2021 ᠣᠨ ᠤ ᠤᠯᠤᠰ ᠤᠨ ᠬᠡᠯᠡᠯᠴᠡᠭᠡ ᠬᠢᠭᠰᠡᠨ ᠲᠥᠪᠯᠡᠷᠡᠭᠦᠯᠦᠨ ᠰᠦᠯᠵᠢᠶᠡᠨ ᠳᠤ ᠬᠤᠯᠪᠤᠭᠰᠠᠨ ᠡᠮ ᠲᠠᠩ ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠪᠠ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠦᠷ᠎ᠡ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/1/3
      ᠥᠪᠥᠷ ᠡᠮ ᠬᠤᠳᠠᠯᠳᠤᠨ ᠠᠪᠬᠤ ᠲᠥᠪ ᠦᠰᠦᠭ ﹇2021﹈ 274 ᠳ᠋ᠤᠭᠡᠷ ᠲᠣᠭᠠᠲᠤ    ᠡᠯ᠎ᠡ ᠬᠠᠮᠢᠶ᠎ᠠ ᠪᠥᠬᠦᠶ ᠨᠢᠭᠡᠴᠡ᠄      ︽ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ ᠲᠠᠩ ᠤᠨ ᠭᠠᠷᠴᠠᠭ ︵2021 ᠣᠨ︶ ᠢ ᠬᠡᠷᠡᠭᠵᠢᠭᠦᠯᠬᠦ ᠲᠤᠬᠠᠶ ᠮᠡᠳᠡᠭᠳᠡᠯ︾ ︵ᠥᠪᠥᠷ  ᠡᠮᠴᠢᠯᠡᠭᠡ ᠪᠠᠳᠤᠯᠠᠭ᠎ᠠ ᠲᠠᠷᠬᠠᠭᠠᠭᠰᠠᠨ ﹇2021﹈ 25 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠠᠴᠠ 2021 ᠣᠨ ᠤ ᠤᠯᠤᠰ ᠤᠨ ᠬᠡᠯᠡᠯᠴᠡᠭᠡ ᠬᠢᠭᠰᠡᠨ ᠰᠦᠯᠵᠢᠶᠡᠨ ᠳᠤ ᠬᠤᠯᠪᠤᠭᠰᠠᠨ ᠡᠮ ᠲᠠᠩ ᠢ ᠲᠥᠪᠯᠡᠷᠡᠭᠦᠯᠦᠨ ᠨᠥᠬᠦᠪᠥᠷᠢᠯᠡᠵᠦ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ ᠠᠵᠢᠯ ᠢ ᠪᠡᠶᠡᠯᠡᠭᠦᠯᠪᠡ᠂ ᠡᠳᠦᠭᠡ ᠦᠷ᠎ᠡ ᠳ᠋ᠦᠩ ᠢ ᠨᠡᠶᠢᠲᠡᠯᠡᠬᠦ ᠶᠢᠨ ᠬᠠᠮᠲᠤ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠪᠠᠶᠢᠴᠠᠭᠠᠨ ᠦᠵᠡᠬᠦ ᠠᠷᠭ᠎ᠠ ᠬᠡᠯᠪᠡᠷᠢ      ︵ᠨᠢᠭᠡ︶ ᠠᠵᠤ ᠠᠬᠤᠶᠢᠯᠠᠯ ᠠᠴᠠ ᠰᠦᠯᠵᠢᠶᠡᠨ ᠳᠤ ᠰᠢᠨ᠎ᠡ ᠪᠠᠷ ᠬᠤᠯᠪᠤᠭᠰᠠᠨ ᠡᠮ ᠲᠠᠩ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ︽ᠪᠠᠯᠠ ᠮᠥᠩᠭᠦ ᠶᠢᠨ ᠬᠢᠨᠠᠨ ᠬᠠᠷᠭᠤᠭᠤᠯᠤᠯᠲᠠ ᠶᠢᠨ ᠰᠢᠰᠲ᠋ᠧᠮ︾ — ︽ᠬᠡᠯᠡᠯᠴᠡᠭᠡ ᠬᠢᠭᠰᠡᠨ ᠡᠮ ᠲᠠᠩ ᠢ ᠭᠤᠶᠤᠴᠢᠯᠠᠨ ᠮᠡᠳᠡᠭᠦᠯᠬᠦ  ᠤᠷᠤᠴᠠ︾ ᠪᠠᠷ ᠣᠷᠣᠵᠤ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠦᠵᠡᠨ᠎ᠡ᠃      ︵ᠬᠤᠶᠠᠷ︶ ᠨᠢᠭᠡᠨᠲᠡ ᠰᠦᠯᠵᠢᠶᠡᠨ ᠳᠤ ᠬᠤᠯᠪᠤᠭᠰᠠᠨ ᠡᠮ ᠲᠠᠩ ᠢ ᠪᠣᠯ᠂ ᠠᠵᠤ ᠠᠬᠤᠶᠢᠯᠠᠯ ᠠᠴᠠ ︽ᠠᠷᠠᠯᠵᠢᠶᠠᠨ ᠤ ᠰᠢᠰᠲ᠋ᠧᠮ︾ — ︽ᠰᠦᠯᠵᠢᠶᠡᠨ ᠳᠤ ᠬᠤᠯᠪᠤᠭᠰᠠᠨ ᠡᠮ ᠲᠠᠩ ᠤᠨ ᠬᠦᠰᠦᠨᠦᠭᠲᠦ︾ ᠳᠤ ᠲᠡᠮᠳᠡᠭᠯᠡᠨ ᠲᠥᠷᠥᠯ ᠬᠤᠪᠢᠶᠠᠨ ᠬᠤᠳᠠᠯᠳᠤᠨ ᠠᠪᠬᠤ ᠠᠷᠭ᠎ᠠ ᠮᠠᠶ᠋ᠢᠭ ᠵᠢᠴᠢ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠦᠷ᠎ᠡ ᠳ᠋ᠦᠩ ᠢ ᠪᠠᠶᠢᠴᠠᠭᠠᠨ ᠦᠵᠡᠨ᠎ᠡ᠃      ᠬᠤᠶᠠᠷ᠂ ᠭᠦᠢᠴᠡᠳᠬᠡᠭᠰᠡᠨ ᠴᠠᠭ      ᠦᠷ᠎ᠡ ᠳ᠋ᠦᠩ ᠢ ᠨᠡᠶᠢᠲᠡᠯᠡᠭᠰᠡᠨ ᠤ ᠳᠠᠷᠠᠭ᠎ᠠ᠂ ᠬᠢᠨᠠᠨ ᠬᠠᠷᠭᠤᠭᠤᠯᠵᠤ ᠪᠠᠲᠤᠯᠠᠭᠰᠠᠨ ᠡᠮ ᠲᠠᠩ ᠢ ᠡᠮ ᠲᠠᠩ ᠬᠤᠳᠠᠯᠳᠤᠨ ᠠᠪᠬᠤ ᠰᠢᠰᠲ᠋ᠧᠮ ᠳᠤ ᠣᠷᠣᠭᠤᠯᠤᠨ᠎ᠠ᠃ 2022 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠤᠯᠤᠰ ᠤᠨ ᠬᠡᠯᠡᠯᠴᠡᠭᠡ ᠶᠢᠨ ᠦᠷ᠎ᠡ ᠳ᠋ᠦᠩ ᠢ ᠵᠢᠩᠬᠢᠨᠢ ᠪᠠᠷ ᠬᠡᠷᠡᠭᠵᠢᠭᠦᠯᠦᠨ᠎ᠡ᠂ ᠡᠯ᠎ᠡ ᠨᠢᠭᠡᠴᠡ ᠨᠦᠭᠦᠳ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠤᠳᠠᠯᠳᠤᠨ ᠠᠪᠬᠤ ᠪᠠ ᠳᠣᠭᠢᠷᠠᠭᠤᠯᠤᠨ ᠬᠦᠷᠭᠡᠬᠦ ᠠᠵᠢᠯ ᠢ ᠥᠷᠨᠢᠭᠦᠯᠵᠦ ᠂ ᠡᠮᠴᠢᠯᠡᠭᠡᠨ ᠤ ᠬᠡᠷᠡᠭᠯᠡᠭᠡᠨ ᠤ ᠬᠡᠷᠡᠭᠴᠡᠭᠡ ᠶᠢ ᠪᠠᠲᠤᠯᠠᠬᠤ ᠶᠢ ᠬᠦᠰᠡᠵᠦ ᠪᠠᠶᠢᠨ᠎ᠠ᠃      ᠭᠤᠷᠪᠠ᠂ ᠪᠤᠰᠤᠳ ᠵᠦᠢᠯ      ︵ᠨᠢᠭᠡ︶ ᠬᠤᠳᠠᠯᠳᠤᠨ ᠠᠪᠬᠤ ᠠᠷᠭ᠎ᠠ ᠮᠠᠶ᠋ᠢᠭ ᠨᠢ ᠤᠯᠤᠰ ᠠᠴᠠ ᠬᠡᠯᠡᠯᠴᠡᠭᠡ ᠬᠢᠭᠰᠡᠨ ᠡᠮ ᠲᠠᠩ  ᠬᠤᠳᠠᠯᠳᠤᠨ ᠠᠪᠬᠤ ᠬᠢᠵᠠᠭᠠᠷ ᠦᠨ᠎ᠡ ᠠᠴᠠ ᠥᠨᠳᠥᠷ ᠪᠢᠰᠢ ᠪᠠᠶᠢᠬᠤ ᠤᠷᠢᠲᠠᠯ ᠳᠣᠣᠷ᠎ᠠ ᠡᠮ ᠡᠮᠨᠡᠯᠭᠡ ᠶᠢᠨ ᠪᠠᠶᠢᠭᠤᠯᠤᠮᠵᠢ ᠲᠠᠢ ᠵᠥᠪᠯᠡᠭᠰᠡᠨ ᠦᠨ᠎ᠡ ᠪᠠᠷ ᠬᠤᠳᠠᠯᠳᠤᠨ ᠠᠪᠤᠨ᠎ᠠ᠂ ᠦᠨ᠎ᠡ ᠵᠥᠪᠯᠡᠭᠰᠡᠨ ᠦᠭᠡᠢ ᠦᠶ᠎ᠡ ᠳᠤ᠂ ᠬᠤᠳᠠᠯᠳᠤᠨ ᠠᠪᠬᠤ ᠦᠨ᠎ᠡ ᠶᠢ ᠬᠤᠳᠠᠯᠳᠤᠨ ᠠᠪᠬᠤ ᠬᠢᠵᠠᠭᠠᠷ ᠦᠨ᠎ᠡ ᠶᠢᠨ ᠠᠩᠬᠠᠨ ᠤ ᠦᠨ᠎ᠡ ᠶᠢ ᠮᠡᠳᠡᠷᠡᠨ᠎ᠡ᠃      ︵ᠬᠤᠶᠠᠷ︶ ᠬᠡᠯᠡᠯᠴᠡᠭᠡᠷ ᠤᠨ ᠬᠤᠭᠤᠴᠠᠭ᠎ᠠ ᠨᠢ ᠳᠦᠭᠦᠷᠦᠭᠰᠡᠨ ᠬᠡᠯᠡᠯᠴᠡᠭᠡ ᠬᠢᠬᠦ ᠡᠮ ᠲᠠᠩ ᠢ ᠬᠤᠳᠠᠯᠳᠤᠨ ᠠᠪᠬᠤ ᠠᠷᠭ᠎ᠠ ᠮᠠᠶ᠋ᠢᠭ ᠢ ᠳᠣᠭᠢᠷᠠᠭᠤᠯᠤᠭᠠᠳ ᠦᠨ᠎ᠡ ᠬᠠᠩᠰᠢ ᠶᠢ ᠬᠢᠵᠠᠭᠠᠷᠯᠠᠨ ᠰᠦᠯᠵᠢᠶᠡᠨ ᠳᠤ ᠬᠤᠯᠪᠣᠬᠤ ᠪᠣᠯᠭᠠᠵᠤ ᠂ ᠬᠤᠳᠠᠯᠳᠤᠨ ᠠᠪᠬᠤ ᠬᠢᠵᠠᠭᠠᠷᠲᠤ ᠦᠨ᠎ᠡ ᠶᠢ ᠮᠠᠨ ᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠤᠭ ᠤᠨ ᠳᠣᠤᠷ᠎ᠠ ᠠᠷᠠᠯᠵᠢᠶᠠᠨ ᠤ ᠦᠨ᠎ᠡ ᠪᠣᠯᠭᠠᠨ᠎ᠠ᠃      ︵ᠭᠤᠷᠪᠠ︶ ᠬᠡᠷᠪᠡ ᠠᠵᠤ ᠠᠬᠤᠶᠢᠯᠠᠯ ᠤᠳ ᠬᠢᠨᠠᠨ ᠬᠠᠷᠭᠤᠭᠤᠯᠤᠭᠰᠠᠨ ᠦᠷ᠎ᠡ ᠳ᠋ᠦᠩ ᠪᠠ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠦᠷ᠎ᠡ ᠳ᠋ᠦᠩ ᠳᠤ ᠣᠨᠳᠣᠤ ᠰᠠᠨᠠᠯ ᠲᠠᠢ ᠪᠠᠶᠢᠪᠠᠯ᠂ ︽ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ  ﹇2021﹈ 161 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠭᠤᠮᠣᠳᠠᠯ ᠲᠣᠭᠠᠴᠢᠭᠰᠠᠨ ᠮᠠᠲ᠋ᠧᠷᠢᠶᠠᠯ ᠢᠶᠠᠨ ᠲᠤᠰᠢᠶᠠᠨ᠎ᠠ᠃      ᠬᠠᠷᠢᠯᠴᠠᠬᠤ ᠠᠷᠭ᠎ᠠ᠄ 0471—4904007  ᠵᠠᠩ ᠪᠠᠭᠰᠢ          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 12 ᠳ᠋ᠤᠭᠠᠷ ᠰᠠᠷ᠎ᠠ ᠶᠢᠨ 31 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号