ᠥᠪᠥᠷ ᠮᠣᠩᠭᠤᠯ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠳ᠋ᠦᠩᠨᠡᠨ ᠪᠤᠳᠤᠬᠤ ︽ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠭᠦᠢᠴᠡᠳᠭᠡᠬᠦ ᠪᠠᠶᠢᠭᠤᠯᠤᠮᠵᠢ ᠪᠠᠩᠬᠢ ᠠᠵᠤ ᠠᠬᠤᠶᠢᠯᠠᠯ ᠰᠢᠭᠤᠳ ᠬᠤᠯᠪᠣᠭᠠᠯᠠᠬᠤ︾ ᠵᠠᠭᠪᠤᠷ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2022/11/25
   ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨ ᠤ ᠣᠷᠣᠨ ᠡᠮ ᠤᠨ ᠵᠦᠢᠯ ᠢ ᠲᠥᠪᠯᠡᠷᠡᠭᠦᠯᠦᠨ ᠬᠤᠷᠢᠶᠠᠨ ᠠᠪᠬᠤ ᠶᠢ ᠳ᠋ᠦᠩᠨᠡᠨ ᠪᠤᠳᠤᠬᠤ ︽ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠭᠦᠢᠴᠡᠳᠭᠡᠬᠦ ᠪᠠᠶᠢᠭᠤᠯᠤᠮᠵᠢ ᠪᠠᠩᠬᠢ ᠠᠵᠤ ᠠᠬᠤᠶᠢᠯᠠᠯ ᠰᠢᠭᠤᠳ ᠬᠤᠯᠪᠣᠭᠠᠯᠠᠬᠤ︾ ᠵᠠᠭᠪᠤᠷ ᠢ ᠬᠡᠷᠡᠭᠵᠢᠭᠦᠯᠪᠡ᠃   ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠪᠣᠯᠤᠨ ᠡᠮ ᠡᠮᠨᠡᠯᠭᠡ ᠠᠵᠤ ᠠᠬᠤᠶᠢᠯᠠᠯ ᠤᠨ ᠰᠢᠭᠤᠳ ᠳ᠋ᠦᠩᠨᠡᠨ ᠪᠤᠳᠤᠬᠤ ᠶᠢ ᠦᠷᠭᠦᠯᠵᠢᠯᠡᠨ ᠰᠢᠯᠢᠳᠡᠭᠵᠢᠭᠦᠯᠵᠦ᠂ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠳ᠋ᠦᠩᠨᠡᠨ ᠪᠤᠳᠤᠬᠤ ︽ᠡᠮᠴᠢᠯᠡᠭᠡᠨ ᠤ ᠪᠠᠲᠤᠯᠠᠭ᠎ᠠ ᠶᠢᠨ ᠭᠠᠷᠳᠠᠨ ᠭᠦᠢᠴᠡᠳᠭᠡᠬᠦ ᠪᠠᠶᠢᠭᠤᠯᠤᠮᠵᠢ ᠪᠠᠩᠬᠢ ᠠᠵᠤ ᠠᠬᠤᠶᠢᠯᠠᠯ ᠰᠢᠭᠤᠳ ᠬᠤᠯᠪᠣᠭᠠᠯᠠᠬᠤ︾ ᠵᠠᠭᠪᠤᠷ ᠢ ᠬᠡᠷᠡᠭᠵᠢᠭᠦᠯᠦᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠡᠮᠴᠢᠯᠡᠭᠡᠨ ᠤ ᠪᠠᠲᠤᠯᠠᠭ᠎ᠠ ᠶᠢᠨ ᠪᠠᠯᠠ ᠮᠥᠩᠭᠦ ᠶᠢ ᠳᠡᠭᠡᠭᠰᠢ ᠲᠤᠰᠢᠶᠠᠬᠤ ᠪᠠ ᠲᠣᠭᠠᠴᠠᠭ᠎ᠠ ᠬᠢᠬᠦ ᠵᠠᠷᠯᠢᠭ ᠢ ᠴᠠᠭ ᠲᠤᠬᠠᠶ ᠳᠤ ᠨᠢ ᠶᠠᠪᠤᠭᠤᠯᠬᠤ ᠶᠢᠨ ᠬᠠᠮᠲᠤ ᠵᠣᠭᠤᠰ ᠢ ᠪᠣᠳᠠᠲᠠᠶᠢᠵᠢᠭᠤᠯᠤᠭᠰᠠᠨ ᠪᠠᠶᠢᠳᠠᠯ ᠢ ᠴᠠᠭ ᠲᠤᠬᠠᠶ ᠳᠤ ᠨᠢ ᠮᠥᠷᠳᠡᠪᠡ᠃ 10 ᠳ᠋ᠤᠭᠠᠷ ᠰᠠᠷ᠎ᠠ ᠠᠴᠠ ᠨᠠᠭᠠᠰᠢ᠂ ᠪᠥᠬᠦ ᠣᠷᠣᠨ ᠤ ᠡᠯ᠎ᠡ ᠨᠢᠭᠡᠳᠦᠯᠲᠡᠶ ᠲᠥᠯᠦᠪᠯᠡᠭᠰᠡᠨ ᠣᠷᠣᠨ ᠲᠥᠪᠯᠡᠷᠡᠭᠦᠯᠦᠨ ᠬᠤᠳᠠᠯᠳᠤᠨ ᠠᠪᠤᠭᠰᠠᠨ ᠡᠮᠴᠢᠯᠡᠭᠡᠨ ᠤ ᠪᠠᠲᠤᠯᠠᠭ᠎ᠠ ᠶᠢᠨ ᠪᠠᠯᠠ ᠮᠥᠩᠭᠦ 3 . 2 ᠳ᠋ᠦᠩᠰᠢᠭᠤᠷ ᠲᠥᠭᠦᠷᠢᠭ ᠢ ᠴᠠᠭ ᠲᠤᠬᠠᠶ ᠳᠤ ᠨᠢ ᠳᠡᠭᠡᠭᠰᠢ ᠲᠤᠰᠢᠶᠠᠵᠤ᠂ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠨᠢ ᠡᠮ ᠡᠮᠨᠡᠯᠭᠡ ᠶᠢᠨ ᠲᠥᠪᠯᠡᠷᠡᠭᠦᠯᠦᠨ ᠬᠤᠳᠠᠯᠳᠤᠨ ᠠᠪᠬᠤ ᠶᠢ ᠳᠣᠭᠢᠷᠠᠭᠤᠯᠤᠨ ᠬᠦᠷᠭᠡᠬᠦ 96 ᠠᠵᠤ ᠠᠬᠤᠶᠢᠯᠠᠯ ᠳᠤ ᠡᠮ ᠤᠨ ᠵᠣᠭᠤᠰ 2 ᠳ᠋ᠦᠩᠰᠢᠭᠤᠷ ᠲᠥᠭᠦᠷᠢᠭ ᠢ ᠴᠠᠭ ᠲᠤᠬᠠᠶ ᠳᠤ ᠨᠢ ᠲᠤᠰᠢᠶᠠᠵᠤ᠂ ᠠᠷᠠᠳ ᠣᠯᠠᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠲᠠᠯ᠎ᠠ ᠪᠠᠷ ᠨᠥᠯᠥᠭᠡᠯᠡᠭᠳᠡᠬᠦ ᠥᠬᠡᠶ ᠪᠠᠶᠢᠬᠤ ᠶᠢ ᠦᠨᠡᠨ ᠬᠦ ᠪᠠᠲᠤᠯᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号