ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠰᠢᠯᠢᠩᠬᠤᠲᠠ ᠶᠢᠨ ᠳᠠᠪᠰᠢᠯᠳᠤ ᠨᠡᠶᠢᠭᠡᠮ ᠲᠣᠭᠤᠷᠢᠭ ᠤᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠥᠷᠲᠡᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/9/9
      ᠣᠶᠢᠷ᠎ᠠ ᠳᠤ᠂ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠢᠦᠶ ᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠤᠪᠴᠢᠶ᠎ᠠ ᠶᠢᠨ ᠳᠡᠳ᠋ ᠳᠠᠷᠤᠭ᠎ᠠ ᠰᠢᠶᠠᠩ ᡁᠢ ᠴᠢᠶᠠᠩ᠂ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ  ᠶᠢᠨ ᠲᠥᠪ ᠤᠨ ᠡᠷᠬᠢᠯᠡᠭᠴᠢ ᠰᠢᠶᠧ ᠯᠢᠶᠠᠨ ᠬᠠᠶ ᠨᠠᠷ ᠰᠢᠯᠢᠩᠬᠤᠲᠠ ᠶᠢᠨ ᠪᠠᠶᠠᠨᠴᠠᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠠᠪᠰᠢᠯᠳᠦ ᠨᠡᠶᠢᠭᠡᠮ ᠲᠣᠭᠤᠷᠢᠭ ᠤᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠥᠷᠲᠡᠭᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠂ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠦᠢ ᠬᠤᠩ ᠶᠠᠨ᠂ ᠲᠤᠪᠴᠢᠶ᠎ᠠ ᠶᠢᠨ ᠳᠡᠳ᠋ ᠳᠠᠷᠤᠭ᠎ᠠ ᠶᠢᠨ ᠫᠧᠩ ᠨᠠᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠨᠡᠶᠢᠭᠡᠮ ᠲᠣᠭᠤᠷᠢᠭ ᠤᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢᠨ ᠦᠢᠯᠡᠴᠢᠯᠡᠭᠡᠨ ᠤ ᠴᠣᠩᠬᠤ᠂ ᠲᠥᠷᠥ ᠶᠢᠨ ᠪᠣᠳᠣᠯᠭ᠎ᠠ ᠶᠢᠨ ᠯᠠᠪᠯᠠᠯᠲᠠ ᠶᠢᠨ ᠲᠠᠰᠤᠭ ᠵᠡᠷᠭᠡ ᠶᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢᠨ ᠪᠥᠲᠥᠭᠡᠨ ᠪᠠᠶᠢᠭᠤᠯᠤᠯᠲᠠ᠂ ᠠᠵᠢᠯᠲᠠᠨ ᠤ ᠲᠣᠬᠢᠷᠠᠭᠤᠯᠤᠯᠲᠠ᠂ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠶᠠᠪᠤᠴᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠨᠡᠶᠢᠭᠡᠮ ᠲᠣᠭᠤᠷᠢᠭ ᠤᠨ ᠡᠮᠴᠢᠯᠡᠭᠡ  ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠭᠦᠢᠴᠡᠳ ᠨᠤᠲᠠᠯᠠᠬᠤ ᠶᠢᠨ ᠬᠠᠮᠲᠤ ᠨᠡᠶᠢᠭᠡᠮ ᠲᠣᠭᠤᠷᠢᠭ ᠤᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢᠨ ᠰᠠᠭᠤᠭᠠᠯᠢ ᠠᠷᠠᠳ ᠲᠤ ᠨᠠᠩ ᠰᠠᠶᠢᠨ ᠦᠢᠯᠡᠴᠢᠯᠡᠭᠡ ᠬᠠᠩᠭᠠᠬᠤ ᠳᠤ ᠪᠣᠳᠠᠲᠠᠶ ᠵᠢᠯᠣᠭᠤᠳᠬᠤ ᠰᠠᠨᠠᠯ ᠳᠤᠷᠠᠳᠪᠠ᠃
          ᠲᠠᠪᠰᠢᠯᠳᠦ ᠨᠡᠶᠢᠭᠡᠮ ᠲᠣᠭᠤᠷᠢᠭ ᠤᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢ 2021 ᠣᠨ ᠤ 7 ᠳ᠋ᠤᠭᠠᠷ ᠰᠠᠷ᠎ᠠ ᠳᠤ ᠵᠢᠩᠬᠢᠨᠢ ᠪᠠᠷ ᠪᠠᠶᠢᠭᠤᠯᠵᠤ᠂ ᠭᠤᠤᠯᠳᠠᠭᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠶᠢ ᠲᠠᠩᠰᠠᠯᠠᠬᠤ᠂  ᠰᠦᠢᠳᠭᠡᠯ ᠲᠤᠰᠢᠶᠠᠬᠤ᠂ ︽ᠬᠤᠶᠠᠷ ᠡᠪᠡᠳᠴᠢᠨ︾ ︵ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ︶ ᠢ ᠮᠠᠭᠠᠳᠯᠠᠨ ᠲᠣᠭᠲᠠᠭᠠᠬᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠭᠦᠢᠴᠡᠳᠭᠡᠬᠦ ᠵᠡᠷᠭᠡ ᠠᠷᠠᠳ ᠲᠤ ᠲᠥᠬᠦᠮ ᠦᠵᠡᠭᠦᠯᠬᠦ 3 ᠲᠥᠷᠥᠯ ᠤᠨ ᠭᠤᠤᠯᠳᠠᠯᠭ᠎ᠠ ᠲᠠᠢ ᠦᠢᠯᠡᠴᠢᠯᠡᠭᠡᠨ ᠶᠢᠨ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠵᠦ᠂ ᠵᠡᠮᠳᠡᠭ ᠬᠥᠮᠦᠰ ᠵᠡᠷᠭᠡ ᠣᠨᠴᠠᠭᠠᠶ ᠬᠠᠮᠲᠤᠯᠢᠭ ᠲᠤ ᠬᠠᠨᠳᠤᠭᠤᠯᠤᠨ ᠡᠮ ᠡᠮᠨᠡᠯᠭᠡ ᠶᠢᠨ ᠵᠠᠷᠤᠳᠠᠯ ᠢ ᠲᠠᠩᠰᠠ ᠲᠠᠶᠢᠯᠬᠤ ᠪᠠ ᠬᠡᠷ ᠲᠤᠨᠢ ᠬᠦᠷᠴᠦ ᠣᠷᠣᠯᠠᠨ ᠭᠦᠢᠴᠡᠳᠭᠡᠬᠦ ᠲᠤᠬᠠᠶᠢᠯᠠᠭᠰᠠᠨ ᠠᠵᠢᠯ ᠢ  ᠦᠷᠨᠢᠭᠦᠯᠵᠦ ᠪᠠᠶᠢᠨ᠎ᠠ᠃ ᠨᠡᠶᠢᠭᠡᠮ ᠲᠣᠭᠤᠷᠢᠭ ᠤᠨ ᠡᠮᠴᠢᠯᠡᠭᠡ  ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠥᠷᠲᠡᠭᠡ ᠳᠤ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠯᠠᠪᠯᠠᠯᠭ᠎ᠠ ᠶᠢᠨ ᠲᠠᠰᠤᠭ᠂ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠪᠤᠯᠤᠩ ᠭᠠᠷᠭᠠᠵᠤ᠂ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠲᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢ ᠭᠦᠢᠴᠡᠳᠭᠡᠬᠦ ᠪᠠ ᠲᠥᠷᠥ ᠶᠢᠨ ᠪᠤᠳᠤᠯᠭ᠎ᠠ ᠶᠢᠨ ᠯᠠᠪᠯᠠᠯᠳᠠ ᠵᠡᠷᠭᠡ ︽ᠨᠢᠭᠡ ᠴᠤᠭᠴᠠᠵᠢᠭᠤᠯᠤᠭᠰᠠᠨ︾ ᠦᠢᠯᠡᠴᠢᠯᠡᠭᠡ ᠬᠠᠩᠭᠠᠵᠦ ᠪᠠᠶᠢᠨ᠎ᠠ᠃
