ᠰᠦᠯᠵᠢᠶᠡᠨ ᠳᠤ ᠬᠤᠯᠪᠤᠭᠰᠠᠨ ᠡᠮ ᠲᠠᠩ ᠤᠨ ᠦᠨ᠎ᠡ ᠬᠠᠩᠰᠢ ᠶᠢᠨ ᠬᠤᠯᠪᠣᠯᠳᠤᠨ ᠬᠥᠳᠡᠯᠦᠯᠴᠡᠭᠰᠡᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/1/3
      ᠥᠪᠥᠷ ᠡᠮ  ᠬᠤᠳᠠᠯᠳᠤᠨ ᠠᠪᠬᠤ ᠲᠥᠪ ᠦᠰᠦᠭ ﹇2021﹈ 273 ᠳ᠋ᠤᠭᠠᠷ ᠲᠣᠭᠠᠲᠤ    ᠡᠯ᠎ᠡ ᠬᠠᠮᠢᠶ᠎ᠠ ᠪᠥᠬᠦᠶ ᠨᠢᠭᠡᠴᠡ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠬᠤᠯᠪᠤᠭᠰᠠᠨ ᠡᠮ ᠲᠠᠩ ᠤᠨ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2021﹈ 123 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠰᠦᠯᠵᠢᠶᠡᠨ ᠳᠤ  ᠬᠤᠯᠪᠤᠭᠰᠠᠨ ᠡᠮ ᠲᠠᠩ ᠤᠨ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠬᠦ ᠠᠵᠢᠯ ᠢ ᠰᠠᠷ᠎ᠠ ᠰᠠᠷ᠎ᠠ ᠪᠠᠷ ᠥᠷᠨᠢᠭᠦᠯᠵᠦ᠂ ᠡᠳᠦᠭᠡ ᠦᠨ᠎ᠡ ᠬᠠᠩᠰᠢ ᠶᠢᠨ ᠬᠤᠯᠪᠣᠭᠠᠯᠠᠨ ᠬᠥᠳᠡᠯᠦᠯᠴᠡᠭᠰᠡᠨ ᠦᠷ᠎ᠡ ᠳ᠋ᠦᠩ ᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠢᠯᠡ ᠨᠡᠶᠢᠲᠡᠯᠡᠬᠦ ᠠᠭᠤᠯᠭ᠎ᠠ      ᠦᠨ᠎ᠡ ᠶᠢ ᠨᠢ ᠬᠢᠵᠠᠭᠠᠷᠯᠠᠨ ᠰᠦᠯᠵᠢᠶᠡᠨ ᠳᠤ ᠬᠤᠯᠪᠤᠭᠰᠠᠨ ᠡᠮ ᠲᠠᠩ ᠤᠨ ᠬᠤᠳᠠᠯᠳᠤᠨ ᠠᠪᠬᠤ ᠦᠨ᠎ᠡ ᠶᠢ ᠬᠢᠵᠠᠭᠠᠷᠯᠠᠬᠤ ᠪᠠ ᠰᠢᠭᠤᠳ ᠰᠦᠯᠵᠢᠶᠡᠨ ᠳᠤ ᠬᠤᠯᠪᠤᠭᠰᠠᠨ ᠡᠮ ᠲᠠᠩ ᠤᠨ ᠯᠠᠪᠯᠠᠯᠲᠠ ᠶᠢᠨ ᠦᠨ᠎ᠡ ︵ᠪᠦᠷᠢᠳᠬᠡᠭᠰᠡᠨ ᠴᠠᠭ ᠨᠢ 2021 ᠣᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ 12  ᠳ᠋ᠤᠭᠠᠷ ᠰᠠᠷ᠎ᠠ ᠶᠢᠨ 15 ᠤ ᠡᠳᠦᠷ ᠪᠤᠯᠳᠠᠯ᠎ᠠ︶        ᠬᠤᠶᠠᠷ᠂ ᠢᠯᠡ ᠨᠡᠶᠢᠲᠡᠯᠡᠬᠦ ᠴᠠᠭ      2021 ᠣᠨ ᠤ 12 ᠳ᠋ᠤᠭᠠᠷ ᠰᠠᠷ᠎ᠠ ᠶᠢᠨ 31 ᠤ ᠡᠳᠦᠷ — 2022 ᠣᠨ ᠤ 1 ᠳ᠋ᠤᠭᠡᠷ ᠰᠠᠷ᠎ᠠ ᠶᠢᠨ 6 ᠤ ᠡᠳᠦᠷ ᠪᠤᠯᠳᠠᠯ᠎ᠠ      ᠭᠤᠷᠪᠠ᠂ ᠦᠷ᠎ᠡ ᠳ᠋ᠦᠩ ᠢ ᠪᠠᠶᠢᠴᠠᠭᠠᠨ ᠯᠠᠪᠯᠠᠬᠤ      ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠤᠳ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠢ ᠲᠥᠪᠯᠡᠷᠡᠭᠦᠯᠦᠨ ᠬᠤᠳᠠᠯᠳᠤᠨ ᠠᠪᠬᠤ ᠰᠢᠰᠲ᠋ᠧᠮ︾ — ︽ᠰᠠᠭᠤᠷᠢ ᠳ᠋ᠠᠶᠢᠲ᠋ᠠ ᠬᠥᠮᠥᠷᠭᠡ︾ — ︽ᠲᠣᠬᠢᠷᠠᠭᠤᠯᠤᠯᠲᠠ ᠬᠢᠭᠰᠡᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠬᠦᠰᠦᠨᠦᠭᠲᠦ︾ ᠳᠤ ᠣᠷᠣᠵᠤ ᠲᠣᠬᠢᠷᠠᠭᠤᠯᠤᠯᠲᠠ ᠬᠢᠭᠰᠡᠨ ᠦᠷ᠎ᠡ ᠳ᠋ᠦᠩ ᠢ ᠪᠠᠶᠢᠴᠠᠭᠠᠨ ᠦᠵᠡᠵᠦ ᠪᠤᠯᠤᠨ᠎ᠠ᠃      ᠲᠦᠷᠪᠡ᠂ ᠭᠤᠮᠣᠳᠠᠯ ︵ᠵᠠᠭᠠᠯᠳᠤᠯᠭ᠎ᠠ︶ ᠰᠢᠢᠳᠪᠦᠷᠢᠯᠡᠬᠦ      ᠠᠵᠤ ᠠᠬᠤᠶᠢᠯᠠᠯ ᠬᠡᠷᠪᠡ ᠵᠠᠷᠯᠠᠨ ᠨᠡᠶᠢᠲᠡᠯᠡᠭᠰᠡᠨ ᠡᠮ ᠲᠠᠩ ᠤᠨ ᠬᠢᠵᠠᠭᠠᠷᠲᠤ ᠦᠨ᠎ᠡ ᠪᠠ ᠯᠠᠪᠯᠠᠯᠲᠠ ᠶᠢᠨ ᠦᠨ᠎ᠡ ᠳᠤ ᠣᠨᠳᠣᠣ ᠰᠠᠨᠠᠯ ᠲᠠᠢ ᠪᠠᠶᠢᠪᠠᠯ᠂ ︽ᠬᠡᠨ ᠵᠣᠷᠢᠪᠠᠯ ᠲᠡᠷᠡ ᠭᠡᠷᠡᠴᠢ ᠳᠤᠷᠠᠳᠬᠤ︾ ᠵᠠᠷᠴᠢᠮ ᠤᠨ ᠶᠣᠰᠣᠭᠠᠷ ᠂ ᠦᠨᠡᠨ ᠪᠣᠳᠠᠲᠠᠶ᠂ ᠬᠦᠴᠦᠨ ᠲᠠᠢ᠂ ᠪᠦᠷᠢᠨ ᠭᠦᠢᠴᠡᠳ ᠭᠡᠷᠡᠴᠢᠯᠡᠬᠦ ᠮᠠᠲ᠋ᠧᠷᠢᠶᠠᠯ ᠢ ᠬᠠᠩᠭᠠᠭᠠᠨ᠎ᠠ᠂ ᠬᠤᠭᠤᠴᠠᠭ᠎ᠠ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠲᠤᠰᠢᠶᠠᠭᠰᠠᠨ ᠦᠭᠡᠢ ᠪᠠᠶᠢᠪᠠᠯ ᠬᠦᠯᠢᠶᠡᠨ ᠠᠪᠴᠤ ᠰᠢᠢᠳᠪᠦᠷᠢᠯᠡᠬᠦ ᠦᠭᠡᠢ᠃      ︵ᠨᠢᠭᠡ︶ ᠮᠠᠲ᠋ᠧᠷᠢᠶᠠᠯ ᠢᠶᠠᠨ ᠭᠠᠷᠳᠠᠭᠤᠯᠤᠨ ᠲᠤᠰᠢᠶᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾᠂ ︽ᠬᠠᠤᠯᠢ ᠶᠢᠨ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠭᠰᠠᠨ ᠪᠢᠴᠢᠭ︾᠂ ︽ᠪᠠᠶᠢᠳᠠᠯ ᠤᠨ ᠲᠣᠳᠣᠷᠬᠠᠶᠢᠯᠠᠯᠲᠠ︾ ᠪᠣᠯᠤᠨ ᠬᠠᠮᠢᠶ᠎ᠠ ᠪᠥᠬᠦᠶ ᠲᠣᠳᠣᠷᠬᠠᠶ ᠪᠥᠭᠡᠳ ᠬᠦᠴᠦᠨ ᠲᠠᠢ ᠭᠡᠷᠡᠴᠢ ᠮᠠᠲ᠋ᠧᠷᠢᠶᠠᠯ ᠢ ᠬᠠᠩᠭᠠᠨ᠎ᠠ᠃      ︵ᠬᠤᠶᠠᠷ︶ ᠭᠠᠷᠳᠠᠭᠤᠯᠬᠤ ᠠᠷᠭ᠎ᠠ ᠮᠠᠶ᠋ᠢᠭ᠃ ︽ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠰᠢᠰᠲ᠋ᠧᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠬᠤ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ  ﹇2021﹈ 161 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠳ ︽ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠤᠨ ᠭᠦᠢᠴᠡᠳᠭᠡᠬᠦ ᠰᠢᠰᠲ᠋ᠧᠮ︾ — ︽ᠲᠤᠰᠬᠠᠶ  ᠵᠦᠢᠯ ᠤᠨ ᠲᠤᠬᠠᠶᠢᠯᠠᠭᠰᠠᠨ ᠠᠵᠢᠯ ᠤᠨ ᠬᠡᠰᠡᠭ︾ — ︽ᠰᠦᠯᠵᠢᠶᠡᠨ ᠳᠤ ᠬᠤᠯᠪᠤᠭᠰᠠᠨ ᠡᠮ ᠲᠠᠩ ᠤᠨ ᠦᠨ᠎ᠡ ᠬᠠᠩᠰᠢ ᠶᠢᠨ  ᠬᠤᠯᠪᠤᠭᠠᠯᠠᠨ ᠬᠦᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶ᠋ᠢᠭ ᠤᠨ ᠲᠣᠬᠢᠷᠠᠭᠤᠯᠤᠯᠲᠠ ᠶᠢᠨ ᠢᠯᠡ ᠨᠡᠶᠢᠲᠡᠯᠡᠬᠦ ᠵᠦᠢᠯᠡᠰ︾ ᠳᠤ ᠭᠠᠷᠴᠤ᠂ PDF ᠶᠢᠨ ᠬᠡᠯᠪᠡᠷᠢ ᠪᠠᠷ ᠵᠠᠭᠠᠯᠳᠤᠯᠭ᠎ᠠ ᠶᠢᠨ ᠮᠠᠲ᠋ᠧᠷᠢᠶᠠᠯ ᠢ ᠳᠡᠭᠡᠭᠰᠢ ᠮᠡᠳᠡᠭᠦᠯᠵᠦ᠂ ᠣᠯᠠᠨ ᠵᠦᠢᠯ ᠤᠨ ᠠᠭᠤᠯᠭ᠎ᠠ ᠶᠢ ᠨᠢᠭᠡᠨ PDF ᠪᠢᠴᠢᠭ ᠮᠠᠲ᠋ᠧᠷᠢᠶᠠᠯ ᠪᠣᠯᠭᠠᠨ ᠳᠡᠭᠡᠭᠰᠢ ᠳᠠᠮᠵᠢᠭᠤᠯᠬᠤ ᠴᠢᠬᠤᠯᠠᠲᠠᠶ᠃      ᠲᠠᠪᠤ᠂ ᠪᠤᠰᠤᠳ ᠵᠦᠢᠯ      ︵ᠨᠢᠭᠡ︶ ᠠᠵᠤ ᠠᠬᠤᠶᠢᠯᠠᠯ ᠤᠨ ᠢᠲᠡᠭᠡᠮᠵᠢ ᠶᠢᠨ ᠲᠠᠰ ᠦᠨᠡᠯᠡᠯᠲᠡ ᠳᠤ ᠬᠤᠯᠪᠣᠭᠳᠠᠬᠤ ᠡᠮ ᠲᠠᠩ ᠳᠤ ᠢᠲᠡᠭᠡᠮᠵᠢ ᠶᠢᠨ ᠲᠠᠰ ᠦᠨᠡᠯᠡᠯᠲᠡ ᠶᠢᠨ ᠦᠷ᠎ᠡ ᠳ᠋ᠦᠩ ᠤᠨ ᠶᠣᠰᠣᠭᠠᠷ ᠬᠡᠷᠡᠭᠵᠢᠭᠦᠯᠦᠨ᠎ᠡ᠃      ︵ᠬᠤᠶᠠᠷ︶ ᠰᠢᠰᠲ᠋ᠧᠮ ᠤᠨ ᠳᠣᠲᠣᠷᠠᠬᠢ ᠮᠡᠳᠡᠭᠡ ᠵᠠᠩᠭᠢ ᠶᠢᠨ ᠬᠤᠪᠢᠷᠠᠯᠲᠠ ᠶᠢ ᠰᠢᠰᠲ᠋ᠧᠮ ᠳᠠᠬᠢ ᠢᠯᠡᠷᠡᠯ ᠢᠶᠠᠷ ᠪᠠᠷᠢᠮᠵᠢᠶ᠎ᠠ ᠪᠣᠯᠭᠠᠨ᠎ᠠ᠃      ︵ᠭᠤᠷᠪᠠ︶ 2022 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠰᠢᠨᠡᠳᠬᠡᠬᠦ ᠦᠨ᠎ᠡ ᠬᠠᠩᠰᠢ ᠶᠢᠨ ᠮᠡᠳᠡᠭᠡ ᠵᠠᠩᠭᠢ ᠶᠢ ᠰᠠᠷ᠎ᠠ ᠪᠦᠷᠢ ᠰᠢᠰᠲ᠋ᠧᠮ ᠳᠤ ᠨᠡᠶᠢᠲᠡᠯᠡᠵᠦ᠂ ᠰᠠᠷ᠎ᠠ ᠪᠦᠷᠢ ᠶᠢᠨ 15 ᠤ ᠡᠳᠦᠷ ︵15 ᠤ ᠡᠳᠦᠷ ᠢ ᠪᠠᠭᠲᠠᠭᠠᠨ᠎ᠠ︶ ᠠᠴᠠ ᠡᠮᠦᠨ᠎ᠡ ᠮᠡᠳᠡᠭᠦᠯᠪᠡᠯ᠂ ᠲᠣᠰ ᠰᠠᠷ᠎ᠠ ᠶᠢᠨ 20 ᠤ ᠡᠳᠦᠷ ᠠᠴᠠ 27 ᠤ ᠡᠳᠦᠷ ᠪᠣᠯᠲᠠᠯ᠎ᠠ ᠨᠡᠶᠢᠲᠡᠯᠡᠨ᠎ᠡ ︵ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠲᠣᠬᠢᠶᠠᠯᠳᠤᠪᠠᠯ ᠬᠤᠶᠢᠰᠢᠯᠠᠭᠤᠯᠵᠦ ᠪᠤᠯᠤᠨ᠎ᠠ︶᠃      ︵ᠳᠥᠷᠪᠡ︶ ᠬᠠᠷᠢᠯᠴᠠᠬᠤ ᠠᠷᠭ᠎ᠠ ᠮᠠᠶ᠋ᠢᠭ᠄      0471— 4919735 ︵ᠮᠠᠲ᠋ᠧᠷᠢᠶᠠᠯ ᠢ ᠭᠥᠯᠢᠶᠡᠨ ᠠᠪᠴᠤ  ᠰᠢᠢᠳᠪᠦᠷᠢᠯᠡᠬᠦ︶      0471-4904995 ︵ᠲᠤᠬᠠᠶᠢᠯᠠᠭᠰᠠᠨ ᠠᠵᠢᠯ ᠤᠨ ᠯᠠᠪᠯᠠᠭ᠎ᠠ︶      ᠳᠠᠭᠠᠯᠳᠤᠭᠤᠯᠤᠯ᠄      1᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠲᠠᠩ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠡᠯᠬᠦ ᠬᠦᠰᠦᠨᠦᠭᠲᠦ      2᠂ ᠬᠠᠤᠯᠢ ᠶᠢᠨ ᠡᠷᠬᠡᠳᠡᠨ ᠤ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ          ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ      2021 ᠣᠨ ᠤ 12 ᠳ᠋ᠤᠭᠠᠷ ᠰᠠᠷ᠎ᠠ ᠶᠢᠨ 31 ᠤ ᠡᠳᠦᠷ
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠣᠯᠠᠭ᠎ᠠ ᠶᠢᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号