ᠬᠤᠯᠪᠣᠭᠳᠠᠯ ᠪᠦᠬᠦᠢ ᠠᠵᠤ ᠠᠬᠤᠶᠢᠯᠠᠯ ᠳᠤ᠄ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ ᠰᠠᠨᠠᠯ︾᠂ ︽ | ᠤᠯᠤᠰ ᠠᠴᠠ ᠵᠣᠬᠢᠶᠠᠨ ᠪᠠᠶᠢᠭᠤᠯᠤᠭᠰᠠᠨ ᠡᠮᠴᠢᠯᠡᠭᠡᠨ ᠳᠤ ᠬᠡᠷᠡᠭᠯᠡᠬᠦ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠪᠠ ᠬᠡᠷᠡᠭᠯᠡᠬᠦ ᠲᠤᠬᠠᠶ ᠤᠯᠤᠰ ᠤᠨ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 8 ᠰᠠᠯᠠᠭ᠎ᠠ | ᠮᠥᠴᠢᠷ ᠤᠨ ᠵᠢᠯᠣᠭᠤᠳᠬᠤ ᠰᠠᠨᠠᠯ︾ ︵ᠡᠮᠴᠢᠯᠡᠭᠡᠨ ᠤ ᠪᠠᠲᠤᠯᠠᠭ᠎ᠠ ᠲᠠᠷᠬᠠᠭᠠᠭᠰᠠᠨ ﹇2021﹈ 31 ᠳ᠋ᠦ᠋ᠭᠡᠷ | ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠡᠮᠴᠢᠯᠡᠭᠡᠨ ᠳᠤ ᠬᠡᠷᠡᠭᠯᠡᠬᠦ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ | ᠬᠤᠳᠠᠯᠳᠤᠨ ᠠᠪᠬᠤ ᠥᠭᠡᠷᠡᠴᠢᠯᠡᠯᠲᠡ ᠶᠢ ᠭᠦᠨᠵᠡᠭᠡᠶ ᠠᠬᠢᠭᠤᠯᠬᠤ ᠶᠢᠨ ᠲᠥᠯᠦᠭᠡ᠂ ᠹᠦᠵᠢᠶᠠᠨ᠂ ᠾᠧᠪᠧᠢ᠂ ᠱᠠᠨ | ᠰᠢ᠂ ᠥᠪᠥᠷ ᠮᠣᠩᠭᠤᠯ᠂ ᠯᠢᠶᠣᠤᠨᠢᠩ᠂ ᠬᠢᠷᠢᠨ᠂ ᠬᠠᠷᠠᠮᠦ᠋ᠷᠡᠨ᠂ ᠵᠧᠵᠢᠶᠠᠩ᠂ ᠬᠤᠪᠸᠢ᠂ ᠭᠤᠸᠠᠩᠳᠦ᠋ᠩ᠂ | ᠭᠦᠢᠵᠧᠦ᠂ ᠲᠥᠪᠡᠳ᠂ ᠱᠠᠨᠰᠢ᠂ ᠭᠠᠨᠰᠦ᠂ ᠨᠢᠩᠰᠢᠶᠠ ᠵᠡᠷᠭᠡ ᠮᠤᠵᠢ ︵ᠣᠷᠣᠨ᠂ ᠬᠤᠲᠠ︶ ᠬᠤᠳᠠᠯᠳᠤᠨ ᠠᠪᠬᠤ | ᠬᠤᠯᠪᠣᠭ᠎ᠠ ᠪᠠᠶᠢᠭᠤᠯᠵᠤ᠂ ᠡᠯ᠎ᠡ ᠭᠠᠵᠠᠷ ᠣᠷᠣᠨ ᠤ ᠠᠯᠪᠠᠨ ᠠᠴᠠ ᠪᠠᠶᠢᠭᠤᠯᠤᠭᠰᠠᠨ ᠡᠮ ᠡᠮᠨᠡᠯᠭᠡ ᠶᠢᠨ ᠪᠠᠶᠢᠭᠤᠯᠤᠮᠵᠢ | ︵ᠴᠡᠷᠢᠭ ᠠᠩᠭᠢ ᠶᠢᠨ ᠡᠮ ᠡᠮᠨᠡᠯᠭᠡ ᠶᠢᠨ ᠪᠠᠶᠢᠭᠤᠯᠤᠮᠵᠢ ᠶᠢ ᠪᠠᠭᠲᠠᠭᠠᠨ᠎ᠠ︶ ᠵᠢᠴᠢ ᠰᠠᠶᠢᠨ ᠳᠤᠷ᠎ᠠ ᠠᠴᠠ ᠪᠠᠨ | ᠣᠷᠣᠯᠴᠠᠭᠰᠠᠨ ᠡᠮᠴᠢᠯᠡᠭᠡᠨ ᠤ ᠪᠠᠲᠤᠯᠠᠭ᠎ᠠ ᠶᠢᠨ ᠴᠡᠭ ᠲᠣᠭᠲᠠᠭᠠᠭᠰᠠᠨ ᠨᠡᠶᠢᠭᠡᠮ ᠤᠨ ᠡᠷᠭᠢᠯᠡᠭᠰᠡᠨ ᠡᠮ ᠡᠮᠨᠡᠯᠭᠡ ᠶᠢᠨ | ᠪᠠᠶᠢᠭᠤᠯᠤᠮᠵᠢ ᠵᠡᠷᠭᠡ ᠶᠢ ᠲᠥᠯᠥᠭᠡᠯᠡᠨ ᠬᠥᠨᠳᠡᠶ ᠶᠢᠨ ᠳᠤᠷᠠᠨ ᠤ ᠣᠭᠲᠣᠯᠵᠤ ᠬᠠᠭᠠᠯᠬᠤ / ᠣᠶᠣᠵᠤ ᠨᠡᠶᠢᠯᠡᠭᠦᠯᠬᠦ | ᠪᠠᠭᠠᠵᠢ ᠶᠢᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠮᠤᠵᠢ ᠶᠢᠨ ᠬᠤᠭᠤᠷᠣᠨᠳᠣᠬᠢ | ᠬᠤᠯᠪᠣᠭ᠎ᠠ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠤᠨ᠎ᠠ᠃ ᠬᠥᠨᠳᠡᠶ ᠶᠢᠨ ᠳᠤᠷᠠᠨ ᠤ ᠣᠶᠣᠵᠤ ᠨᠡᠶᠢᠯᠡᠭᠦᠯᠬᠦ | ᠪᠠᠭᠠᠵᠢ ᠶᠢᠨ ᠮᠤᠵᠢ ᠶᠢᠨ ᠬᠤᠭᠤᠷᠣᠨᠳᠣᠬᠢ ᠬᠤᠯᠪᠣᠭ᠎ᠠ ᠶᠢᠨ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ | ᠠᠵᠢᠯ ᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠹᠦᠵᠢᠶᠠᠨ ᠮᠤᠵᠢ ᠶᠢᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠳᠤ ᠲᠣᠬᠢᠷᠠᠭᠤᠯᠵᠤ᠂ ᠡᠳᠦᠷ ᠲᠤᠲᠤᠮ ᠤᠨ ᠠᠵᠢᠯ ᠪᠠ ᠪᠣᠳᠠᠲᠠᠶ ᠬᠡᠷᠡᠭᠵᠢᠭᠦᠯᠬᠦ ᠶᠢ ᠹᠦᠵᠢᠶᠠᠨ | ᠮᠤᠵᠢ ᠶᠢᠨ ᠡᠮ ᠤᠨ ᠵᠦᠢᠯ ᠪᠠ ᠪᠠᠭᠠᠵᠢ ᠬᠡᠷᠡᠭᠰᠡᠯ ᠢ ᠬᠤᠯᠪᠤᠭᠠᠯᠠᠨ ᠬᠤᠳᠠᠯᠳᠤᠨ ᠠᠪᠬᠤ ᠲᠥᠪ ᠠᠴᠠ ᠡᠭᠦᠷᠭᠡᠯᠡᠨ᠎ᠡ᠃ | | ᠡᠳᠦᠭᠡ ︽ᠬᠥᠨᠳᠡᠶ ᠶᠢᠨ ᠳᠤᠷᠠᠨ ᠤ ᠣᠭᠲᠣᠯᠵᠤ ᠬᠠᠭᠠᠯᠬᠤ / ᠣᠶᠣᠵᠤ ᠨᠡᠶᠢᠯᠡᠭᠦᠯᠬᠦ ᠪᠠᠭᠠᠵᠢ ᠶᠢᠨ ᠲᠥᠷᠦᠯ ᠤᠨ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠮᠤᠵᠢ ᠶᠢᠨ ᠬᠤᠭᠤᠷᠣᠨᠳᠣᠬᠢ ᠬᠤᠯᠪᠣᠭ᠎ᠠ ᠲᠥᠪᠯᠡᠷᠡᠭᠦᠯᠦᠨ | ᠬᠡᠮᠵᠢᠶ᠎ᠡ ᠲᠠᠢ ᠬᠤᠳᠠᠯᠳᠤᠨ ᠠᠪᠬᠤ ᠪᠢᠴᠢᠭ ᠮᠠᠲ᠋ᠧᠷᠢᠶᠠᠯ ︵QJLC-2022-1︶︾ ᠢ ᠨᠡᠶᠢᠲᠡᠯᠡᠪᠡ᠂ | ᠱᠠᠭᠠᠷᠳᠠᠯᠭ᠎ᠠ ᠳᠤ ᠨᠡᠶᠢᠴᠡᠭᠰᠡᠨ ᠠᠵᠤ ᠠᠬᠤᠶᠢᠯᠠᠯ ᠤᠨ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | | ᠬᠥᠨᠳᠡᠶ ᠶᠢᠨ ᠳᠤᠷᠠᠨ ᠤ ᠣᠶᠣᠵᠤ ᠨᠡᠶᠢᠯᠡᠭᠦᠯᠬᠦ ᠪᠠᠭᠠᠵᠢ ᠶᠢᠨ ᠮᠤᠵᠢ ᠶᠢᠨ ᠬᠤᠭᠤᠷᠣᠨᠳᠣᠬᠢ ᠬᠤᠯᠪᠣᠭ᠎ᠠ ᠶᠢᠨ | ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠢ ᠤᠳᠤᠷᠢᠳᠬᠤ ᠳᠤᠭᠤᠶᠢᠯᠠᠩ ᠤᠨ ᠠᠯᠪᠠᠨ ᠭᠡᠷ | 2022 ᠣᠨ ᠤ 10 ᠰᠠᠷ᠎ᠠ ᠶᠢᠨ 14 ᠤ ᠡᠳᠦᠷ | | ᠳᠠᠭᠠᠯᠳᠤᠭᠤᠯᠤᠯ᠄ | ᠬᠥᠨᠳᠡᠶ ᠶᠢᠨ ᠳᠤᠷᠠᠨ ᠤ ᠣᠭᠲᠣᠯᠵᠤ ᠬᠠᠭᠠᠯᠬᠤ ᠣᠶᠣᠵᠤ ᠨᠡᠶᠢᠯᠡᠭᠦᠯᠬᠦ ᠪᠠᠭᠠᠵᠢ ᠶᠢᠨ ᠲᠥᠷᠦᠯ ᠤᠨ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠮᠤᠵᠢ ᠶᠢᠨ ᠬᠤᠭᠤᠷᠣᠨᠳᠣᠬᠢ ᠬᠤᠯᠪᠣᠭ᠎ᠠ ᠲᠥᠪᠯᠡᠷᠡᠭᠦᠯᠦᠨ | ᠬᠡᠮᠵᠢᠶ᠎ᠡ ᠲᠠᠢ ᠬᠤᠳᠠᠯᠳᠤᠨ ᠠᠪᠬᠤ ᠪᠢᠴᠢᠭ ᠮᠠᠲ᠋ᠧᠷᠢᠶᠠᠯ ︵QJLC-2022-1︶ . pdf | | | |