ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠢᠭᠯᠡᠭᠦᠯᠦᠨ᠂ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠳᠣᠪᠴᠢᠶᠠᠨ ᠤ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶᠠᠨ ᠤ ᠬᠥᠬᠡᠬᠤᠲᠠ ᠶᠢ ᠤᠯᠠᠮ ᠨᠢᠭᠡ ᠠᠯᠬᠤᠮ | ᠬᠠᠪᠰᠤᠷᠴᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ | ᠶᠣᠰᠣᠭᠠᠷ᠂ ᠬᠠᠮᠤᠭ ᠤᠨ ᠲᠡᠷᠢᠭᠦᠨ ᠳᠤ ᠭᠠᠵᠠᠷ ᠤᠨ ᠲᠠᠰ ᠤᠨ ᠬᠤᠶᠠᠷ ᠺᠠᠳ᠋ᠷ ᠢ ᠰᠣᠩᠭᠤᠨ ᠲᠣᠮᠢᠯᠠᠵᠤ᠂ | ᠬᠤᠯᠪᠤᠭᠠᠯᠠᠨ ᠳᠠᠭᠠᠭᠠᠴᠢᠯᠠᠭᠰᠠᠨ ᠨᠡᠶᠢᠭᠡᠮ ᠲᠣᠭᠤᠷᠢᠭ ᠤᠨ ᠢᠦᠶ ᠯᠦᠩ ᠭᠤᠳᠤᠮᠵᠢ ᠶᠢᠨ ᠰᠧ ᠯᠢ ᠶᠢᠩ ᠵᠡᠭᠦᠨ | ᠨᠡᠶᠢᠭᠡᠮ ᠲᠣᠭᠤᠷᠢᠭ ᠲᠤ ᠣᠴᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠠᠮᠵᠢᠨ | ᠥᠷᠨᠢᠭᠦᠯᠪᠡ᠃ | | | | | | ᠬᠤᠯᠪᠤᠭᠠᠯᠠᠨ ᠳᠠᠭᠠᠭᠠᠴᠢᠯᠠᠭᠰᠠᠨ ᠬᠤᠶᠠᠷ ᠺᠠᠳ᠋ᠷ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠴᠢᠩᠭᠭᠡᠯᠢᠭᠲᠦ ᠡᠮᠨᠡᠯᠭᠡ ᠠᠴᠠ ᠭᠠᠷᠤᠭᠰᠠᠨ ᠬᠥᠮᠦᠰ ᠢ ᠬᠠᠮᠢᠶᠠᠷᠬᠤ᠂ | ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠠᠷᠢᠭᠤᠳᠬᠠᠬᠤ᠂ ᠠᠮᠢᠳᠤᠷᠠᠯ ᠤᠨ ᠡᠳ᠋ ᠪᠣᠳᠠᠰ ᠢ | ᠵᠥᠭᠡᠭᠡᠪᠦᠷᠢᠯᠡᠨ ᠬᠦᠷᠭᠡᠬᠦ᠂ ᠨᠡᠶᠢᠭᠡᠮ ᠲᠣᠭᠤᠷᠢᠭ ᠤᠨ ᠡᠮᠬᠢ ᠳᠢᠭᠯᠢᠮ ᠢ ᠬᠠᠮᠠᠭᠠᠯᠠᠬᠤ᠂ ᠠᠷᠤ ᠲᠠᠯ᠎ᠠ ᠶᠢᠨ | ᠪᠠᠲᠤᠯᠠᠭᠠᠨ ᠤ ᠦᠢᠯᠡᠴᠢᠯᠡᠭᠡ᠂ ᠰᠠᠭᠤᠭᠠᠯᠢ ᠠᠷᠠᠳ ᠤᠨ ᠤᠷᠮ᠎ᠠ ᠰᠡᠳᠬᠢᠯᠭᠡ ᠶᠢ ᠬᠦᠳᠦᠯᠥᠨ ᠵᠢᠯᠣᠭᠤᠳᠬᠤ ᠵᠡᠷᠭᠡ | ᠠᠵᠢᠯ ᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠤᠯᠠᠨ ᠲᠦᠮᠡᠨ ᠢ ᠬᠥᠮᠦᠵᠢᠭᠦᠯᠦᠨ ᠬᠦᠳᠦᠯᠥᠨ ᠳᠠᠭᠠᠭᠤᠯᠵᠤ | ᠥᠪᠡᠷ ᠢ ᠪᠠᠨ ᠬᠠᠮᠠᠭᠠᠯᠠᠬᠤ ᠪᠠ ᠡᠷᠡᠭᠦᠯ ᠮᠡᠨᠳᠤ ᠶᠢᠨ ᠬᠠᠮᠢᠶᠠᠷᠤᠯᠲᠠ ᠶᠢ ᠰᠠᠶᠢᠲᠤᠷ ᠬᠢᠯᠭᠡᠵᠦ᠂ ᠡᠳᠦᠷ ᠪᠦᠷᠢ | ᠥᠷᠯᠥᠭᠡ ᠡᠷᠲᠡ ᠠᠴᠠ ᠰᠥᠨᠢ ᠳᠤᠮᠳᠠ ᠥᠩᠭᠡᠷᠡᠲᠡᠯ᠎ᠡ ᠶᠠᠭᠠᠷᠠᠯᠳᠤᠵᠤ᠂ ᠬᠠᠮᠤᠭ ᠤᠨ ᠡᠷᠡᠰ ᠰᠢᠭᠤᠷᠬᠠᠢ᠂ | ᠬᠠᠮᠤᠭ ᠤᠨ ᠬᠦᠴᠦᠲᠡᠢ᠂ ᠬᠠᠮᠤᠭ ᠤᠨ ᠪᠦᠲᠦᠮᠵᠢᠲᠡᠢ ᠠᠷᠭ᠎ᠠ ᠬᠡᠮᠵᠢᠶ᠎ᠡ ᠪᠠᠷ ᠬᠤᠰᠢᠭᠤᠴᠢᠯᠠᠨ ᠭᠠᠪᠰᠢᠭᠠᠶᠢᠯᠠᠵᠤ᠂ | ᠬᠠᠮᠢᠭ᠎ᠠ ᠠᠶᠤᠯ ᠲᠦᠭᠰᠢᠭᠦᠷᠢ ᠲᠠᠢ ᠪᠣᠯ ᠲᠡᠨᠳᠡ ᠲᠡᠳᠡᠨ ᠤ ᠲᠠᠶᠢᠴᠢᠨ ᠵᠢᠭᠰᠠᠭᠠᠯ ᠤᠨ ᠭᠠᠵᠠᠷ ᠪᠠᠶᠢᠵᠤ︔ ᠬᠠᠮᠢᠭ᠎ᠠ | ᠬᠡᠷᠡᠭᠴᠡᠭᠡ ᠲᠠᠢ ᠪᠣᠯ ᠲᠡᠨᠳᠡ ᠲᠡᠳᠡᠨ ᠤ ᠶᠠᠭᠠᠷᠠᠵᠤ ᠪᠠᠶᠢᠭ᠎ᠠ ᠪᠠᠷ᠎ᠠ ᠬᠠᠷᠠᠭᠳᠠᠵᠤ᠂ ᠨᠠᠮ ᠤᠨ ᠭᠡᠰᠢᠭᠦᠨ ᠪᠣᠯ ᠨᠢᠭᠡᠨ | ᠲᠤᠭ ᠮᠥᠨ ᠭᠡᠳᠡᠭ ᠢ ᠦᠨᠡᠨ ᠬᠦ ᠪᠡᠶᠡᠯᠡᠭᠦᠯᠦᠭᠰᠡᠨ ᠪᠠᠶᠢᠨ᠎ᠠ᠃ ᠲᠡᠳᠡᠨ ᠤ ᠪᠡᠶ᠎ᠡ ᠳᠡᠭᠡᠷ᠎ᠡ ᠠᠴᠠ ᠪᠢᠳᠡ ᠴᠢᠩᠭ᠎ᠠ | ᠬᠠᠮᠢᠶᠠᠷᠤᠨ ᠡᠵᠡᠮᠳᠡᠬᠦ ᠡᠷᠴᠢᠮ ᠢ ᠣᠶᠢᠯᠠᠭᠠᠭᠰᠠᠨ ᠪᠥᠭᠡᠳ ᠠᠷᠠᠳ ᠲᠦᠮᠡᠨ ᠳᠤ ᠦᠢᠯᠡᠴᠢᠯᠡᠬᠦ ᠬᠠᠯᠠᠭᠤᠨ | ᠳᠤᠯᠠᠭᠠᠨ ᠢ ᠣᠶᠢᠯᠠᠭᠠᠭᠰᠠᠨ ᠪᠠᠶᠢᠨ᠎ᠠ᠃ | | | | | | ᠬᠤᠯᠪᠤᠭᠠᠯᠠᠨ ᠳᠠᠭᠠᠭᠠᠴᠢᠯᠠᠭᠰᠠᠨ ᠨᠡᠶᠢᠭᠡᠮ ᠲᠣᠭᠤᠷᠢᠭ ᠤᠨ ᠬᠠᠷᠢᠶᠠᠨ ᠳᠠᠬᠢ ᠲᠢᠶᠠᠨ ᠢ ᠰᠠᠭᠤᠭᠠᠯᠢ ᠠᠷᠠᠳ ᠤᠨ | ᠲᠣᠭᠤᠷᠢᠭ᠂ ᠰᠢᠩ ᠹᠦ᠋ ᠰᠠᠭᠤᠭᠠᠯᠢ ᠠᠷᠠᠳ ᠤᠨ ᠲᠣᠭᠤᠷᠢᠭ ᠪᠣᠯ ᠬᠡᠳᠦᠨ ᠠᠷᠪᠠᠨ ᠵᠢᠯ ᠤᠨ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠲᠤ ᠬᠠᠷᠢᠶᠠᠯᠠᠭᠳᠠᠵᠤ᠂ ᠰᠠᠭᠤᠷᠢ ᠨᠥᠬᠦᠴᠡᠯ ᠠᠨᠠᠢ ᠶᠤᠮ᠃ ᠡᠨᠡ ᠤᠳᠠᠭᠠᠨ ᠤ ᠬᠢᠵᠢᠭ ᠤᠨ | ᠪᠠᠶᠢᠳᠠᠯ ᠭᠠᠷᠤᠭᠰᠠᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | N 95 ᠠᠮᠠᠪᠴᠢ᠂ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ᠂ ᠲᠥᠬᠦᠮ ᠮᠢᠨᠲᠤᠤᠷ᠂ ᠷᠠᠰᠢᠶᠠᠨ ᠤᠰᠤ᠂ ᠬᠢᠮ᠎ᠠ᠂ | ᠴᠠᠭᠠᠨ ᠨᠣᠭᠤᠭ᠎ᠠ ᠵᠡᠷᠭᠡ ᠶᠢ ᠪᠠᠭᠲᠠᠭᠠᠭᠰᠠᠨ ᠬᠢᠵᠢᠭ ᠲᠠᠢ ᠲᠡᠮᠡᠴᠡᠬᠦ ᠡᠳ᠋ ᠪᠣᠳᠠᠰ ᠢ ᠬᠤᠯᠪᠤᠭᠠᠯᠠᠨ ᠳᠠᠭᠠᠭᠠᠴᠢᠯᠠᠭᠰᠠᠨ | ᠨᠡᠶᠢᠭᠡᠮ ᠲᠣᠭᠤᠷᠢᠭ ᠲᠤ ᠨᠢᠭᠡᠨᠲᠡ ᠭᠤᠷᠪᠠ ᠤᠳᠠᠭ᠎ᠠ ᠬᠠᠨᠳᠢᠪᠯᠠᠪᠠ᠃ 11 ᠰᠠᠷ᠎ᠠ ᠶᠢᠨ 20 ᠤ ᠡᠳᠦᠷ ᠰᠢᠩ ᠹᠦ᠋ | ᠰᠠᠭᠤᠭᠠᠯᠢ ᠠᠷᠠᠳ ᠤᠨ ᠲᠣᠭᠤᠷᠢᠭ ᠲᠤ ᠠᠷᠭ᠎ᠠ ᠶᠢᠨ ᠴᠢᠨᠠᠷᠲᠠᠶ ᠡᠪᠡᠳᠴᠢᠨ ᠤ ᠵᠢᠱᠢᠶ᠎ᠡ ᠭᠠᠷᠤᠭᠰᠠᠨ ᠮᠡᠳᠡᠭᠡ ᠶᠢ | ᠰᠣᠨᠣᠰᠤᠭᠰᠠᠨ ᠤ ᠳᠠᠷᠠᠭ᠎ᠠ᠂ ᠳᠠᠷᠤᠶ ᠳᠤ ᠨᠢ ᠪᠠᠰᠠ ᠬᠤᠶᠠᠷ ᠵᠠᠯᠠᠭᠤ ᠺᠠᠳ᠋ᠷ ᠢ ᠬᠤᠯᠪᠤᠭᠠᠯᠠᠨ ᠳᠠᠭᠠᠭᠠᠴᠢᠯᠠᠭᠰᠠᠨ | ᠨᠡᠶᠢᠭᠡᠮ ᠲᠣᠭᠤᠷᠢᠭ ᠲᠤ ᠲᠣᠮᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠡᠮᠵᠢᠭᠦᠯᠦᠭᠰᠡᠨ | ᠪᠥᠭᠡᠳ ᠲᠣᠰ ᠡᠳᠦᠷ ᠨᠡᠶᠢᠭᠡᠮ ᠲᠣᠭᠤᠷᠢᠭ ᠤᠨ ᠠᠵᠢᠯᠲᠠᠳ ᠲᠠᠢ ᠲᠦᠷ ᠴᠠᠭ ᠤᠨ ᠨᠠᠮ ᠤᠨ ᠡᠭᠦᠷ ᠢ ᠪᠠᠶᠢᠭᠤᠯᠵᠤ᠂ | ᠬᠢᠵᠢᠭ ᠲᠠᠢ ᠲᠡᠮᠡᠴᠡᠬᠦ ᠡᠩᠨᠡᠭᠡᠨ ᠤ ᠬᠠᠮ ᠬᠦᠴᠦᠨ᠂ ᠲᠥᠪᠯᠡᠷᠡᠩᠭᠦᠶ ᠬᠦᠴᠦᠨ᠂ ᠳᠠᠶᠢᠴᠢᠨ ᠬᠦᠴᠦᠨ ᠢ | ᠨᠡᠮᠡᠭᠳᠡᠭᠦᠯᠵᠦ᠂ ᠨᠠᠮ ᠤᠨ ᠲᠤᠭ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠥᠨᠳᠥᠷ | ᠮᠠᠨᠳᠤᠭᠤᠯᠪᠠ᠃ | | |