ᠥᠪᠥᠷ ᠡᠮ ᠬᠤᠳᠠᠯᠳᠤᠨ ᠠᠪᠬᠤ ᠲᠥᠪ ᠦᠰᠦᠭ ﹇2022﹈ 254 ᠳ᠋ᠦ᠋ᠭᠡᠷ ᠲᠣᠭᠠᠲᠤ | ᠡᠯ᠎ᠡ ᠬᠠᠮᠢᠶ᠎ᠠ ᠪᠦᠬᠦᠢ ᠨᠢᠭᠡᠴᠢ ᠳᠤ᠄ | ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠰᠦᠯᠵᠢᠶᠡᠨ ᠳᠤ ᠡᠯᠭᠦᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠥᠪᠥᠷ | ᠡᠮᠴᠢᠯᠡᠭᠡᠨ ᠤ ᠪᠠᠲᠤᠯᠠᠭ᠎ᠠ ᠠᠯᠪᠠᠨ ᠲᠠᠷᠬᠠᠭᠠᠭᠰᠠᠨ ﹇2021﹈ 90 ᠳ᠋ᠦ᠋ᠭᠡᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠢᠯᠡ ᠨᠡᠶᠢᠲᠡᠯᠡᠭᠡᠳ ᠰᠠᠨᠠᠯ ᠦᠭᠡᠢ ᠦᠢᠯᠡᠳᠭᠦᠨ ᠢ | ᠨᠡᠶᠢᠲᠡᠯᠡᠵᠦ᠂ ᠡᠯ᠎ᠡ ᠮᠡᠳᠡᠭᠦᠯᠦᠭᠰᠡᠨ ᠠᠵᠤ ᠠᠬᠤᠶᠢᠯᠠᠯ ᠥᠪᠥᠷ ᠮᠣᠩᠭᠤᠯ ᠤᠨ ᠡᠮ ᠬᠤᠳᠠᠯᠳᠤᠨ ᠠᠪᠬᠤ ᠰᠦᠯᠵᠢᠶ᠎ᠡ— | ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ— | ᠪᠠᠶᠢᠳᠠᠯ ᠢ ᠲᠣᠬᠢᠷᠠᠭᠤᠯᠬᠤ ᠬᠠᠮᠢᠶᠠᠷᠤᠯᠲᠠ ᠳᠤ ᠣᠷᠣᠵᠤ ᠨᠡᠶᠢᠲᠡᠯᠡᠭᠰᠡᠨ ᠦᠷ᠎ᠡ ᠳ᠋ᠦᠩ ᠢ ᠪᠠᠶᠢᠴᠠᠭᠠᠵᠤ ᠦᠵᠡᠭᠡᠷᠡᠢ᠃ | ᠦᠢᠯᠡᠳᠭᠦᠨ ᠢᠶᠠᠨ ᠰᠦᠯᠵᠢᠶᠡᠨ ᠳᠤ ᠡᠯᠭᠦᠭᠰᠡᠨ ᠤ ᠳᠠᠷᠠᠭ᠎ᠠ᠂ ᠦᠢᠯᠡᠳᠪᠦᠷᠢᠯᠡᠬᠦ ᠠᠵᠤ ᠠᠬᠤᠶᠢᠯᠠᠯ ᠠᠶᠢᠮᠠᠭ | ᠬᠤᠲᠠ ᠶᠢᠨ ᠰᠣᠩᠭᠤᠭᠳᠠᠭᠰᠠᠨ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠨᠠᠶᠢᠳᠠᠨ ᠳᠣᠭᠢᠷᠠᠭᠤᠯᠤᠨ ᠬᠦᠷᠭᠡᠬᠦ | ᠪᠤᠶᠤ ᠥᠪᠡᠰᠦᠪᠡᠨ ᠵᠣᠬᠢᠶᠠᠨ ᠪᠠᠶᠢᠭᠤᠯᠤᠨ ᠳᠣᠭᠢᠷᠠᠭᠤᠯᠤᠨ ᠬᠦᠷᠭᠡᠵᠦ᠂ ᠡᠮᠴᠢᠯᠡᠭᠡᠨ ᠳᠤ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠡᠮᠴᠢᠯᠡᠭᠡᠨ ᠤ ᠪᠠᠶᠢᠭᠤᠯᠤᠮᠵᠢ ᠠᠵᠤ ᠠᠬᠤᠶᠢᠯᠠᠯ ᠤᠨ | ᠮᠡᠳᠡᠭᠦᠯᠦᠭᠰᠡᠨ ᠦᠨ᠎ᠡ ᠬᠠᠩᠰᠢ ᠪᠠᠷ ᠯᠠᠪᠯᠠᠯᠲᠠ ᠪᠣᠯᠭᠠᠵᠤ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ | ᠬᠤᠳᠠᠯᠳᠤᠨ ᠠᠪᠬᠤ ᠰᠢᠰᠲ᠋ᠧᠮ ᠳᠤ ᠬᠡᠯᠡᠯᠴᠡᠭᠡ ᠬᠢᠭᠰᠡᠨ ᠦᠨ᠎ᠡ ᠪᠠᠷ ᠬᠤᠳᠠᠯᠳᠤᠨ ᠠᠪᠤᠨ᠎ᠠ᠃ ᠦᠢᠯᠡᠳᠭᠦᠨ ᠢ | ᠬᠤᠳᠠᠯᠳᠤᠨ ᠠᠪᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠵᠡᠷᠭᠡ ᠶᠢ ᠥᠪᠡᠷᠲᠡᠭᠡᠨ ᠵᠠᠰᠠᠬᠤ | ᠣᠷᠣᠨ ᠤ ᠡᠮ ᠤᠨ ᠵᠦᠢᠯ ᠪᠠ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠥᠬᠦᠶ | ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ | 2022 ᠣᠨ ᠤ 12 ᠰᠠᠷ᠎ᠠ ᠶᠢᠨ 12 ᠤᠨ ᠡᠳᠦᠷ | |