ᠤᠯᠤᠰ ᠠᠴᠠ ᠡᠮ ᠤᠨ ᠵᠦᠶᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠬᠡᠯᠡᠯᠴᠡᠭᠡᠷ  ᠤᠨ ᠬᠤᠭᠤᠴᠠᠭ᠎ᠠ ᠳᠦᠭᠦᠷᠦᠭᠰᠡᠨ ᠬᠡᠰᠡᠭ ᠡᠮ ᠤᠨ ᠵᠦᠶᠯ ᠢ ᠰᠢᠯᠵᠢᠯᠲᠡ ᠶᠢᠨ ᠬᠤᠭᠤᠴᠠᠭᠠᠨ ᠳᠤ ᠵᠠᠯᠭᠠᠨ ᠬᠤᠳᠠᠯᠳᠤᠨ ᠠᠪᠬᠤ ᠶᠢ ᠥᠷᠨᠢᠭᠦᠯᠬᠦ ᠶᠢ ᠵᠣᠬᠢᠶᠠᠨ ᠪᠠᠶᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/12/19
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ  ᠬᠤᠳᠠᠯᠳᠤᠨ ᠠᠪᠬᠤ ᠲᠥᠪ ᠤᠨ ᠦᠰᠦᠭ ﹇2022﹈264 ᠳ᠋ᠣᠭᠡᠷ ᠲᠣᠭᠠᠲᠤ    ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠳᠤ᠄    ︽ᠡᠮ ᠤᠨ ᠵᠦᠶᠯ ᠢ ᠲᠥᠪᠯᠡᠷᠡᠭᠦᠯᠦᠨ ᠬᠡᠮᠵᠢᠶ᠎ᠡ ᠲᠣᠭᠲᠠᠭᠠᠵᠤ ᠬᠤᠳᠠᠯᠳᠤᠨ ᠠᠪᠬᠤ ᠬᠡᠯᠡᠯᠴᠡᠭᠡᠷ ᠤᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠵᠠᠯᠭᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠡᠮᠴᠢᠯᠡᠭᠡᠨ ᠤ ᠳᠠᠭᠠᠳᠬᠠᠯ ᠠᠯᠪᠠᠨ ᠥᠰᠥᠭ ﹇2022﹈ 32 ᠳ᠋ᠤᠭᠠᠷ ᠲᠣᠭᠠᠲᠤ︶ ᠪᠣᠯᠣᠨ ᠣᠷᠣᠭᠤᠯᠬᠤ ᠬᠠᠮᠢᠶᠠᠳᠠᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠭᠡᠷ᠎ᠡ ᠨᠢ ᠳᠣᠯᠣᠬᠰᠠᠨ ᠤ ᠳᠠᠷᠠᠭ᠎ᠠ ᠡᠮ ᠤᠨ ᠵᠦᠶᠯ ᠢ ᠵᠠᠯᠭᠠᠭᠠᠳ ᠣᠷᠣᠭᠤᠯᠬᠤ ᠠᠵᠢᠯ ᠢ ᠰᠠᠶᠢᠲᠤᠷ ᠬᠢᠵᠦ᠂ ᠡᠮᠴᠢᠯᠡᠭᠡᠨ ᠳᠤ ᠬᠡᠷᠡᠭᠯᠡᠬᠦ ᠡᠮ ᠤᠨ ᠵᠦᠶᠯ  ᠤᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠬᠤ ᠶᠢᠨ ᠲᠤᠰᠠᠳᠠ᠂ ᠰᠤᠳᠤᠯᠬᠤ ᠪᠠᠷ ᠳᠡᠮᠵᠢᠨ᠂ ᠵᠠᠷᠢᠮ ᠡᠮ ᠳᠠᠩ ᠤᠨ ᠵᠦᠢᠯ ᠢ ᠵᠠᠯᠭᠠᠭᠤᠯᠬᠤ ᠰᠢᠯᠵᠢᠯᠲᠡ ᠶᠢᠨ ᠬᠤᠭᠤᠴᠠᠭᠠᠨ ᠳᠤ ᠣᠷᠣᠭᠤᠯᠬᠤ ᠬᠠᠮᠢᠶᠠᠳᠠᠢ ᠠᠵᠢᠯ ᠢ ᠤᠳᠤ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠡᠮᠴᠢᠯᠡᠭᠡᠨ ᠤ ᠪᠠᠶᠢᠭᠤᠯᠤᠮᠵᠢ ᠶᠢᠨ ᠴᠡᠷ ᠬᠦᠷᠢᠶ᠎ᠡ    ᠪᠥᠬᠦ ᠣᠷᠣᠨ ᠤ ᠠᠯᠪᠠᠨ ᠠᠴᠠ ᠪᠠᠶᠢᠭᠤᠯᠤᠭᠰᠠᠨ ᠪᠦᠬᠦ ᠡᠮᠴᠢᠯᠡᠭᠡᠨ ᠤ ᠪᠠᠶᠢᠭᠤᠯᠤᠮᠵᠢ ︵ᠴᠡᠷᠢᠭ ᠠᠩᠭᠢ   ᠶᠢᠨ ᠡᠮᠴᠢᠯᠡᠭᠡᠨ ᠤ ᠪᠠᠶᠢᠭᠤᠯᠤᠮᠵᠢ ᠪᠠᠭᠲᠠᠨ᠎ᠠ︶ ᠪᠣᠯᠣᠨ ᠡᠮᠴᠢᠯᠡᠭᠡᠨ ᠤ ᠳᠠᠭᠠᠳᠬᠠᠯ ᠤᠨ ᠴᠢᠭ ᠢᠶᠠᠷ ᠲᠣᠭᠲᠠᠭᠠᠭᠰᠠᠨ ᠨᠡᠶᠢᠭᠡᠮ ᠨᠡᠶᠢᠳᠡ ᠶᠢᠨ ᠡᠮᠴᠢᠯᠡᠭᠡᠨ ᠤ ᠪᠠᠶᠢᠭᠤᠯᠤᠮᠵᠢ ᠴᠥᠮ ᠣᠷᠤᠯᠴᠠᠬᠤ ᠬᠡᠷᠡᠭᠲᠡᠢ᠃    ᠬᠤᠶᠠᠷ᠂ ᠡᠮ ᠤᠨ ᠵᠦᠶᠯ ᠤᠨ ᠬᠡᠪᠴᠢᠶ᠎ᠡ   ᠭᠤᠷᠪᠠᠳᠤᠭᠠᠷ ᠪᠦᠯᠦᠭ ᠤᠨ ᠤᠯᠤᠰ  ᠠᠴᠠ ᠨᠢᠬᠡᠳᠦᠯᠳᠡᠢ ᠣᠷᠣᠭᠤᠯᠬᠤ ᠬᠤᠶᠠᠷ ᠵᠢᠯ ᠤᠨ ᠬᠤᠭᠤᠴᠠᠭ᠎ᠠ ᠨᠢ ᠳᠦᠭᠦᠷᠦᠭᠰᠡᠨ ᠪᠠ ᠲᠠᠪᠤᠳᠤᠭᠠᠷ ᠪᠦᠯᠦᠭ ᠤᠨ ᠤᠯᠤᠰ ᠠᠴᠠ ᠨᠢᠬᠡᠳᠦᠯᠳᠠᠢ ