ᠠᠶᠢᠮᠠᠭ ᠤᠨ ᠳᠡᠳ᠋ ᠳᠠᠷᠤᠭ᠎ᠠ ᠯᠸᠢ ᠬᠠᠶ ᠠᠯᠠᠱᠠ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2021/9/9
       9 ᠳ᠋ᠤᠭᠡᠷ ᠰᠠᠷ᠎ᠠ ᠶᠢᠨ 7 ᠤ ᠡᠳᠦᠷ᠂ ᠠᠶᠢᠮᠠᠭ ᠤᠨ ᠳᠡᠳ᠋ ᠳᠠᠷᠤᠭ᠎ᠠ ᠯᠸᠢ ᠬᠠᠶ ᠨᠥᠬᠦᠷ ᠠᠯᠠᠱᠠ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠳᠤ ᠬᠦᠷᠴᠦ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠠᠶᠢᠮᠠᠭ ᠤᠨ ᠡᠮᠴᠢᠯᠡᠭᠡ ᠶᠢᠨ ᠪᠠᠲᠤᠯᠠᠭ᠎ᠠ ᠶᠢᠨ ᠠᠵᠢᠯ ᠢ ᠤᠶᠢᠯᠠᠭᠠᠨ᠂ ᠲᠤᠬᠠᠶᠢᠯᠠᠭᠰᠠᠨ ᠠᠵᠢᠯ ᠢ ᠭᠦᠢᠴᠡᠳᠭᠡᠭᠰᠡᠨ ᠪᠠᠶᠢᠳᠠᠯ ᠢ ᠪᠠᠶᠢᠴᠠᠭᠠᠨ ᠦᠵᠡᠵᠦ᠂ ᠠᠶᠢᠮᠠᠭ ᠤᠨ ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠵᠧᠩ ᠯᠢᠩ ᠭᠤᠸᠠᠩ᠂ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠢᠨ  ᠲᠤᠪᠴᠢᠶ᠎ᠠ ᠶᠢᠨ ᠳᠠᠷᠤᠭ᠎ᠠ ᠸᠠᠩ ᠭᠦᠸᠧ ᠽᠧ ᠵᠢᠴᠢ ᠤᠳᠤᠷᠢᠳᠬᠤ ᠪᠠᠭ ᠤᠨ ᠪᠦᠷᠢᠯᠳᠦᠬᠦᠨ ᠨᠡᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
         ᠯᠸᠢ ᠬᠠᠶ ᠨᠠᠷ ᠤᠷᠢᠳ ᠬᠤᠵᠢᠳ ᠠᠯᠠᠱᠠ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠪᠠᠶᠢᠭᠤᠯᠭ᠎ᠠ᠂ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠬᠡᠷᠡᠭ ᠡᠷᠭᠢᠯᠡᠬᠦ ᠴᠣᠩᠬᠤ᠂ ᠠᠯᠠᠱᠠ ᠵᠡᠭᠦᠨ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠬᠦᠷᠦᠭᠰᠡᠨ ᠭᠠᠵᠠᠷ ᠪᠣᠯᠭᠠᠨ ᠳᠤ᠂ ᠯᠸᠢ ᠬᠠᠶ ᠨᠦᠬᠦᠷ ᠡᠮᠴᠢᠯᠡᠭᠡ ᠶᠢᠨ ᠪᠠᠳᠤᠯᠠᠭ᠎ᠠ ᠶᠢᠨ ᠡᠭᠦᠷᠭᠡ ᠴᠢᠳᠠᠪᠤᠷᠢ᠂ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ᠂ ᠡᠮᠴᠢᠯᠡᠭᠡ ᠶᠢᠨ ᠪᠠᠳᠤᠯᠠᠭ᠎ᠠ ᠶᠢᠨ ᠭᠠᠷᠲᠠᠨ ᠭᠦᠢᠴᠡᠳᠭᠡᠬᠦ᠂ ᠡᠮᠴᠢᠯᠡᠭᠡ ᠶᠢᠨ ᠪᠠᠳᠤᠯᠠᠭ᠎ᠠ ᠪᠠᠷ ᠶᠠᠳᠠᠭᠤ ᠶᠢ ᠲᠡᠳᠬᠦᠬᠦ᠂ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠵᠡᠷᠭᠡ ᠠᠵᠢᠯ ᠤᠨ  ᠪᠠᠶᠢᠳᠠᠯ ᠢ ᠤᠶᠢᠯᠠᠭᠠᠪᠠ᠃
         ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠸᠠᠩ ᠭᠦᠸᠧ ᠽᠧ ᠡᠮᠴᠢᠯᠡᠭᠡ ᠶᠢᠨ ᠪᠠᠳᠤᠯᠠᠭ᠎ᠠ ᠶᠢᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠯᠲᠠ᠂ ᠡᠮᠴᠢᠯᠡᠭᠡ ᠶᠢᠨ ᠪᠠᠳᠤᠯᠠᠭ᠎ᠠ ᠶᠢᠨ ᠡᠭᠦᠷᠭᠡ ᠴᠢᠳᠠᠪᠤᠷᠢ᠂ 2021 ᠣᠨ ᠤ ᠡᠮᠴᠢᠯᠡᠭᠡ ᠶᠢᠨ ᠪᠠᠳᠤᠯᠠᠭ᠎ᠠ ᠶᠢᠨ ᠭᠤᠤᠯᠳᠠᠯᠭ᠎ᠠ ᠲᠠᠢ ᠠᠵᠢᠯ ᠤᠨ ᠠᠬᠢᠴᠠ᠂ ᠡᠮᠴᠢᠯᠡᠭᠡ ᠶᠢᠨ ᠪᠠᠳᠤᠯᠠᠭ᠎ᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠵᠢᠴᠢ  ᠤᠷᠤᠰᠢᠵᠦ ᠪᠠᠶᠢᠭ᠎ᠠ ᠠᠰᠠᠭᠤᠳᠠᠯ ᠳᠤ ᠬᠠᠷᠢᠭᠤ ᠮᠡᠳᠡᠭᠦᠯᠦᠯᠳᠡ ᠬᠢᠵᠡᠢ᠃
     ᠯᠸᠢ ᠬᠠᠶ ᠪᠥᠬᠦ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ᠠᠵᠢᠯ ᠤᠨ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠵᠢᠭᠠᠵᠤ ᠭᠠᠷᠭᠠᠭᠰᠠᠨ ᠨᠢ᠄ ᠡᠮᠴᠢᠯᠡᠭᠡ ᠶᠢᠨ ᠪᠠᠳᠤᠯᠠᠭ᠎ᠠ ᠶᠢᠨ ᠰᠠᠭᠤᠷᠢ ᠮᠥᠩᠭᠦ ᠶᠢ ᠠᠶᠢᠮᠠᠭ ᠤᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠵᠦ᠂ ᠰᠠᠭᠤᠷᠢ ᠮᠥᠩᠭᠦ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠪᠠᠲᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠤᠨ᠎ᠠ᠃ ᠲᠡᠷᠡ ᠴᠢᠬᠤᠯᠠᠴᠢᠯᠠᠭᠰᠠᠨ ᠨᠢ᠄ ᠡᠮᠴᠢᠯᠡᠭᠡ ᠶᠢᠨ ᠪᠠᠳᠤᠯᠠᠭ᠎ᠠ ᠶᠢᠨ ᠠᠵᠢᠯ ᠪᠣᠯ ᠰᠠᠭᠤᠷᠢ ᠴᠢᠨᠠᠷᠲᠠᠶ ᠠᠷᠠᠳ ᠤᠨ ᠠᠮᠢᠳᠤᠷᠠᠯ ᠤᠨ ᠴᠢᠬᠤᠯᠠ ᠠᠵᠢᠯ ᠮᠥᠨ᠂ ᠲᠦᠭ ᠲᠦᠮᠡᠨ ᠠᠶᠢᠯ ᠡᠷᠦᠬᠡ ᠳᠤ ᠬᠤᠯᠪᠣᠭᠳᠠᠬᠤ ᠪᠣᠯᠬᠤᠷ ᠥᠴᠦᠬᠡᠨ ᠴᠦ ᠬᠠᠰᠢ ᠶᠠᠰᠢ ᠪᠠᠶᠢᠵᠤ ᠪᠣᠯᠬᠤ ᠦᠭᠡᠶ᠃ ᠠᠶᠢᠮᠠᠭ ᠤᠨ ᠨᠠᠮ ᠤᠨ ᠬᠤᠷᠢᠶ᠎ᠠ ᠠᠶᠢᠮᠠᠭ ᠤᠨ ᠵᠠᠬᠢᠷᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠨᠢᠭᠡ ᠳᠤ᠂ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠬᠦᠴᠦᠯᠡᠨ ᠠᠬᠢᠭᠤᠯᠵᠤ᠂ ᠮᠡᠳᠡᠭᠡ ᠵᠠᠩᠭᠢ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠪᠥᠬᠦ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ  ᠶᠢᠨ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠵᠦ᠂ ᠪᠥᠬᠦ ᠣᠷᠣᠨ ᠤ ᠮᠡᠳᠡᠭᠡ ᠵᠠᠩᠭᠢ ᠶᠢᠨ ᠲᠠᠪᠴᠠᠩ ᠤᠨ ᠴᠠᠭ ᠲᠤᠬᠠᠶ ᠳᠤᠨᠢ ᠰᠦᠯᠵᠢᠶᠡᠨ ᠳᠤ ᠭᠠᠷᠬᠤ ᠶᠢ ᠦᠨᠡᠨᠬᠦ ᠪᠠᠲᠤᠯᠠᠵᠤ᠂ ᠣᠯᠠᠨ ᠲᠦᠮᠡᠨ ᠳᠤ ᠨᠠᠩ ᠰᠠᠶᠢᠨ ᠦᠢᠯᠡᠴᠢᠯᠡᠬᠦ ᠬᠡᠷᠡᠭᠳᠡᠢ᠃ ᠬᠤᠶᠠᠷ ᠲᠤ᠂ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠠᠵᠢᠯᠯᠠᠭ᠎ᠠ ᠲᠠᠢ ᠤᠶᠠᠯᠳᠤᠭᠤᠯᠤᠨ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠵᠢᠴᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠦᠨᠡᠨ ᠰᠡᠳᠬᠢᠯ ᠠᠴᠠ ᠪᠠᠨ ᠠᠷᠠᠳ ᠲᠦᠮᠡᠨ ᠳᠤ  ᠦᠢᠯᠡᠴᠢᠯᠡᠵᠦ᠂ ᠡᠮᠴᠢᠯᠡᠭᠡ ᠶᠢᠨ ᠪᠠᠳᠤᠯᠠᠭ᠎ᠠ ᠶᠢᠨ ︽ᠰᠠᠭᠤᠷᠢ ᠶᠢ ᠪᠠᠲᠤᠯᠠᠬᠤ︾ ᠦᠢᠯᠡᠳᠦᠯ ᠢ ᠪᠠᠳᠠᠷᠠᠭᠤᠯᠤᠨ᠎ᠠ᠃ ᠭᠤᠷᠪᠠ ᠳᠤ᠂ ᠡᠮᠴᠢᠯᠡᠭᠡ ᠶᠢᠨ ᠪᠠᠳᠤᠯᠠᠭ᠎ᠠ ᠪᠠᠷ ᠶᠠᠳᠠᠭᠤ ᠶᠢ ᠲᠡᠳᠬᠦᠬᠦ ᠠᠵᠢᠯ ᠢ ᠬᠦᠴᠦᠯᠡᠨ ᠰᠠᠶᠢᠲᠤᠷ ᠬᠢᠵᠦ ᠮᠠᠨ ᠤ ᠠᠶᠢᠮᠠᠭ ᠤᠨ ᠪᠣᠳᠠᠲᠠᠶ ᠲᠠᠢ ᠤᠶᠠᠯᠳᠤᠭᠤᠯᠤᠨ᠂ ᠡᠮᠴᠢᠯᠡᠭᠡ ᠶᠢᠨ ᠪᠠᠳᠤᠯᠠᠭ᠎ᠠ ᠪᠠᠷ ᠶᠠᠳᠠᠭᠤ ᠶᠢ ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠠᠷᠭ᠎ᠠ ᠬᠡᠮᠵᠢᠶ᠎ᠡ ᠶᠢ ᠬᠢᠨᠠᠮᠠᠭᠠᠶ ᠰᠤᠳᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠡᠮᠴᠢᠯᠡᠭᠡ ᠶᠢᠨ ᠪᠠᠳᠤᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ᠂ ᠡᠪᠡᠳᠴᠢᠨ ᠠᠴᠠ ᠪᠣᠯᠵᠣ ᠶᠠᠳᠠᠭᠤᠷᠠᠬᠤ ᠦᠵᠡᠭᠳᠡᠯ ᠡᠭᠦᠰᠬᠦ ᠶᠢ ᠰᠡᠷᠭᠡᠶᠢᠯᠡᠨ᠎ᠡ᠃ ᠲᠦᠷᠪᠡ ᠳᠤ᠂ ᠪᠠᠲᠤᠯᠠᠭ᠎ᠠ ᠶᠢᠨ ᠴᠢᠳᠠᠪᠤᠷᠢ ᠶᠢ ᠬᠦᠴᠦᠯᠡᠨ ᠰᠢᠯᠢᠳᠡᠭᠵᠢᠭᠦᠯᠦᠨ ᠳᠡᠭᠡᠭᠰᠢᠯᠡᠭᠦᠯᠦᠨ᠎ᠡ᠃ ᠡᠮᠴᠢᠯᠡᠭᠡ ᠶᠢᠨ ᠪᠠᠳᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠳᠤᠯᠠᠭ᠎ᠠ ᠶᠢᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠪᠤᠳᠠᠶᠢᠵᠢᠭᠤᠯᠤᠨ ᠨᠠᠶᠢᠳᠠᠪᠤᠷᠢᠵᠢᠭᠤᠯᠤᠨ᠂ ᠨᠠᠩ ᠣᠯᠠᠨ ᠬᠡᠷᠡᠭᠴᠡᠭᠡ ᠲᠠᠢ᠂ ᠠᠮᠢ ᠠᠪᠤᠷᠬᠠᠤ ᠰᠠᠶᠢᠨ ᠡᠮ ᠢ ᠡᠮᠴᠢᠯᠡᠭᠡ ᠶᠢᠨ ᠪᠠᠳᠤᠯᠠᠭ᠎ᠠ ᠳᠤ ᠣᠷᠣᠭᠤᠯᠵᠤ᠂ ᠪᠠᠲᠤᠯᠠᠭ᠎ᠠ ᠶᠢᠨ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠲᠠᠪᠤ ᠳᠤ᠂ ᠡᠮᠴᠢᠯᠡᠭᠡ ᠶᠢᠨ ᠪᠠᠳᠤᠯᠠᠭ᠎ᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠦᠴᠦᠯᠡᠨ ᠲᠥᠯᠥᠪᠵᠢᠭᠦᠯᠦᠨ᠎ᠡ᠃ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠠᠭᠤᠷᠢᠯᠠᠨ᠂ ᠪᠥᠬᠦ ᠤᠯᠤᠰ᠂ ᠪᠥᠬᠦ ᠣᠷᠣᠨ ᠤ ᠡᠮᠴᠢᠯᠡᠭᠡ ᠶᠢᠨ ᠪᠠᠳᠤᠯᠠᠭ᠎ᠠ ᠶᠢ ᠪᠣᠳᠣᠯᠬᠢᠯᠠᠵᠤ᠂ ᠥᠨᠳᠥᠷ ᠡᠬᠢᠯᠡᠯᠲᠡ᠂ ᠥᠨᠳᠥᠷ ᠪᠠᠷᠢᠮᠵᠢᠶ᠎ᠠ ᠪᠠᠷ ᠮᠠᠨ ᠤ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠮᠠᠨ ᠤ ᠠᠶᠢᠮᠠᠭ ᠤᠨ ᠡᠮᠴᠢᠯᠡᠭᠡ ᠶᠢᠨ ᠪᠠᠳᠤᠯᠠᠭ᠎ᠠ ᠡᠷᠡᠭᠦᠯ ᠬᠠᠮᠠᠭᠠᠯᠠᠯ ᠤᠨ ᠦᠢᠯᠡᠰ  ᠢ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠬᠡᠷᠡᠭᠲᠡᠶ ᠭᠡᠪᠡ᠃
 
ᠢᠷᠡᠯᠲᠡ᠄ ᠠᠯᠠᠱᠠ ᠠᠶᠢᠮᠠᠭ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号