2021 ᠣᠨ ᠤ ᠭᠤᠷᠪᠠᠳᠤᠭᠠᠷ ᠤᠯᠠᠷᠢᠯ ᠤᠨ ᠡᠮ ᠲᠠᠩ ᠢ ᠲᠥᠪᠯᠡᠷᠡᠭᠦᠯᠦᠨ ᠰᠦᠯᠵᠢᠶᠡᠨ ᠳᠤ ᠬᠤᠯᠪᠣᠬᠤ ᠠᠵᠢᠯ ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ
ᠨᠡᠶᠢᠲᠡᠯᠡᠭᠰᠡᠨ ᠴᠠᠭ᠄
2021/9/7
      ᠥᠪᠥᠷ ᠡᠮ ᠬᠤᠳᠠᠯᠳᠤᠨ ᠠᠪᠬᠤ ᠲᠥᠪ ᠦᠰᠦᠭ  ﹇2021﹈ 178 ᠳ᠋ᠤᠭᠠᠷ ᠲᠣᠭᠠᠲᠤ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ᠄      ︽ᠡᠮ ᠲᠠᠩ ᠢ ᠲᠥᠪᠯᠡᠷᠡᠭᠦᠯᠦᠨ ᠰᠦᠯᠵᠢᠶᠡᠨ ᠳᠤ ᠬᠤᠯᠪᠣᠬᠤ ᠠᠵᠢᠯ ᠢ ᠤᠯᠠᠷᠢᠯ ᠢᠶᠠᠷ ᠪᠠᠶᠢᠩᠭᠤᠵᠢᠭᠤᠯᠤᠨ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ  ﹇2021﹈  86 ᠳ᠋ᠤᠭᠠᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2021 ᠣᠨ ᠤ ᠭᠤᠷᠪᠠᠳᠤᠭᠠᠷ ᠤᠯᠠᠷᠢᠯ ᠤᠨ ᠡᠮ ᠲᠠᠩ ᠢ ᠲᠥᠪᠯᠡᠷᠡᠭᠦᠯᠦᠨ ᠰᠦᠯᠵᠢᠶᠡᠨ ᠳᠤ ᠬᠤᠯᠪᠣᠬᠤ ᠠᠵᠢᠯ ᠢ ᠥᠷᠨᠢᠭᠦᠯᠵᠦ᠂ ᠡᠳᠦᠭᠡ ᠠᠵᠤ ᠠᠬᠤᠶᠢᠯᠠᠯ ᠪᠠ ᠡᠮ ᠲᠠᠩ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠪᠡ᠃      ᠨᠢᠭᠡ᠂ ᠢᠯᠡ ᠨᠡᠶᠢᠲᠡᠯᠡᠬᠦ ᠠᠭᠤᠯᠭ᠎ᠠ      2021 ᠣᠨ ᠤ ᠭᠤᠷᠪᠠᠳᠤᠭᠠᠷ ᠤᠯᠠᠷᠢᠯ ᠤᠨ ᠡᠮ ᠲᠠᠩ ᠢ ᠲᠥᠪᠯᠡᠷᠡᠭᠦᠯᠦᠨ ᠰᠦᠯᠵᠢᠶᠡᠨ ᠳᠤ ᠬᠤᠯᠪᠤᠬᠤ ᠠᠵᠢᠯ ᠤᠨ ᠠᠵᠤ ᠠᠬᠤᠶᠢᠯᠠᠯ ᠪᠠ ᠡᠮ ᠲᠠᠩ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠃      ᠬᠤᠶᠠᠷ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠯᠠᠪᠯᠠᠬᠤ      ᠡᠯ᠎ᠡ ᠭᠤᠶᠤᠴᠢᠯᠠᠨ ᠮᠡᠳᠡᠭᠦᠯᠬᠦ ᠳᠤ ᠣᠷᠣᠯᠴᠠᠭᠰᠠᠨ ᠠᠵᠤ ᠠᠬᠤᠶᠢᠯᠠᠯ ᠤᠳ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ ﹇ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ﹈ — ﹇ᠪᠠᠯᠠ ᠮᠥᠩᠭᠦ ᠶᠢ ᠬᠢᠨᠠᠨ ᠪᠠᠶᠢᠴᠠᠭᠠᠬᠤ ᠰᠢᠰᠲ᠋ᠧᠮ﹈ — ﹇ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠬᠦᠰᠦᠨᠦᠭ﹈ ᠲᠤ ᠣᠷᠣᠵᠤ ᠬᠠᠮᠢᠶ᠎ᠠ ᠪᠥᠬᠦᠶ ᠡᠮ ᠲᠠᠩ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠦᠵᠡᠵᠦ ᠪᠤᠯᠤᠨ᠎ᠠ᠃      ᠭᠤᠷᠪᠠ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠨᠤᠲᠠᠯᠠᠬᠤ      ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠬᠦᠰᠦᠨᠦᠭ ᠲᠠᠬᠢ ᠡᠮ ᠲᠠᠩ ᠤᠨ ᠦᠨ᠎ᠡ ᠬᠠᠩᠰᠢ ᠶᠢᠨ ᠢᠷᠡᠯᠲᠡ ᠨᠢ ᠲᠤᠰᠬᠠᠶ ᠮᠡᠷᠭᠡᠵᠢᠯᠲᠡᠨ ᠤ ᠵᠥᠪᠯᠡᠭᠰᠡᠨ ᠦᠨ᠎ᠡ ᠪᠠᠶᠢᠪᠠᠯ᠂ ᠠᠵᠤ ᠠᠬᠤᠶᠢᠯᠠᠯ ᠨᠢ ᠵᠠᠷᠯᠠᠨ ᠨᠡᠶᠢᠲᠡᠯᠡᠬᠦ ᠬᠤᠭᠤᠴᠠᠭᠠᠨ ᠳᠤ ᠡᠷᠬᠡᠪᠰᠢ ᠵᠥᠪᠯᠡᠭᠰᠡᠨ ᠦᠨ᠎ᠡ ᠬᠠᠩᠰᠢ ᠶᠢᠨ ᠦᠷ᠎ᠡ ᠳ᠋ᠦᠩ ᠢ ᠨᠤᠲᠠᠯᠠᠨ ᠲᠣᠭᠲᠠᠭᠠᠵᠤ ᠂ ᠨᠤᠲᠠᠯᠠᠨ ᠲᠣᠭᠲᠠᠭᠠᠭᠰᠠᠨ ᠤ ᠳᠠᠷᠠᠭ᠎ᠠ ᠰᠠᠶ᠋ᠢ ᠠᠷᠠᠯᠵᠢᠶᠠᠯᠠᠬᠤ ᠰᠢᠰᠲ᠋ᠧᠮ ᠳᠤ ᠣᠷᠣᠭᠤᠯᠵᠤ ᠪᠣᠯᠤᠨ᠎ᠠ᠂ ᠬᠤᠭᠤᠴᠠᠭ᠎ᠠ ᠬᠡᠲᠦᠷᠡᠲᠡᠯ᠎ᠡ ᠨᠤᠲᠠᠯᠠᠨ ᠵᠥᠪᠰᠢᠶᠡᠷᠡᠭᠰᠡᠨ ᠥᠬᠡᠶ ᠶᠢ ᠨᠢ ᠭᠤᠶᠤᠴᠢᠯᠠᠨ ᠮᠡᠳᠡᠭᠦᠯᠬᠦ ᠪᠠᠨ ᠪᠤᠯᠢᠭᠰᠠᠨ ᠢᠶᠠᠷ ᠦᠵᠡᠨ᠎ᠡ᠃      ᠳᠥᠷᠪᠡ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠤᠨ ᠣᠨᠳᠣᠣ ᠰᠠᠨᠠᠯ ᠢ ᠰᠢᠢᠳᠪᠦᠷᠢᠯᠡᠬᠦ      ︵ᠨᠢᠭᠡ︶ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠬᠡᠷᠪᠡ ᠡᠮ ᠲᠠᠩ ᠢ ᠬᠤᠳᠠᠯᠳᠤᠨ ᠠᠪᠬᠤ ᠠᠷᠭ᠎ᠠ ᠮᠠᠶ᠋ᠢᠭ ᠪᠠ ᠬᠢᠵᠠᠭᠠᠷᠯᠠᠭᠰᠠᠨ ᠦᠨ᠎ᠡ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ ᠂ ︽ᠬᠡᠨ ᠵᠣᠷᠢᠪᠠᠯ ᠲᠡᠷᠡ ᠭᠡᠷᠡᠴᠢ ᠳᠤᠷᠠᠳᠬᠤ︾ ᠵᠠᠷᠴᠢᠮ ᠤᠨ ᠶᠣᠰᠣᠭᠠᠷ ᠦᠨᠡᠨ ᠪᠣᠳᠠᠲᠠᠶ᠂ ᠬᠦᠴᠦᠨ ᠲᠠᠢ᠂ ᠪᠦᠷᠢᠨ ᠭᠦᠢᠴᠡᠳ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠬᠠᠩᠭᠠᠵᠤ᠂ ᠬᠤᠭᠤᠴᠠᠭ᠎ᠠ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠲᠤᠰᠢᠶᠠᠭᠰᠠᠨ ᠦᠭᠡᠢ ᠪᠠᠶᠢᠪᠠᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃      ︵ᠬᠤᠶᠠᠷ︶ ᠮᠡᠳᠡᠭᠦᠯᠬᠦ ᠬᠢᠷᠢ ᠬᠡᠮ ᠤᠨ ᠮᠡᠳᠡᠭᠡ ᠵᠠᠩᠭᠢ ᠨᠢ ᠪᠦᠷᠢᠨ ᠪᠤᠰᠤ ᠪᠠ ᠲᠤᠰᠢᠶᠠᠭᠰᠠᠨ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ ᠥᠬᠡᠶ ᠵᠡᠷᠭᠡ ᠰᠢᠯᠲᠠᠭᠠᠨ ᠠᠴᠠ ᠪᠣᠯᠵᠣ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠥᠬᠡᠶ ᠪᠠᠶᠢᠪᠠᠯ᠂ ᠳᠠᠷᠠᠭ᠎ᠠ ᠨᠢᠭᠡ ᠤᠯᠠᠷᠢᠯ ᠳᠤ ᠲᠥᠪᠯᠡᠷᠡᠭᠦᠯᠦᠨ ᠮᠡᠳᠡᠭᠦᠯᠬᠦ ᠦᠶ᠎ᠡ ᠳᠤ᠂ ᠨᠥᠬᠦᠪᠥᠷᠢᠯᠡᠨ ᠲᠡᠭᠦᠯᠳᠡᠷᠵᠢᠭᠦᠯᠦᠭᠰᠡᠨ ᠤ ᠳᠠᠷᠠᠭ᠎ᠠ ᠳᠠᠭᠢᠵᠤ ᠬᠢᠨᠠᠨ ᠬᠠᠷᠭᠤᠭᠤᠯᠤᠨ᠎ᠠ᠂ ᠭᠤᠮᠣᠳᠠᠯ ᠲᠣᠭᠠᠴᠢᠭᠰᠠᠨ ᠮᠠᠲ᠋ᠧᠷᠢᠶᠠᠯ ᠢᠶᠠᠨ ᠲᠤᠰᠢᠶᠠᠬᠤ ᠴᠢᠬᠤᠯᠠ ᠥᠬᠡᠶ᠃      ︵ᠭᠤᠷᠪᠠ︶ ᠠᠵᠤ ᠠᠬᠤᠶᠢᠯᠠᠯ ᠤᠨ ᠭᠤᠶᠤᠴᠢᠯᠠᠨ ᠮᠡᠳᠡᠭᠦᠯᠬᠦ ︵ᠵᠠᠭᠠᠯᠳᠤᠯᠭ᠎ᠠ︶ ᠮᠠᠲ᠋ᠧᠷᠢᠶᠠᠯ ᠳᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾ ︵ᠳᠠᠭᠠᠯᠳᠤᠭᠤᠯᠤᠯ 1︶᠂ ︽ᠬᠠᠤᠯᠢ ᠶᠢᠨ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ︾ ︵ᠳᠠᠭᠠᠯᠳᠤᠭᠤᠯᠤᠯ 2︶᠂ ︽ᠪᠠᠶᠢᠳᠠᠯ ᠤᠨ ᠲᠣᠳᠣᠷᠬᠠᠶᠢᠯᠠᠯᠲᠠ︾ ᠪᠣᠯᠤᠨ ᠬᠠᠮᠢᠶ᠎ᠠ ᠪᠥᠬᠦᠶ ᠲᠣᠳᠣᠷᠬᠠᠶ ᠪᠥᠭᠡᠳ ᠬᠦᠴᠦᠨ ᠲᠠᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃      ︵ᠳᠥᠷᠪᠡ︶ ᠲᠤᠰᠢᠶᠠᠨ ᠥᠭᠬᠦ ᠠᠷᠭ᠎ᠠ ᠮᠠᠶ᠋ᠢᠭ᠄ ︽ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ  ﹇2021﹈  161 