ᠪᠥᠬᠦ ᠣᠷᠣᠨ ᠤ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ  ᠠᠵᠢᠯᠯᠠᠭ᠎ᠠ ᠶᠢ ᠵᠠᠳᠠᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/18
     2022 ᠣᠨ ᠤ 1 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠪᠥᠬᠦ ᠣᠷᠣᠨ ᠤ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢ ᠵᠠᠳᠠᠯᠬᠤ ᠸᠢᠳᠢᠣ᠋ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠡᠰᠢᠭᠦᠨ᠂ ᠳᠡᠳ᠋ ᠲᠣᠪᠴᠢᠶᠠᠨ ᠳᠠᠷᠤᠭ᠎ᠠ ᠼᠠᠢ ᠾᠥᠩ ᠢᠦᠶ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮ ᠤᠨ ᠦᠨ᠎ᠡ ᠬᠠᠩᠰᠢ ᠬᠢᠭᠡᠳ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠭᠠᠵᠠᠷ᠂ ᠡᠮ ᠬᠤᠳᠠᠯᠳᠤᠨ ᠠᠪᠬᠤ ᠲᠥᠪ ᠤᠨ ᠤᠳᠤᠷᠢᠳᠤᠯᠭ᠎ᠠ᠂ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠶ ᠲᠣᠪᠴᠢᠶᠠᠨ ᠳᠠᠷᠤᠭ᠎ᠠ᠂ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠪᠣᠯᠤᠨ ᠡᠮ ᠬᠤᠳᠠᠯᠳᠤᠨ ᠠᠪᠬᠤ ᠶᠢ ᠡᠭᠦᠷᠭᠡᠯᠡᠵᠦ ᠪᠠᠶᠢᠭ᠎ᠠ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠤᠨ ᠡᠷᠬᠢᠯᠡᠭᠴᠢ ᠯᠢᠦ ᠵᠢᠶᠦ᠋ᠨ ᠬᠤᠷᠠᠯ ᠡᠷᠭᠢᠯᠡᠪᠡ᠃
     ᠬᠤᠷᠠᠯ ᠠᠴᠠ 2019 ᠣᠨ᠂ 2020 ᠣᠨ ᠪᠠ 2021 ᠣᠨ ᠤ ᠲᠦᠷᠦᠭᠦᠦ ᠭᠤᠷᠪᠠᠨ ᠤᠯᠠᠷᠢᠯ ᠤᠨ ᠪᠥᠬᠦ ᠣᠷᠣᠨ ᠤ ᠡᠮ ᠤᠨ  ᠵᠦᠢᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠠᠵᠢᠯ ᠤᠨ ᠠᠬᠢᠴᠠ ᠶᠢᠨ ᠪᠠᠶᠢᠳᠠᠯ ᠪᠠ ᠦᠷ᠎ᠡ ᠪᠦᠲᠦᠮᠵᠢ ᠶᠢ ᠳ᠋ᠦᠩᠨᠡᠵᠦ᠂ ᠲᠤᠯᠭᠠᠷᠠᠭᠰᠠᠨ ᠠᠰᠠᠭᠤᠳᠠᠯ ᠵᠢᠴᠢ ᠰᠢᠢᠳᠪᠦᠷᠢᠯᠡᠬᠦ ᠠᠷᠭ᠎ᠠ ᠶᠢ ᠵᠠᠳᠠᠯᠪᠠ᠃ ᠪᠤᠭᠤᠲᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠰᠢᠯᠢ ᠶᠢᠨ ᠭᠤᠤᠯ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠲᠣᠰ ᠲᠣᠰ ᠪᠤᠭᠤᠲᠤ ᠬᠤᠲᠠ᠂ ᠰᠢᠯᠢ ᠶᠢᠨ ᠭᠤᠤᠯ ᠠᠶᠢᠮᠠᠭ ᠤᠨ ᠢᠶᠠᠨ ᠠᠵᠢᠯᠯᠠᠭ᠎ᠠ ᠶᠢ ᠵᠠᠳᠠᠯᠤᠭᠰᠠᠨ ᠮᠡᠳᠡᠭᠦᠯᠦᠯᠲᠡ ᠶᠢ ᠲᠠᠨᠢᠯᠴᠠᠭᠤᠯᠪᠠ᠃      ᠲᠣᠪᠴᠢᠶᠠᠨ ᠳᠠᠷᠤᠭ᠎ᠠ ᠼᠠᠢ ᠾᠥᠩ ᠢᠦᠶ ᠴᠢᠬᠤᠯᠠ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢ ᠵᠠᠳᠠᠯᠬᠤ ᠲᠦᠷᠢᠮ ᠢ ᠰᠦᠪᠡᠭᠴᠢᠯᠡᠨ ᠪᠠᠶᠢᠭᠤᠯᠬᠤ᠂ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠶ ᠰᠠᠨᠠᠯ ᠳᠤᠷᠠᠳᠴᠤ᠂ ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ ᠶᠢ ᠵᠢᠭᠠᠵᠤ ᠭᠠᠷᠭᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃                        
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号