︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ ᠤᠨ ᠲᠠᠰᠤᠯᠬᠤ ᠡᠷᠬᠡ ᠶᠢ ᠳᠦᠷᠢᠮᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/1/26
     ᠨᠢᠭᠡ᠂ ᠲᠤᠭᠤᠷᠪᠢᠭᠰᠠᠨ ᠠᠬᠤᠢ ᠪᠠᠶᠢᠳᠠᠯ      2021 ᠣᠨ ᠤ 6 ᠳ᠋ᠤᠭᠠᠷ ᠰᠠᠷ᠎ᠠ ᠶᠢᠨ 23 ᠤ ᠡᠳᠦᠷ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠳᠠᠬᠢ ᠵᠠᠰᠠᠭ ᠵᠠᠬᠢᠷᠭᠠᠨ ᠤ ᠰᠢᠢᠳᠭᠡᠯ ᠤᠨ ᠲᠠᠰᠤᠯᠬᠤ ᠡᠷᠬᠡ ᠶᠢ ᠳᠦᠷᠢᠮᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠪᠠ᠃ ᠡᠨᠡ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠢᠳᠭᠡᠯ ᠤᠨ ᠳᠠᠰᠤᠯᠬᠤ ᠡᠷᠬᠡ ᠪᠠᠨ ᠬᠠᠤᠯᠢ ᠶᠣᠰᠤ ᠪᠠᠷ᠂ ᠵᠦᠶ ᠵᠣᠬᠢᠰᠲᠠᠶ᠂ ᠲᠣᠬᠢᠷᠠᠮᠵᠢᠲᠠᠢ ᠬᠡᠷᠡᠭᠵᠢᠭᠦᠯᠬᠦ ᠶᠢ ᠪᠠᠲᠤᠯᠠᠵᠤ᠂ ᠠᠷᠠᠳ ᠢᠷᠭᠡᠨ᠂ ᠬᠠᠤᠯᠢ ᠶᠢᠨ ᠡᠷᠬᠡᠲᠦ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠳᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠢᠢᠳᠭᠡᠯ ᠤᠨ ᠳᠠᠰᠤᠯᠬᠤ ᠪᠠᠷᠢᠮᠵᠢᠶ᠎ᠠ ᠶᠢ ᠳᠦᠷᠢᠮᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠤᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ ᠤᠨ ᠲᠠᠰᠤᠯᠬᠤ ᠡᠷᠬᠡ ᠶᠢ ᠳᠦᠷᠢᠮᠵᠢᠭᠦᠯᠬᠦ ᠲᠤᠬᠠᠢ ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ︶︾ ︵ᠳᠣᠷᠣᠭᠰᠢ ︽ᠬᠡᠷᠡᠭᠵᠢᠭᠦᠯᠬᠦ ᠠᠷᠭ᠎ᠠ ︾ ᠭᠡᠵᠦ ᠲᠣᠪᠴᠢᠯᠠᠨ᠎ᠠ︶ ᠶᠢ ᠲᠣᠭᠲᠠᠭᠠᠵᠤ᠂ 2022 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠬᠤᠶᠠᠷ᠂ ᠭᠤᠣᠯ ᠠᠭᠤᠯᠭ᠎ᠠ      ︵ᠨᠢᠭᠡ︶ ︽ᠬᠡᠷᠡᠭᠵᠢᠭᠦᠯᠬᠦ ᠠᠷᠭ᠎ᠠ︾ ᠳᠤ ᠨᠡᠶᠢᠲᠡ 21 ᠵᠦᠢᠯ ᠪᠠᠶᠢᠵᠤ᠂ ᠭᠤᠤᠯᠳᠠᠭᠤ ᠳᠥᠷᠪᠡᠨ ᠲᠠᠯ᠎ᠠ ᠶᠢᠨ ᠠᠭᠤᠯᠭ᠎ᠠ ᠶᠢ  ᠪᠠᠭᠲᠠᠭᠠᠪᠠ᠃ ᠨᠢᠭᠡ ᠳᠤ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ ᠶᠢ ᠳᠣᠭᠲᠠᠭᠠᠪᠠ ᠃ ᠡᠭᠦᠨ ᠳᠤ ᠭᠤᠣᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ︾᠂ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠲᠦᠷᠢᠮ︾ ᠵᠡᠷᠭᠡ ᠪᠠᠭᠲᠠᠨ᠎ᠠ︔ ᠬᠤᠶᠠᠷ ᠲᠤ᠂ ᠬᠡᠷᠡᠭᠯᠡᠬᠦ ᠬᠡᠪᠴᠢᠶ᠎ᠡ ᠬᠢᠭᠡᠳ ᠵᠠᠷᠴᠢᠮ᠃ ᠬᠡᠷᠡᠭᠯᠡᠬᠦ ᠭᠤᠣᠯ ᠴᠣᠭᠴᠠ ᠪᠣᠯ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ︔ ᠬᠡᠷᠡᠭᠯᠡᠬᠦ ᠵᠠᠷᠴᠢᠮ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ︾ ᠶᠢ ᠵᠢᠷᠤᠮᠯᠠᠨ ᠬᠠᠤᠯᠢ ᠶᠣᠰᠣᠭᠠᠷ ᠵᠠᠰᠠᠭ ᠶᠠᠪᠤᠭᠤᠯᠵᠤ᠂ ᠠᠯᠳᠠᠭ᠎ᠠ ᠭᠠᠷᠭᠠᠬᠤ ᠪᠠ ᠰᠢᠢᠳᠭᠡᠬᠦ ᠶᠢ ᠬᠠᠷᠢᠯᠴᠠᠨ  ᠲᠣᠬᠢᠷᠠᠭᠤᠯᠵᠤ᠂ ᠰᠢᠢᠳᠭᠡᠯ ᠪᠠ ᠰᠤᠷᠭᠠᠨ ᠬᠥᠮᠦᠵᠢᠯ ᠢ ᠬᠠᠷᠢᠯᠴᠠᠨ ᠤᠶᠠᠯᠳᠤᠭᠤᠯᠬᠤ ᠵᠡᠷᠭᠡ ᠵᠠᠷᠴᠢᠮ ᠢ ᠵᠢᠷᠤᠮᠯᠠᠵᠠᠶ᠃ ᠭᠤᠷᠪᠠ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠰᠠᠭ ᠵᠠᠬᠢᠷᠭᠠᠨ ᠤ ᠰᠢᠢᠳᠭᠡᠯ ᠤᠨ ᠬᠠᠤᠯᠢ︾ ᠵᠢᠴᠢ ︽ᠲᠦᠷᠢᠮ︾᠂ ︽ᠠᠷᠭ᠎ᠠ︾ ᠶᠢ ᠦᠨᠳᠦᠰᠦᠯᠡᠵᠦ᠂ ᠰᠢᠢᠳᠭᠡᠯ ᠥᠭᠬᠦ ᠥᠬᠡᠶ᠂ ᠬᠥᠩᠭᠡᠨ ᠢᠶᠠᠷ ᠰᠢᠢᠳᠭᠡᠬᠦ᠂ ᠬᠦᠨᠳᠦ ᠪᠠᠷ ᠰᠢᠢᠳᠭᠡᠬᠦ ᠲᠤᠬᠠᠶ ᠲᠣᠭᠲᠠᠭᠠᠯ ᠢᠶᠠᠷ ᠡᠮᠴᠢᠯᠡᠭᠡᠨ ᠤ ᠪᠠᠲᠤᠯᠠᠭ᠎ᠠ ᠶᠢᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠤᠯᠢ ᠬᠡᠷᠡᠭᠵᠢᠭᠦᠯᠬᠦ ᠶᠠᠪᠤᠴᠠ ᠳᠠᠬᠢ ᠡᠯ᠎ᠡ ᠵᠦᠢᠯ ᠤᠨ ᠪᠠᠶᠢᠳᠠᠯ ᠵᠢᠴᠢ ᠰᠢᠢᠳᠭᠡᠯ ᠤᠨ ᠬᠡᠮᠵᠢᠶ᠎ᠡ ᠶᠢ ᠲᠣᠳᠣᠷᠬᠠᠶᠢᠯᠠᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠦᠨᠡᠨ ᠬᠦ ᠪᠠᠲᠤᠯᠠᠪᠠ᠃ ᠳᠥᠷᠪᠡ ᠳᠤ᠂ ᠵᠠᠰᠠᠭ ᠵᠠᠬᠢᠷᠭᠠᠨ ᠤ ᠬᠠᠷᠠᠭᠠᠯᠵᠠᠭᠰᠠᠨ ᠬᠤᠯᠪᠤᠭᠳᠠᠬᠤ ᠬᠥᠮᠦᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠨᠢ ᠡᠷᠡᠭᠦᠦ ᠶᠢᠨ ᠬᠡᠷᠡᠭ ᠤᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠶᠢ ᠬᠡᠷᠡᠭᠵᠢᠭᠦᠯᠦᠭᠰᠡᠨ ᠦᠢᠯᠡ ᠠᠵᠢᠯᠯᠠᠭ᠎ᠠ ᠳᠤ ᠠᠯᠳᠠᠭ᠎ᠠ ᠪᠤᠷᠤᠭᠤ ᠲᠠᠢ ᠪᠠᠶᠢᠬᠤ ᠵᠡᠷᠭᠡ ᠪᠤᠰᠤᠳ ᠠᠭᠤᠯᠭ᠎ᠠ ᠳᠤ ᠲᠣᠭᠲᠠᠭᠠᠯ ᠭᠠᠷᠭᠠᠪᠠ᠃      ︵ᠬᠤᠶᠠᠷ︶ ︽ᠬᠡᠷᠡᠭᠵᠢᠭᠦᠯᠬᠦ ᠠᠷᠭ᠎ᠠ︾ ᠳᠤ ᠵᠢᠭᠠᠵᠤ ᠪᠠᠶᠢᠭ᠎ᠠ ᠵᠠᠰᠠᠭ ᠵᠠᠬᠢᠷᠭᠠᠨ ᠤ ᠰᠢᠢᠳᠭᠡᠯ ᠤᠨ ᠲᠠᠰᠤᠯᠬᠤ ᠡᠷᠬᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠬᠠᠤᠯᠢ ᠴᠠᠭᠠᠵᠠ᠂ ᠬᠠᠤᠯᠢ ᠳᠦᠷᠢᠮ ᠪᠠ ᠳᠦᠷᠢᠮ ᠲᠣᠭᠲᠠᠭᠠᠯ ᠳᠤ ᠲᠣᠭᠲᠠᠭᠠᠭᠰᠠᠨ ᠳᠠᠰᠤᠯᠬᠤ ᠬᠡᠪᠴᠢᠶᠡᠨ ᠳᠤ ᠪᠠᠶᠢᠬᠤ ᠶᠢ ᠵᠢᠭᠠᠵᠤ ᠪᠠᠶᠢᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠵᠠᠰᠠᠭ ᠵᠠᠬᠢᠷᠭᠠᠨ ᠤ ᠰᠢᠢᠳᠭᠡᠯ ᠢᠶᠠᠷ ᠳᠠᠰᠤᠯᠬᠤ ᠦᠨᠳᠦᠰᠦᠨ ᠪᠠᠷᠢᠮᠵᠢᠶ᠎ᠠ︾ ︵ᠳᠣᠷᠣᠭᠰᠢ ︽ ᠳᠠᠰᠤᠯᠬᠤ ᠦᠨᠳᠦᠰᠦᠨ ᠪᠠᠷᠢᠮᠵᠢᠶ᠎ᠠ︾ ᠭᠡᠵᠦ ᠲᠣᠪᠴᠢᠯᠠᠨ᠎ᠠ︶ ᠶᠢ ᠲᠣᠭᠲᠠᠭᠠᠬᠤ ᠪᠠᠷ ᠳᠠᠮᠵᠢᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠠᠷᠠᠭᠠᠯᠵᠠᠭᠰᠠᠨ ᠬᠤᠯᠪᠤᠭᠳᠠᠬᠤ ᠬᠥᠮᠦᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠮᠬᠢ ᠳᠢᠭᠯᠢᠮ ᠢ ᠵᠥᠷᠢᠴᠡᠭᠰᠡᠨ ᠦᠢᠯᠡ ᠠᠵᠢᠯᠯᠠᠭ᠎ᠠ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭᠠᠨ ᠤ ᠪᠣᠳᠠᠲᠤ ᠶᠠᠪᠤᠳᠠᠯ᠂ ᠰᠢᠨᠵᠢ ᠴᠢᠨᠠᠷ᠂ ᠦᠢᠯᠠ ᠪᠠᠶᠢᠳᠠᠯ᠂ ᠨᠡᠶᠢᠭᠡᠮ ᠤᠨ ᠬᠤᠤᠷ ᠬᠥᠨᠥᠭᠡᠯ ᠤᠨ ᠬᠡᠮᠵᠢᠶ᠎ᠡ ᠵᠢᠴᠢ ᠲᠤᠬᠠᠶ ᠶᠢᠨ ᠬᠥᠮᠦᠨ ᠤ ᠪᠡᠶᠡᠴᠢ ᠠᠯᠳᠠᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠵᠠᠰᠠᠭ ᠵᠠᠬᠢᠷᠭᠠᠨ ᠤ ᠰᠢᠢᠳᠭᠡᠯ ᠥᠭᠬᠦ ᠡᠰᠡᠬᠦ᠂ ᠵᠠᠰᠠᠭ ᠵᠠᠬᠢᠷᠭᠠᠨ ᠤ ᠰᠢᠢᠳᠭᠡᠯ ᠥᠭᠬᠦ ᠲᠥᠷᠥᠯ ᠵᠦᠢᠯ ᠪᠠ ᠬᠡᠮᠵᠢᠶ᠎ᠡ ᠂ ᠪᠠᠷᠢᠮᠵᠢᠶ᠎ᠠ ᠶᠢ ᠳᠣᠭᠲᠠᠭᠠᠪᠠ᠃      ︵ᠭᠤᠷᠪᠠ︶ ︽ᠳᠠᠰᠤᠯᠬᠤ ᠦᠨᠳᠦᠰᠦᠨ ᠪᠠᠷᠢᠮᠵᠢᠶ᠎ᠠ︾ ᠳᠤ 10 ᠵᠦᠢᠯ ᠪᠣᠶ᠃ ᠭᠤᠤᠯᠳᠠᠭᠤ ᠳᠠᠭᠠᠳᠬᠠᠯ ᠳᠤ ᠣᠷᠣᠯᠴᠠᠭᠰᠠᠨ ᠨᠢᠭᠡᠴᠢ᠂ ᠳᠠᠭᠠᠳᠬᠠᠯ ᠳᠤ ᠣᠷᠣᠯᠴᠠᠭᠰᠠᠳ᠂ ᠴᠡᠭ ᠳᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ᠂ ᠭᠠᠷᠲᠠᠨ ᠭᠦᠢᠴᠡᠳᠭᠡᠬᠦ ᠪᠠᠶᠢᠭᠤᠯᠤᠮᠵᠢ ᠵᠡᠷᠭᠡ ᠬᠢᠨᠠᠨ ᠬᠠᠮᠢᠶᠠᠷᠬᠤ ᠡᠲᠡᠭᠡᠳ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠪᠠᠶᠢᠳᠠᠯ ᠢ ᠲᠣᠳᠣᠷᠬᠠᠶᠢᠯᠠᠵᠤ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢᠨ ᠦᠢᠯᠡ ᠪᠠᠶᠢᠳᠠᠯ ᠤᠨ ᠬᠦᠨᠳᠦ ᠬᠥᠩᠭᠡᠨ ᠢ ᠦᠨᠳᠦᠰᠦᠯᠡᠨ᠂ ᠬᠥᠩᠭᠡᠨ᠂ ᠳᠤᠮᠳᠠ᠂ ᠬᠦᠨᠳᠦ ᠵᠡᠷᠭᠡ ᠪᠣᠳᠠᠲᠠᠶ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠵᠠᠷᠴᠢᠮ ᠲᠠᠢ ᠵᠣᠬᠢᠴᠠᠭᠤᠯᠤᠨ᠂ 34 ᠵᠦᠢᠯ ᠤᠨ ᠰᠢᠢᠳᠭᠡᠯ ᠢᠶᠠᠷ ᠳᠠᠰᠤᠯᠬᠤ ᠪᠠᠷᠢᠮᠵᠢᠶ᠎ᠠ ᠶᠢ ᠨᠠᠷᠢᠯᠢᠬᠵᠢᠭᠤᠯᠵᠤ᠂ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠢᠳᠭᠡᠯ ᠤᠨ ᠳᠠᠰᠤᠯᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠬᠦ ᠳᠤ ᠦᠨᠳᠦᠰᠦᠨ ᠪᠠᠷᠢᠮᠵᠢᠶ᠎ᠠ ᠬᠠᠩᠭᠠᠪᠠ᠃                    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号