ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/9/7
      ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠥᠪ ᠲᠤ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇2020﹈ 27 ᠳ᠋ᠤᠭᠠᠷ ᠲᠣᠭᠠᠲᠤ︶᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠥᠨᠳᠥᠷ ᠥᠷᠲᠡᠭᠲᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠴᠡᠭᠴᠡᠯᠡᠨ ᠵᠠᠰᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈  6 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠨᠠᠶᠢᠳᠠᠪᠦᠷᠢᠵᠢᠭᠤᠯᠵᠦ᠂ ᠪᠥᠬᠦ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠷᠠᠳ ᠣᠯᠠᠨ ᠤ ᠡᠷᠡᠭᠦᠯ ᠮᠡᠨᠳᠦ ᠶᠢᠨ ᠡᠷᠬᠡ ᠠᠰᠢᠭ ᠢ ᠬᠠᠮᠠᠭᠠᠯᠠᠨ᠂ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠪᠣᠳᠠᠲᠠᠶ ᠬᠡᠷᠡᠭᠯᠡᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠡᠳᠦᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃      ᠨᠢᠭᠡ᠂ ᠬᠡᠷᠡᠭᠯᠡᠬᠦ ᠬᠡᠪᠴᠢᠶ᠎ᠡ      ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠭᠡᠳᠡᠭ ᠨᠢ ᠡᠮ ᠲᠠᠩ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠵᠤ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠥᠷᠥᠯ ᠠᠩᠭᠢᠯᠠᠯ ᠪᠠ ᠣᠷᠣᠯᠠᠬᠤ ᠨᠣᠮᠧᠷ ᠢ ᠣᠯᠤᠭᠰᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠤᠨ ᠵᠢᠷᠤᠮᠵᠢᠯ ᠪᠠ ᠦᠨ᠎ᠡ ᠬᠠᠩᠰᠢ ︵2018 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ︽ᠪᠤᠰᠤᠳ ᠠᠭᠤᠯᠭ᠎ᠠ︾ ᠳᠤ ᠵᠢᠭᠰᠠᠭᠠᠭᠰᠠᠨ ᠪᠥᠭᠡᠳ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠵᠢᠭᠠᠵᠤ ᠪᠣᠶ᠃ ᠡᠮᠴᠢᠯᠡᠭᠡᠨ ᠤ ᠦᠢᠯᠡᠴᠢᠯᠡᠭᠡᠨ ᠤ ᠲᠥᠷᠥᠯ  ᠵᠦᠢᠯ ᠤᠨ ᠵᠢᠷᠤᠮᠵᠢᠯ ᠪᠠ ᠦᠨ᠎ᠡ ᠬᠠᠩᠰᠢ ᠶᠢ ᠰᠢᠨᠡᠳᠬᠡᠬᠦ ᠳᠤ ᠭᠦᠷᠪᠡᠯ᠂ ᠲᠣᠰ ᠮᠡᠳᠡᠭᠳᠡᠯ ᠳᠤ ᠰᠢᠨᠡᠳᠬᠡᠭᠰᠡᠨ ᠤ ᠳᠠᠷᠠᠭᠠᠬᠢ ᠬᠡᠪᠯᠡᠯ ᠢ ᠬᠡᠷᠡᠭᠯᠡᠨ᠎ᠡ᠃      ᠬᠤᠶᠠᠷ᠂  ᠲᠦᠯᠦᠪᠦᠷᠢ ᠥᠭᠬᠦ ᠪᠠᠷᠢᠮᠵᠢᠶ᠎ᠠ      ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠳᠤ ᠬᠥᠬᠡᠭᠴᠢᠨ ᠲᠥᠷᠥᠯ ᠤᠨ ᠬᠤᠷᠣᠭᠳᠠᠯ ᠮᠠᠲ᠋ᠧᠷᠢᠶᠠᠯ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠡᠮᠨᠡᠯᠭᠡ ᠳᠤ ᠰᠠᠭᠤᠬᠤ ᠬᠤᠭᠤᠴᠠᠭᠠᠨ ᠳᠤ ᠪᠣᠶ ᠪᠣᠯᠤᠭᠰᠠᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠵᠠᠷᠤᠳᠠᠯ ᠢ ᠬᠤᠪᠢ ᠬᠥᠮᠦᠨ ᠵᠣᠬᠢᠬᠤ ᠬᠠᠷᠢᠴᠠᠯ ᠢᠶᠠᠷ ᠥᠪᠡᠷ ᠢᠶᠠᠨ ᠳᠥᠯᠥᠭᠰᠡᠨ ᠤ ᠳᠠᠷᠠᠭ᠎ᠠ᠂ ᠦᠯᠡᠳᠡᠭᠰᠡᠨ ᠬᠡᠰᠡᠭ ᠢ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠳᠥᠯᠥᠬᠦ ᠬᠡᠪᠴᠢᠶᠡᠨ ᠳᠤ ᠣᠷᠣᠭᠤᠯᠵᠤ᠂ ᠡᠯ᠎ᠡ ᠨᠢᠭᠡᠳᠦᠯᠲᠡᠶ ᠲᠥᠯᠥᠪᠯᠡᠬᠦ ᠲᠣᠭᠤᠷᠢᠭ ᠤᠨ ᠡᠮᠨᠡᠯᠭᠡ ᠳᠤ ᠰᠠᠭᠤᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠶᠣᠰᠣᠭᠠᠷ ᠳᠥᠯᠥᠨ᠎ᠡ᠃      ︵ᠨᠢᠭᠡ︶ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠳᠣᠤᠷ᠎ᠠ ᠳᠤᠷᠠᠳᠤᠭᠰᠠᠨ ᠥᠪᠡᠷᠲᠡᠭᠡᠨ ᠳᠥᠯᠥᠬᠦ ᠬᠠᠷᠢᠴᠠᠯ ᠢ ᠬᠡᠷᠡᠭᠵᠢᠭᠦᠯᠦᠨ᠎ᠡ᠃ ᠲᠠᠩ ᠦᠢᠯᠡᠳᠭᠦᠨ ᠤ ᠬᠤᠷᠣᠭᠳᠠᠯ ᠮᠠᠲ᠋ᠧᠷᠢᠶᠠᠯ ᠤᠨ ᠦᠨ᠎ᠡ ᠨᠢ 500 ᠲᠥᠭᠦᠷᠢᠭ ᠵᠢᠴᠢ ᠲᠡᠭᠦᠨ ᠠᠴᠠ ᠳᠣᠷᠣᠭᠰᠢᠬᠢ ᠶᠢ ᠬᠤᠪᠢ ᠬᠥᠮᠦᠨ ᠥᠪᠡᠷ ᠢᠶᠠᠨ 10% ᠪᠠᠷ ᠳᠥᠯᠥᠨ᠎ᠡ︔ 500 ᠲᠥᠭᠦᠷᠢᠭ ᠠᠴᠠ ᠳᠡᠭᠡᠭᠰᠢ 100000 ᠲᠥᠭᠦᠷᠢᠭ ᠵᠢᠴᠢ ᠲᠡᠭᠦᠨ ᠠᠴᠠ ᠳᠣᠷᠣᠭᠰᠢᠬᠢ ᠶᠢ ᠬᠤᠪᠢ ᠬᠥᠮᠦᠨ ᠥᠪᠡᠷ ᠢᠶᠠᠨ 20% ᠪᠠᠷ  ᠲᠦᠯᠦᠨ᠎ᠡ︔ 100000 ᠲᠥᠭᠦᠷᠢᠭ ᠠᠴᠠ ᠳᠣᠷᠣᠭᠰᠢᠬᠢ ᠶᠢ ᠬᠤᠪᠢ ᠬᠥᠮᠦᠨ ᠥᠪᠡᠷ ᠢᠶᠠᠨ 30% ᠪᠠᠷ ᠳᠥᠯᠥᠨ᠎ᠡ᠃      ︵ᠬᠤᠶᠠᠷ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠳᠣᠤᠷ᠎ᠠ ᠳᠤᠷᠠᠳᠤᠭᠰᠠᠨ ᠥᠪᠡᠷᠲᠡᠭᠡᠨ ᠳᠥᠯᠥᠬᠦ ᠬᠠᠷᠢᠴᠠᠯ ᠢ ᠬᠡᠷᠡᠭᠵᠢᠭᠦᠯᠦᠨ᠎ᠡ᠃ ᠲᠠᠩ ᠦᠢᠯᠡᠳᠭᠦᠨ ᠤ ᠬᠤᠷᠣᠭᠳᠠᠯ ᠮᠠᠲ᠋ᠧᠷᠢᠶᠠᠯ ᠤᠨ ᠦᠨ᠎ᠡ ᠨᠢ 500 ᠲᠥᠭᠦᠷᠢᠭ ᠵᠢᠴᠢ ᠲᠡᠭᠦᠨ ᠠᠴᠠ ᠳᠣᠷᠣᠭᠰᠢᠬᠢ ᠶᠢ ᠬᠤᠪᠢ ᠬᠥᠮᠦᠨ ᠥᠪᠡᠷ ᠢᠶᠠᠨ 20% ᠪᠠᠷ ᠳᠥᠯᠥᠨ᠎ᠡ︔ 500 ᠲᠥᠭᠦᠷᠢᠭ ᠠᠴᠠ 10000 ᠲᠥᠭᠦᠷᠢᠭ ᠵᠢᠴᠢ ᠲᠡᠭᠦᠨ ᠠᠴᠠ ᠳᠣᠷᠣᠭᠰᠢᠬᠢ ᠶᠢ ᠬᠤᠪᠢ ᠬᠥᠮᠦᠨ ᠥᠪᠡᠷ ᠢᠶᠠᠨ 25% ᠪᠠᠷ ᠳᠥᠯᠥᠨ᠎ᠡ︔ 10000 ᠲᠥᠭᠦᠷᠢᠭ ᠠᠴᠠ ᠳᠡᠭᠡᠭᠰᠢ 50000 ᠲᠥᠭᠦᠷᠢᠭ ᠵᠢᠴᠢ ᠲᠡᠭᠦᠨ ᠠᠴᠠ ᠳᠣᠷᠣᠭᠰᠢᠬᠢ ᠶᠢ ᠬᠤᠪᠢ ᠬᠥᠮᠦᠨ ᠥᠪᠡᠷ ᠢᠶᠠᠨ 30% ᠪᠠᠷ ᠲᠦᠯᠦᠨ᠎ᠡ︔ 50000 ᠲᠥᠭᠦᠷᠢᠭ ᠠᠴᠠ ᠳᠡᠭᠡᠭᠰᠢ 100000 ᠲᠥᠭᠦᠷᠢᠭ ᠵᠢᠴᠢ ᠲᠡᠭᠦᠨ ᠠᠴᠠ ᠳᠣᠷᠣᠭᠰᠢᠬᠢ ᠶᠢ ᠬᠤᠪᠢ ᠬᠥᠮᠦᠨ ᠥᠪᠡᠷ ᠢᠶᠠᠨ 35% ᠪᠠᠷ ᠳᠥᠯᠥᠨ᠎ᠡ︔ 100000 ᠲᠥᠭᠦᠷᠢᠭ ᠠᠴᠠ ᠲᠡᠭᠡᠭᠰᠢᠬᠢ ᠶᠢ ᠬᠤᠪᠢ ᠬᠥᠮᠦᠨ ᠥᠪᠡᠷ ᠢᠶᠠᠨ 40% ᠪᠠᠷ ᠳᠥᠯᠥᠨ᠎ᠡ᠃      ︵ᠭᠤᠷᠪᠠ︶ ᠤᠯᠤᠰ ᠤᠨ ᠵᠣᠬᠢᠶᠠᠨ ᠪᠠᠶᠢᠭᠤᠯᠤᠯᠲᠠ ᠶᠢᠨ ᠬᠡᠯᠡᠯᠴᠡᠭᠡ ᠪᠠᠷ ᠳᠡᠮᠵᠢᠨ᠂ ᠤᠯᠤᠰ ᠠᠴᠠ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ᠂ ᠬᠤᠯᠪᠣᠭᠠᠯᠠᠬᠤ ᠵᠢᠴᠢ ᠥᠪᠡᠷᠲᠡᠭᠡᠨ ᠵᠠᠰᠠᠬᠤ ᠣᠷᠣᠨ ᠤ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ ᠲᠦᠯᠦᠪᠦᠷᠢ ᠣᠯᠭᠤᠬᠤ ᠪᠠᠷᠢᠮᠵᠢᠶ᠎ᠠ ᠶᠢ ᠲᠣᠭᠲᠠᠭᠠᠨ᠎ᠠ᠃      ᠭᠤᠷᠪᠠ᠂ ᠬᠥᠳᠡᠯᠦᠩᠭᠦᠶ ᠲᠤᠬᠢᠷᠠᠭᠤᠯᠤᠯᠳᠠ      ︵ᠨᠢᠭᠡ︶ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠪᠥᠬᠦ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠪᠣᠳᠠᠲᠠᠶ ᠬᠡᠷᠡᠭᠯᠡᠭᠰᠡᠨ ᠪᠠᠶᠢᠳᠠᠯ ᠪᠠ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ ᠴᠠᠭ ᠲᠤᠨᠢ ᠬᠥᠳᠡᠯᠦᠩᠭᠦᠶ ᠲᠣᠬᠢᠷᠠᠭᠤᠯᠤᠯᠲᠠ ᠬᠢᠨ᠎ᠠ᠃      ︵ᠬᠤᠶᠠᠷ︶ ᠣᠯᠠᠨ ᠲᠦᠮᠡᠨ ᠤ ᠡᠷᠡᠭᠦᠯ ᠮᠡᠨᠳᠦ ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠤᠭᠰᠠᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠪᠤᠶᠤ ᠪᠠᠴᠢᠮ ᠪᠠᠶᠢᠳᠠᠯ ᠭᠠᠷᠤᠭᠰᠠᠨ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠤᠯᠤᠰ ᠤᠨ ᠱᠠᠭᠠᠷᠳᠠᠯᠭ᠎ᠠ ᠶᠢ ᠦᠨᠳᠦᠰᠦᠯᠡᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ᠂ ᠲᠣᠭᠠᠴᠠᠭ᠎ᠠ ᠬᠢᠬᠦ ᠶᠢ ᠬᠢᠵᠠᠭᠠᠷᠯᠠᠨ ᠲᠣᠭᠲᠠᠭᠠᠬᠤ ᠵᠢᠴᠢ ᠲᠣᠭᠠᠴᠠᠭ᠎ᠠ ᠬᠢᠬᠦ ᠪᠠᠷᠢᠮᠵᠢᠶ᠎ᠠ ᠶᠢ ᠲᠠᠰ ᠳᠠᠷᠠᠭᠠᠯᠠᠯ ᠶᠣᠰᠣᠭᠠᠷ ᠲᠦᠷ ᠴᠠᠭ ᠤᠨ ᠲᠣᠬᠢᠷᠠᠭᠤᠯᠤᠯᠲᠠ ᠬᠢᠨ᠎ᠠ᠃      ᠳᠥᠷᠪᠡ᠂ ᠠᠵᠢᠯ ᠤᠨ ᠱᠠᠭᠠᠷᠳᠠᠯᠭ᠎ᠠ      ᠡᠯ᠎ᠡ ᠭᠠᠵᠠᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠡᠨᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠮᠢᠶ᠎ᠠ ᠪᠥᠬᠦᠶ ᠪᠡᠯᠡᠳᠬᠡᠯ ᠢ ᠤᠷᠢᠳᠴᠢᠯᠠᠨ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠵᠦᠶ ᠵᠣᠬᠢᠰᠲᠠᠶ ᠵᠢᠱᠢᠯᠲᠡ ᠶᠢ ᠬᠥᠲᠥᠯᠦᠨ ᠵᠢᠯᠣᠭᠤᠳᠴᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠭᠡᠬᠦ ᠪᠠᠶᠢᠭᠤᠯᠤᠮᠵᠢ ᠨᠢ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠯᠤᠭ᠎ᠠ ᠶᠢᠨ ᠦᠢᠯᠡᠴᠢᠯᠡᠭᠡᠨ ᠤ ᠵᠥᠪᠳᠡᠯᠴᠡᠬᠡᠷ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠷᠡᠭᠯᠡᠵᠦ ᠪᠠᠶᠢᠭ᠎ᠠ ᠪᠠᠶᠢᠳᠠᠯ ᠢ ᠬᠢᠨᠠᠨ ᠬᠠᠮᠢᠶᠠᠷᠬᠤ ᠪᠠ ᠰᠠᠭᠤᠷᠢ ᠮᠥᠩᠭᠦ ᠶᠢᠨ ᠠᠵᠢᠯᠯᠠᠭᠠᠨ ᠤ ᠪᠠᠶᠢᠳᠠᠯ ᠢ ᠬᠢᠨᠠᠨ ᠪᠠᠶᠢᠴᠠᠭᠠᠬᠤ ᠪᠠᠨ ᠴᠢᠩᠭᠠᠳᠬᠠᠵᠦ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠᠷᠢᠮᠵᠢᠶ᠎ᠠ ᠶᠢ ᠬᠡᠷᠡᠭᠵᠢᠭᠦᠯᠬᠦ ᠶᠠᠪᠤᠴᠠ ᠳᠤ ᠬᠡᠷᠪᠡ ᠠᠰᠠᠭᠤᠳᠠᠯ ᠲᠠᠢ ᠪᠣᠯ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃      ᠲᠠᠪᠤ᠂ ᠲᠤᠰ ᠮᠡᠳᠡᠭᠳᠡᠯ ᠢ 2021 ᠣᠨ ᠤ 10  ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︔ 10 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠰᠦᠯᠵᠢᠶᠡᠨ ᠳᠤ ᠭᠠᠷᠤᠭᠰᠠᠨ ᠤᠯᠤᠰ ᠤᠨ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠢ ᠰᠦᠯᠵᠢᠶᠡᠨ ᠳᠤ ᠭᠠᠷᠤᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ      2021 ᠣᠨ ᠤ 9  ᠳ᠋ᠤᠭᠡᠷ ᠰᠠᠷ᠎ᠠ ᠶᠢᠨ 6 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号