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠲᠤᠰᠢᠶᠠᠨ ᠥᠭᠭᠦᠨ᠎ᠡ᠃ ᠰᠦᠯᠵᠢᠶ᠎ᠡ ᠪᠠᠷ ᠳᠠᠮᠵᠢᠭᠤᠯᠤᠨ ᠲᠤᠰᠢᠶᠠᠭᠰᠠᠨ ᠠᠵᠤ ᠠᠬᠤᠶᠢᠯᠠᠯ ᠨᠢ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ ᠤᠨ ᠲᠤᠰᠬᠠᠶ ᠵᠦᠢᠯ ᠤᠨ ᠲᠤᠬᠠᠶᠢᠯᠠᠭᠰᠠᠨ ᠠᠵᠢᠯ ᠤᠨ ᠬᠡᠰᠡᠭ ᠲᠤ ᠭᠠᠷᠴᠤ pdf ᠶᠢᠨ ᠬᠡᠯᠪᠡᠷᠢ ᠪᠠᠷ ᠵᠠᠭᠠᠯᠳᠤᠯᠭ᠎ᠠ ᠶᠢᠨ ᠮᠠᠲ᠋ᠧᠷᠢᠶᠠᠯ ᠢ ᠳᠡᠭᠡᠭᠰᠢ ᠳᠠᠮᠵᠢᠭᠤᠯᠵᠤ᠂ ᠣᠯᠠᠨ ᠵᠦᠢᠯ ᠤᠨ ᠠᠭᠤᠯᠭ᠎ᠠ ᠶᠢ ᠨᠢᠭᠡ ᠯᠡ pdf ᠪᠢᠴᠢᠭ ᠮᠠᠲ᠋ᠧᠷᠢᠶᠠᠯ ᠪᠣᠯᠭᠠᠬᠤ ᠬᠡᠷᠡᠭᠳᠡᠢ᠃      ︵ᠲᠠᠪᠤ︶ ᠢᠯᠡ ᠨᠡᠶᠢᠲᠡᠯᠡᠬᠦ ᠬᠤᠭᠤᠴᠠᠭᠠᠨ ᠳᠤ ᠭᠥᠯᠢᠶᠡᠨ ᠠᠪᠤᠭᠰᠠᠨ ᠭᠤᠶᠤᠴᠢᠯᠠᠨ ᠮᠡᠳᠡᠭᠦᠯᠬᠦ ︵ᠵᠠᠭᠠᠯᠳᠤᠯᠭ᠎ᠠ︶ ᠶᠢ ᠲᠥᠪᠯᠡᠷᠡᠭᠦᠯᠦᠨ ᠰᠢᠢᠳᠪᠦᠷᠢᠯᠡᠨ᠎ᠡ᠂ ᠲᠤᠬᠠᠶ ᠶᠢᠨ ᠦᠶ᠎ᠡ ᠳᠤ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠡᠮᠵᠢᠨ ᠦᠷ᠎ᠡ ᠳ᠋ᠦᠩ ᠢ ᠨᠢᠭᠡᠳᠦᠯᠲᠡᠶ ᠨᠡᠶᠢᠲᠡᠯᠡᠨ᠎ᠡ᠃      ᠲᠠᠪᠤ᠂ ᠢᠯᠡ ᠨᠡᠶᠢᠲᠡᠯᠡᠬᠦ ᠴᠠᠭ 2021 ᠣᠨ ᠤ 9 ᠳ᠋ᠤᠭᠡᠷ ᠰᠠᠷ᠎ᠠ ᠶᠢᠨ 6 — 9 ᠳ᠋ᠤᠭᠡᠷ ᠰᠠᠷ᠎ᠠ ᠶᠢᠨ 14 ᠤ ᠡᠳᠦᠷ᠃      ᠵᠢᠷᠭᠤᠭ᠎ᠠ᠂ ᠬᠠᠷᠢᠯᠴᠠᠬᠤ ᠠᠷᠭ᠎ᠠ ᠬᠡᠯᠪᠡᠷᠢ      0471 — 4919735 ︵ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ︶      0471 — 4930630 ︵ᠲᠤᠬᠠᠶᠢᠯᠠᠭᠰᠠᠨ ᠠᠵᠢᠯ ᠤᠨ ᠯᠠᠪᠯᠠᠯᠭ᠎ᠠ︶      ᠳᠠᠭᠠᠯᠳᠤᠭᠤᠯᠤᠯ᠄      1᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ      2᠂ ᠬᠠᠤᠯᠢ ᠶᠢᠨ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 9 ᠳ᠋ᠤᠭᠡᠷ ᠰᠠᠷ᠎ᠠ ᠶᠢᠨ 6 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号