ ᠰᠤᠳᠤᠯᠤᠨ ᠲᠣᠭᠲᠠᠭᠠᠯᠭᠠᠭᠠᠳ᠂ ᠤᠷᠢᠨ ᠬᠡᠷᠡᠭᠯᠡᠬᠦ ᠬᠢᠷᠢ ᠬᠡᠮ ᠢ ᠨᠢ ᠬᠠᠰᠤᠵᠤ ᠪᠣᠯᠤᠨ᠎ᠠ᠃      ᠲᠠᠪᠤ᠂ ᠢᠯᠡ ᠨᠡᠶᠢᠲᠡᠯᠡᠬᠦ ᠪᠠ ᠤᠷᠢᠨ ᠬᠡᠷᠡᠭᠯᠡᠬᠦ      ᠤᠷᠢᠭᠳᠠᠭᠰᠠᠳ ᠤᠨ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠵᠢᠴᠢ ᠪᠡᠶ᠎ᠡ ᠶᠢᠨ ᠪᠠᠶᠢᠴᠠᠭᠠᠯᠲᠠ ᠪᠠ ᠰᠢᠨᠵᠢᠯᠡᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠤᠷᠢᠭᠳᠠᠭᠰᠠᠳ ᠢ ᠲᠣᠭᠲᠠᠭᠠᠨ᠎ᠠ᠃ ᠤᠷᠢᠵᠤ ᠬᠡᠷᠡᠭᠯᠡᠬᠦ ᠪᠠᠷ ᠪᠠᠶᠢᠭ᠎ᠠ ᠬᠥᠮᠦᠰ ᠤᠨ ᠨᠡᠷᠡᠰ ᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ ᠪᠣᠯᠤᠨ᠎ᠠ᠃ ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠲᠠᠯ᠎ᠠ ᠣᠨᠳᠣᠤ ᠰᠠᠨᠠᠯ ᠥᠬᠡᠶ ᠪᠠᠶᠢᠪᠠᠯ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠤᠷᠢᠨ ᠬᠡᠷᠡᠭᠯᠡᠬᠦ ᠬᠥᠮᠦᠰ ᠯᠦᠭᠡ ᠤᠷᠢᠨ ᠬᠡᠷᠡᠭᠯᠡᠬᠦ ᠭᠡᠷ᠎ᠡ ᠲᠣᠭᠲᠠᠵᠤ᠂ ᠲᠤᠷᠰᠢᠨ ᠬᠡᠷᠡᠭᠯᠡᠬᠦ ᠬᠤᠭᠤᠴᠠᠭ᠎ᠠ ᠶᠢᠨ ᠲᠦᠷᠢᠮ ᠢ ᠬᠡᠷᠡᠭᠵᠢᠭᠦᠯᠦᠨ᠎ᠡ᠃      ᠤᠷᠢᠭᠳᠠᠭᠴᠢ ᠨᠢ ᠲᠤᠰ ᠤᠳᠠᠭᠠᠨ ᠤ ᠢᠯᠡ ᠪᠠᠷ ᠤᠷᠢᠨ ᠬᠡᠷᠡᠭᠯᠡᠬᠦ ᠳᠤ ᠤᠷᠢᠨ ᠬᠡᠷᠡᠭᠯᠡᠬᠦ ᠶᠢ ᠳᠠᠩᠰᠠᠯᠠᠭᠤᠯᠬᠤ ᠭᠠᠷᠳᠠᠮ   ᠭᠦᠢᠴᠡᠳᠭᠡᠬᠦ ᠠᠴᠠ ᠡᠮᠦᠨ᠎ᠡ ᠪᠤᠰᠤᠳ ᠨᠢᠭᠡᠴᠢ ᠳᠤ ᠤᠷᠢᠨ ᠬᠡᠷᠡᠭᠯᠡᠭᠳᠡᠭᠰᠡᠨ ᠪᠥᠭᠡᠳ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳᠦᠶ ᠪᠠᠶᠢᠪᠠᠯ ︵ᠣᠷᠣᠨ ᠲᠤᠭ᠎ᠠ ᠪᠠᠷ ᠤᠷᠢᠨ ᠬᠡᠷᠡᠭᠯᠡᠬᠦ ᠳᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠭᠤᠯᠭᠠᠭᠰᠠᠨ ᠳᠠᠩᠰᠠᠯᠠᠭᠤᠯᠤᠯᠲᠠ ᠪᠤᠶᠤ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ︶᠂ ᠡᠰᠡᠬᠦᠯ᠎ᠡ ᠠᠯᠪᠠᠲᠠᠨ ᠡᠯᠰᠡᠬᠦ ᠰᠢᠯᠭᠠᠯᠲᠠ ᠳᠤ ᠰᠢᠨ᠎ᠡ ᠪᠠᠷ ᠡᠯᠰᠡᠭᠳᠡᠭᠰᠡᠨ ︵ᠡᠯᠰᠡᠨ ᠬᠡᠷᠡᠭᠯᠡᠬᠦ ᠶᠢ ᠭᠤᠤᠯᠴᠢᠯᠠᠨ ᠬᠠᠮᠢᠶᠠᠷᠬᠤ ᠪᠠᠶᠢᠭᠤᠯᠭ᠎ᠠ ᠠᠴᠠ ᠪᠠᠭᠤᠯᠭᠠᠭᠰᠠᠨ ᠡᠯᠰᠡᠨ ᠬᠡᠷᠡᠭᠯᠡᠬᠦ ᠶᠢ ᠳᠠᠩᠰᠠᠯᠠᠭᠤᠯᠬᠤ ᠪᠤᠶᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ︶᠂ ᠡᠰᠡᠬᠦᠯ᠎ᠡ ᠪᠦᠬᠦᠯᠢ ᠡᠳᠦᠷ ᠤᠨ ᠳᠦᠷᠢᠮᠲᠦ ᠰᠣᠷᠣᠭᠴᠢ ᠪᠣᠯᠤᠭᠰᠠᠨ ᠵᠢᠴᠢ ᠬᠤᠭᠤᠴᠠᠭ᠎ᠠ ᠶᠣᠰᠣᠭᠠᠷ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠣᠯᠤᠭᠰᠠᠨ ᠥᠬᠡᠶ ᠲᠣᠰ ᠬᠤᠭᠤᠴᠠᠭᠠᠨ ᠤ ᠲᠡᠭᠦᠰᠬᠦ ᠰᠣᠷᠣᠭᠴᠢ ᠶᠢᠨ ᠤᠷᠢᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃      ᠤᠷᠢᠭᠳᠠᠭᠰᠠᠳ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠪᠥᠬᠦ ᠶᠠᠪᠤᠴᠠ ᠳᠤ ᠲᠤᠤᠱᠯᠠᠭᠤᠯᠵᠤ᠂ ᠢᠯᠡ ᠪᠠᠷ ᠤᠷᠢᠨ ᠬᠡᠷᠡᠭᠯᠡᠬᠦ ᠶᠠᠪᠤᠴᠠ ᠳᠤ ᠶᠠᠮᠠᠷᠪᠠ ᠵᠠᠩᠭᠢᠯᠠᠭ᠎ᠠ ᠳᠤ ᠮᠡᠳᠡᠭᠡ ᠵᠠᠩᠭᠢ ᠨᠢ ᠦᠨᠡᠨ ᠪᠣᠳᠠᠲᠠᠶ ᠪᠢᠰᠢ᠂ ᠨᠥᠬᠦᠴᠡᠯ ᠨᠢ ᠨᠡᠶᠢᠴᠡᠬᠦ ᠥᠬᠡᠶ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠤᠷᠢᠨ ᠬᠡᠷᠡᠭᠯᠡᠬᠦ ᠶᠢ ᠨᠥᠯᠥᠭᠡᠯᠡᠬᠦ ᠪᠠᠶᠢᠳᠠᠯ ᠭᠠᠷᠪᠠᠯ᠂ ᠲᠡᠭᠦᠨ ᠤ ᠲᠣᠰ ᠤᠳᠠᠭᠠᠨ ᠤ ᠤᠷᠢᠨ ᠬᠡᠷᠡᠭᠯᠡᠬᠦ ᠬᠢᠷᠢ ᠬᠡᠮ ᠢ ᠴᠥᠮ ᠬᠦᠴᠦᠨ ᠥᠬᠡᠶ ᠪᠣᠯᠭᠠᠨ᠎ᠠ᠃      ᠵᠢᠷᠭᠤᠭ᠎ᠠ᠂ ᠪᠤᠰᠤᠳ ᠵᠦᠢᠯ      ︵ᠨᠢᠭᠡ︶ ᠲᠣᠰ ᠤᠳᠠᠭᠠᠨ ᠤ ᠠᠵᠢᠯᠲᠠᠨ ᠡᠯᠰᠡᠬᠦ ᠬᠢᠷᠢ ᠬᠡᠮ ᠢ ᠳᠠᠬᠢᠨ ᠬᠢᠨᠠᠬᠤ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ᠂ ᠰᠢᠨᠵᠢᠯᠡᠨ ᠪᠠᠶᠢᠴᠠᠭᠠᠯᠲᠠ ᠵᠡᠷᠭᠡ ᠭᠤᠭᠴᠤᠭ᠎ᠠ ᠳᠤ ᠣᠷᠣᠨ ᠲᠤᠭ᠎ᠠ ᠳᠤᠲᠠᠭᠳᠠᠭᠰᠠᠨ ᠪᠠᠶᠢᠪᠠᠯ᠂ ᠲᠠᠰ ᠳᠠᠷᠠᠭᠠᠯᠠᠨ ᠨᠥᠬᠦᠪᠥᠷᠢᠯᠡᠨ᠎ᠡ᠃ ᠠᠳᠠᠯᠢ ᠨᠢᠭᠡᠨ ᠠᠵᠢᠯ ᠤᠨ ᠪᠠᠶᠢᠷᠢ ᠳᠤ 2 ᠤᠳᠠᠭ᠎ᠠ ᠳᠠᠷᠠᠭᠠᠯᠠᠨ ᠨᠥᠬᠦᠪᠥᠷᠢᠯᠡᠨ᠎ᠡ᠃      ︵ᠬᠤᠶᠠᠷ︶ ᠲᠣᠰ ᠤᠳᠠᠭ᠎ᠠ ᠶᠢᠨ ᠢᠯᠡ ᠪᠠᠷ ᠠᠵᠢᠯᠲᠠᠨ ᠡᠯᠰᠡᠬᠦ ᠠᠯᠪᠠᠨ ᠵᠠᠷ ᠲᠤ ᠬᠢᠵᠦ ᠳᠠᠭᠤᠰᠤᠭᠠᠳᠤᠶ ᠵᠦᠢᠯᠡᠰ ᠵᠢᠴᠢ ᠬᠤᠯᠪᠣᠭᠳᠠᠯ ᠪᠥᠬᠦᠶ ᠮᠡᠳᠡᠭᠡ ᠵᠠᠩᠭᠢ ᠶᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠨᠡᠶᠢᠲᠡᠯᠡᠨ᠎ᠡ᠂ ᠠᠩᠬᠠᠷᠤᠯ ᠳᠠᠭᠠᠨ ᠠᠪᠤᠭᠠᠷᠠᠶ᠃      ︵ᠭᠤᠷᠪᠠ︶ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠲᠣᠰ ᠤᠳᠠᠭᠠᠨ ᠤ ᠠᠵᠢᠯᠲᠠᠨ ᠡᠯᠰᠡᠬᠦ ᠰᠢᠯᠭᠠᠯᠲᠠ ᠶᠢᠨ ᠬᠤᠯᠪᠣᠭᠳᠠᠯ ᠪᠥᠬᠦᠶ ᠲᠠᠰ ᠳᠠᠷᠠᠭᠠᠯᠠᠯ᠂ ᠠᠯᠬᠤᠮ ᠳᠠᠷᠠᠭ᠎ᠠ᠂ ᠱᠠᠭᠠᠷᠳᠠᠯᠭ᠎ᠠ ᠵᠡᠷᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠠᠴᠠ ᠪᠣᠯᠵᠣ ᠲᠣᠬᠢᠷᠠᠭᠤᠯᠤᠯᠲᠠ ᠬᠢᠵᠦ ᠮᠡᠳᠡᠨ᠎ᠡ᠂ ᠲᠤᠬᠠᠶ ᠶᠢᠨ ᠦᠶ᠎ᠡ ᠳᠤ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠰᠦᠯᠵᠢᠶ᠎ᠡ ᠳᠤ ᠬᠤᠯᠪᠣᠭᠳᠠᠯ ᠪᠥᠬᠦᠶ ᠠᠯᠪᠠᠨ ᠵᠠᠷ ᠨᠡᠶᠢᠲᠡᠯᠡᠨ᠎ᠡ ᠂ ᠤᠷᠢᠭᠳᠠᠭᠰᠠᠳ ᠴᠠᠭ ᠲᠤᠬᠠᠶ ᠳᠤᠨᠢ ᠠᠩᠬᠠᠷᠤᠯ ᠳᠠᠭᠠᠨ ᠠᠪᠬᠤ ᠪᠣᠯᠪᠠᠤ᠃ ᠤᠷᠢᠭᠳᠠᠭᠰᠠᠳ ᠰᠢᠯᠭᠠᠯᠲᠠ ᠠᠴᠠ ᠡᠮᠦᠨ᠎ᠡ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠴᠢᠬᠤᠯᠠ ᠪᠤᠰᠤ ᠰᠢᠯᠵᠢᠯᠲᠡ ᠶᠢ ᠪᠠᠭᠠᠰᠬᠠᠬᠤ ᠬᠡᠷᠡᠭᠲᠡᠶ᠃      ᠲᠤᠯᠤᠭ᠎ᠠ᠂ ᠯᠠᠪᠯᠠᠯᠭ᠎ᠠ ᠥᠭᠬᠦ ᠳ᠋ᠢᠶᠠᠩᠬᠤᠸᠠ ᠪᠣᠯᠤᠨ ᠬᠢᠨᠠᠯᠲᠠ ᠲᠠᠯᠪᠢᠬᠤ ᠳ᠋ᠢᠶᠠᠩᠬᠤᠸᠠ      ︵ᠨᠢᠭᠡ︶ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄      0471 — 6606227᠂ 6606269 ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶      ︵ᠬᠤᠶᠠᠷ︶ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢᠨ ᠤᠲᠠᠰᠤ᠄      0471 — 4908351᠂ 6606283 ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶      ︵ᠭᠤᠷᠪᠠ︶ ᠰᠦᠯᠵᠢᠶ᠎ᠡ ᠪᠠᠷ ᠮᠡᠳᠡᠭᠦᠯᠬᠦ ᠮᠡᠷᠭᠡᠵᠢᠯ ᠤᠨ ᠯᠠᠪᠯᠠᠭ᠎ᠠ ᠶᠢᠨ ᠤᠲᠠᠰᠤ᠄      0471 — 6601168᠂ 6600198 ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠲᠥᠪ︶      ᠲᠣᠰ ᠠᠯᠪᠠᠨ ᠵᠠᠷ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ ᠬᠠᠷᠢᠭᠤᠴᠠᠨ ᠲᠠᠶᠢᠯᠪᠦᠷᠢ ᠬᠢᠨ᠎ᠡ᠃      ᠳᠠᠭᠠᠯᠳᠤᠭᠤᠯᠤᠯ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠷᠢᠶᠠᠳᠦ ᠠᠵᠢᠯ ᠦᠢᠯᠡᠰ ᠶᠢᠨ ᠨᠢᠭᠡᠴᠢ ᠶᠢᠨ 2021 ᠣᠨ ᠤ ᠳᠣᠤᠷ᠎ᠠ ᠬᠠᠭᠠᠰ ᠵᠢᠯ ᠤᠨ ᠢᠯᠡ ᠪᠠᠷ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠦᠳᠦᠨᠦᠭᠳᠦ︾      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ      2021 ᠣᠨ ᠤ 9 ᠳ᠋ᠤᠭᠡᠷ ᠰᠠᠷ᠎ᠠ ᠶᠢᠨ 3 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号