ᠪᠤᠭᠤᠲᠤ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠲᠥᠪ ᠪᠥᠬᠦ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠬᠡᠷ ᠪᠦᠯᠢ ᠪᠠᠷ ᠢᠶᠠᠨ ᠬᠠᠷᠢᠯᠴᠠᠨ ᠬᠠᠷᠠᠭᠠᠯᠵᠠᠵᠤ ᠬᠡᠷᠡᠭᠯᠡᠬᠦ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/9
      9 ᠳ᠋ᠤᠭᠡᠷ ᠰᠠᠷ᠎ᠠ ᠶᠢᠨ 5 ᠤ ᠡᠳᠦᠷ ᠤᠨ ᠦᠳᠡ ᠶᠢᠨ ᠬᠤᠶᠢᠨ᠎ᠠ᠂ ᠪᠤᠭᠤᠲᠤ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠲᠥᠪ ᠪᠥᠬᠦ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠬᠡᠷ ᠪᠦᠯᠢ ᠪᠠᠷ ᠢᠶᠠᠨ ᠬᠠᠷᠢᠯᠴᠠᠨ ᠬᠠᠷᠠᠭᠠᠯᠵᠠᠨ ᠬᠡᠷᠡᠭᠯᠡᠬᠦ ᠠᠵᠢᠯ ᠢ ᠪᠠᠶᠢᠷᠢᠯᠠᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠲᠥᠪ ᠤᠨ ᠪᠠᠭ ᠤᠨ ᠪᠦᠷᠢᠯᠳᠦᠬᠦᠨ᠂ ᠬᠤᠯᠪᠣᠭᠳᠠᠯ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠬᠤᠲᠠ ᠶᠢᠨ ᠲᠠᠪᠤᠨ ᠲᠣᠭᠤᠷᠢᠭ ᠤᠨ ᠪᠣᠶ ᠪᠥᠬᠦᠶ ᠭᠤᠷᠪᠠᠳᠤᠭᠠᠷ ᠳᠡᠰ᠂ ᠬᠤᠶᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃      ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ︽ᠪᠦᠬᠦ ᠣᠷᠣᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ ᠪᠡᠯᠡ ᠮᠥᠩᠭᠦ ᠶᠢ ᠭᠡᠷ ᠪᠦᠯᠢ ᠪᠠᠷ ᠢᠶᠠᠨ ᠬᠠᠷᠢᠯᠴᠠᠨ ᠬᠠᠷᠠᠭᠠᠯᠵᠠᠵᠤ ᠬᠡᠷᠡᠭᠯᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ︾ ᠢ ᠤᠯᠠᠮᠵᠢᠯᠠᠪᠠ᠃ ᠡᠭᠦᠨ ᠤ ᠬᠠᠮᠲᠤ ᠪᠤᠭᠤᠲᠤ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠲᠥᠪ ᠤᠨ ᠳᠠᠷᠤᠮᠠᠯᠯᠠᠨ ᠲᠠᠷᠬᠠᠭᠠᠭᠰᠠᠨ ︽ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠬᠡᠷ ᠪᠦᠯᠢ ᠪᠠᠷ ᠢᠶᠠᠨ ᠬᠠᠷᠢᠯᠴᠠᠨ ᠬᠠᠷᠠᠭᠠᠯᠵᠠᠵᠤ ᠬᠡᠷᠡᠭᠯᠡᠬᠦ ᠠᠵᠢᠯ ᠢ ᠬᠢᠨᠠᠮᠠᠭᠠᠶ ᠥᠷᠨᠢᠭᠦᠯᠬᠦ ᠲᠤᠬᠠᠶ ᠮᠡᠳᠡᠭᠳᠡᠯ︾ ᠵᠢᠴᠢ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠬᠡᠷ ᠪᠦᠯᠢ ᠪᠠᠷ ᠢᠶᠠᠨ ᠬᠠᠷᠢᠯᠴᠠᠨ ᠬᠠᠷᠠᠭᠠᠯᠵᠠᠵᠤ ᠬᠡᠷᠡᠭᠯᠡᠬᠦ ᠠᠵᠢᠯ ᠤᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠲᠠᠶᠢᠯᠤᠮᠵᠢ ᠬᠢᠪᠠ᠃      ᠬᠤᠷᠠᠯ ᠠᠴᠠ᠂ ᠡᠯ᠎ᠡ ᠱᠠᠲᠤᠨ ᠤ ᠡᠮᠴᠢᠯᠡᠭᠡ ᠶᠢᠨ ᠪᠠᠳᠤᠯᠠᠭ᠎ᠠ ᠶᠢᠨ ᠴᠢᠭ ᠲᠤᠭᠳᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠪᠠ ᠬᠤᠲᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠦᠢᠯᠡᠴᠢᠯᠡᠭᠡᠨ ᠤ ᠲᠥᠪ ᠤᠨ ᠳᠠᠷᠤᠮᠠᠯᠯᠠᠨ ᠲᠠᠷᠬᠠᠭᠠᠭᠰᠠᠨ ᠬᠤᠶᠠᠷ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠭᠠᠷᠲᠠᠨ ᠭᠦᠢᠴᠡᠳᠭᠡᠬᠦ ᠶᠠᠪᠤᠴᠠ ᠶᠢᠨ ᠶᠣᠰᠣᠭᠠᠷ᠂ ᠪᠥᠬᠦ ᠬᠤᠲᠠ ᠶᠢᠨ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠬᠡᠷ ᠪᠦᠯᠢ ᠪᠠᠷ ᠢᠶᠠᠨ ᠬᠠᠷᠢᠯᠴᠠᠨ ᠬᠠᠷᠠᠭᠠᠯᠵᠠᠵᠤ ᠬᠡᠷᠡᠭᠯᠡᠭᠦᠯᠬᠦ ᠶᠢᠨ ᠬᠠᠮᠲᠤ᠂ ᠡᠮᠴᠢᠯᠡᠭᠡᠨ ᠤ ᠪᠠᠶᠢᠭᠤᠯᠤᠮᠵᠢ ᠶᠢᠨ ᠭᠠᠷᠲᠠᠨ  ᠭᠦᠢᠴᠡᠳᠭᠡᠬᠦ ᠴᠣᠩᠬᠤ ᠵᠢᠴᠢ ᠢᠯᠡ ᠭᠠᠵᠠᠷ ᠲᠤ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠬᠡᠷ ᠪᠦᠯᠢ ᠪᠠᠷ ᠢᠶᠠᠨ ᠬᠠᠷᠢᠯᠴᠠᠨ ᠬᠠᠷᠠᠭᠠᠯᠵᠠᠵᠤ ᠬᠡᠷᠡᠭᠯᠡᠬᠦ ᠭᠠᠷᠲᠠᠨ ᠭᠦᠢᠴᠡᠳᠭᠡᠬᠦ ᠶᠠᠪᠤᠴᠠ ᠶᠢ ᠨᠠᠭᠠᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠷᠠᠳ ᠲᠤ ᠠᠰᠢᠭ ᠬᠦᠷᠲᠡᠭᠡᠬᠦ ᠰᠠᠶᠢᠨ ᠲᠥᠷᠥ ᠶᠢᠨ ᠪᠣᠳᠣᠯᠭ᠎ᠠ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠣᠶᠢᠯᠠᠭᠠᠭᠰᠠᠨ ᠢᠶᠠᠷ᠂ ᠴᠢᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠳᠤ ᠡᠭᠦᠰᠦᠭᠰᠡᠨ᠂ ᠴᠢᠭ ᠲᠣᠭᠲᠠᠭᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠬᠤ ᠳᠤ ᠡᠭᠦᠰᠦᠭᠰᠡᠨ ᠬᠤᠪᠢ ᠬᠥᠮᠦᠨ ᠤ ᠡᠭᠦᠷᠭᠡᠯᠡᠬᠦ ᠴᠢᠬᠤᠯᠠᠲᠠᠶ ᠵᠠᠷᠤᠳᠠᠯ ᠪᠦᠬᠦᠨ ᠳᠤ ᠬᠤᠯᠪᠣᠰᠤ᠂ ᠡᠴᠢᠭᠡ ᠡᠬᠡ᠂ ᠦᠷ᠎ᠡ ᠬᠡᠤᠬᠡᠳ ᠤᠨ ᠳᠣᠲᠣᠷᠠᠬᠢ ᠨᠢᠭᠡ ᠬᠥᠮᠦᠨ ᠤ ᠬᠤᠪᠢ ᠬᠥᠮᠦᠨ ᠤ ᠲᠠᠩᠰᠠᠨ ᠡᠷᠦᠬᠡ ᠳᠠᠬᠢ ᠦᠯᠡᠳᠡᠪᠦᠷᠢ ᠶᠢ ᠬᠠᠮᠲᠤ ᠪᠠᠷ ᠬᠡᠷᠡᠭᠯᠡᠵᠦ ᠪᠣᠯᠤᠨ᠎ᠠ᠃ ᠡᠪᠡᠳᠴᠢᠲᠡᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠪᠡᠳᠴᠢᠨ ᠦᠵᠡᠭᠦᠯᠬᠦ ᠦᠶ᠎ᠡ ᠳᠤ᠂ ᠬᠡᠷᠪᠡ ᠬᠤᠪᠢ ᠬᠥᠮᠦᠨ ᠤ ᠲᠠᠩᠰᠠᠨ ᠡᠷᠦᠬᠡ ᠶᠢ ᠬᠡᠷ ᠪᠦᠯᠢ ᠪᠠᠷ ᠢᠶᠠᠨ ᠬᠠᠷᠠᠭᠠᠯᠵᠠᠬᠤ ᠴᠢᠬᠤᠯᠠᠲᠠᠶ ᠪᠣᠯ᠂ ᠡᠷᠬᠡ ᠣᠯᠭᠤᠭᠴᠢ ᠠᠴᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠥᠬᠦᠶ ᠴᠣᠩᠬᠤᠨ ᠳᠤ ︽ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠠᠩᠰᠠᠨ ᠡᠷᠦᠬᠡ ᠶᠢ ᠬᠠᠷᠠᠭᠠᠯᠵᠠᠬᠤ ᠡᠷᠬᠡ ᠣᠯᠭᠤᠵᠤ ᠬᠡᠷᠡᠭᠯᠡᠭᠦᠯᠬᠦ ᠠᠮᠠᠯᠠᠯᠲᠠ ᠶᠢᠨ ᠪᠢᠴᠢᠭ︾ ᠢ ᠲᠠᠭᠯᠠᠨ ᠪᠢᠴᠢᠬᠦ ᠶᠢᠨ ᠬᠠᠮᠲᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠣᠭ ᠮᠠᠲ᠋ᠧᠷᠢᠶᠠᠯ ᠢ ᠬᠠᠩᠭᠠᠵᠤ᠂ ᠡᠮᠴᠢᠯᠡᠭᠡᠨ ᠤ ᠪᠠᠶᠢᠭᠤᠯᠤᠮᠵᠢ ᠪᠠᠷ ᠬᠢᠨᠠᠨ ᠰᠢᠯᠭᠠᠭᠤᠯᠤᠭᠰᠠᠨ ᠤ ᠳᠠᠷᠠᠭ᠎ᠠ᠂ ᠡᠪᠡᠳᠴᠢᠲᠡᠨ ᠤ ᠲᠣᠰ ᠭᠠᠵᠠᠷ ᠲᠤ ᠡᠮᠨᠡᠭᠦᠯᠦᠭᠰᠡᠨ ᠡᠮᠴᠢᠯᠡᠭᠡᠨ ᠤ ᠵᠠᠷᠤᠳᠠᠯ ᠢ ᠤᠷᠢᠳᠴᠢᠯᠠᠨ ᠳ᠋ᠦᠩᠨᠡᠨ ᠪᠤᠳᠤᠵᠤ᠂ ᠪᠡᠯᠡᠨ ᠵᠣᠭᠤᠰ ᠢᠶᠠᠷ ᠳᠥᠯᠥᠬᠦ ᠴᠢᠬᠤᠯᠠᠲᠠᠶ ᠪᠤᠯ ᠵᠣᠭᠤᠰ ᠤᠨ ᠲᠤᠭ᠎ᠠ ᠶᠢ ᠨᠤᠲᠠᠯᠠᠬᠤ ᠶᠢᠨ ᠬᠠᠮᠲᠤ ᠡᠷᠬᠡ ᠣᠯᠭᠤᠭᠴᠢ ᠳᠤ ᠮᠡᠳᠡᠭᠳᠡᠨ᠎ᠡ᠃ ᠡᠷᠬᠡ ᠣᠯᠭᠤᠭᠴᠢ ᠨᠢ ᠪᠡᠯᠡᠨ ᠵᠣᠭᠤᠰ ᠢᠶᠠᠷ ᠥᠭᠬᠦ ᠵᠣᠭᠤᠰ ᠤᠨ ᠲᠤᠭ᠎ᠠ ᠪᠣᠯᠤᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠦᠯᠡᠳᠡᠪᠦᠷᠢ ᠲᠤᠭ᠎ᠠ ᠶᠢ ᠦᠨᠳᠦᠰᠦᠯᠡᠨ ᠣᠷᠣᠯᠠᠨ ᠰᠠᠭᠤᠯᠭᠠᠨ ᠠᠪᠬᠤ ᠵᠣᠭᠤᠰ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠡᠷ ᠪᠦᠯᠢ ᠶᠢᠨ ᠬᠠᠷᠢᠯᠴᠠᠨ ᠲᠤᠰᠠᠯᠠᠯᠴᠠᠵᠤ ᠳᠥᠯᠥᠬᠦ ᠶᠢ ᠪᠡᠶᠡᠯᠡᠭᠦᠯᠦᠭᠰᠡᠨ ᠤ ᠳᠠᠷᠠᠭᠠᠬᠢ ᠦᠯᠡᠳᠡᠭᠰᠡᠨ ᠬᠡᠰᠡᠭ ᠡᠮᠴᠢᠯᠡᠭᠡᠨ ᠤ ᠵᠠᠷᠤᠳᠠᠯ ᠢ ᠬᠡᠪ ᠤᠨ ᠲᠠᠰ ᠳᠠᠷᠠᠭᠠᠯᠠᠯ ᠢᠶᠠᠷ ᠳ᠋ᠦᠩᠨᠡᠨ ᠪᠤᠳᠤᠨ᠎ᠠ᠃
 
ᠢᠷᠡᠯᠲᠡ᠄ ᠪᠤᠭᠤᠳᠦ ᠬᠤᠳᠠ ᠶᠢᠨ ᠡᠮᠴᠢᠯᠡᠭᠡ ᠶᠢᠨ ᠪᠠᠳᠤᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号