         ᠨᠡᠶᠢᠭᠡᠮ ᠲᠣᠭᠤᠷᠢᠭ ᠤᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠥᠷᠲᠡᠭᠡ ᠨᠢ ᠡᠮᠴᠢᠯᠡᠭᠡ ᠶᠢᠨ ᠪᠠᠳᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡ ᠪᠣᠯᠤᠭᠰᠠᠨ ᠤ ᠬᠤᠪᠢ ᠳᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠪᠠᠳᠤᠯᠠᠭ᠎ᠠ ᠶᠢᠨ ᠲᠤᠬᠠᠶᠢᠯᠠᠭᠰᠠᠨ ᠠᠵᠢᠯ᠂ ᠢᠯᠠᠩᠭᠤᠶ᠎ᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠣᠨᠴᠠ ᠬᠦᠴᠢᠷᠳᠡᠯ ᠲᠠᠢ ᠪᠠᠶᠢᠳᠠᠯ ᠢ  ᠰᠢᠢᠳᠪᠦᠷᠢᠯᠡᠬᠦ ᠳᠤ ᠲᠦᠢᠯ ᠤᠨ ᠶᠡᠭᠡ ᠪᠠᠷ ᠲᠥᠬᠦᠮ ᠦᠵᠡᠭᠦᠯᠵᠦ᠂ ᠬᠤᠲᠠ ᠳᠤ ᠰᠢᠯᠵᠢᠨ ᠤᠷᠤᠭᠰᠠᠨ ᠮᠠᠯᠴᠢᠨ᠂ ᠨᠠᠰᠤᠲᠠᠶᠢᠴᠤᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠢ ︽ᠵᠠᠶ ᠵᠠᠪᠰᠠᠷ ᠥᠬᠡᠶ︾  ᠭᠦᠢᠴᠡᠳᠭᠡᠬᠦ ᠳᠤ ᠲᠥᠬᠦᠮ ᠦᠵᠡᠭᠦᠯᠵᠦ᠂ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠨᠡᠶᠢᠭᠡᠮ ᠲᠣᠭᠤᠷᠢᠭ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠶᠢᠨ ᠥᠩᠭᠡᠷᠡᠯᠲᠡ ᠶᠢ ᠦᠨᠡᠨ ᠬᠦ ᠰᠠᠶᠢᠵᠢᠷᠠᠭᠤᠯᠤᠨ᠂ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠨᠠᠩ ᠬᠠᠯᠠᠭᠤᠨ ᠳᠣᠲᠣᠨᠣ ᠡᠮᠴᠢᠯᠡᠭᠡ ᠶᠢᠨ ᠪᠠᠳᠤᠯᠠᠭ᠎ᠠ ᠶᠢᠨ  ᠦᠢᠯᠡᠴᠢᠯᠡᠭᠡ ᠬᠠᠩᠭᠠᠬᠤ ᠪᠣᠯᠤᠨ᠎ᠠ᠃ ᠡᠭᠦᠨ ᠤ ᠬᠠᠮᠲᠤ ᠳᠠᠭᠠᠳᠬᠠᠯ ᠳᠤ ᠣᠷᠣᠯᠴᠠᠭᠰᠠᠳ ᠤᠨ ︽ᠬᠦᠨᠳᠦ ᠡᠪᠡᠳᠴᠢᠲᠡᠨ ᠢ ᠡᠮᠨᠡᠯᠭᠡ ᠳᠤ ᠬᠦᠷᠭᠡᠵᠦ᠂ ᠪᠠᠭ᠎ᠠ ᠡᠪᠡᠳᠴᠢᠲᠡᠨ ᠢ ᠨᠡᠶᠢᠭᠡᠮ ᠲᠣᠭᠤᠷᠢᠭ ᠲᠤ ᠬᠦᠷᠭᠡᠬᠦ︾ ᠶᠢ ᠬᠥᠲᠥᠯᠦᠨ ᠵᠢᠯᠣᠭᠤᠳᠴᠤ᠂ ᠱᠠᠲᠤ ᠬᠤᠪᠢᠶᠠᠨ ᠣᠨᠣᠰᠢᠯᠠᠨ ᠡᠮᠨᠡᠬᠦ ᠲᠦᠷᠢᠮ ᠢ ᠢᠳᠡᠪᠬᠢᠲᠡᠶ ᠨᠠᠶᠢᠳᠠᠪᠤᠷᠢᠵᠢᠭᠤᠯᠤᠨ᠂ ᠡᠮᠴᠢᠯᠡᠭᠡᠨ ᠤ ᠡᠬᠢ ᠪᠠᠶᠠᠯᠢᠭ ᠢ ᠠᠷᠪᠢᠯᠠᠵᠤ᠂ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠶᠢ ᠪᠠᠭᠠᠰᠬᠠᠨ᠎ᠠ᠃
 
ᠢᠷᠡᠯᠲᠡ᠄ ᠰᠢᠯᠢᠨᠬᠤᠳᠠ ᠶᠢᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号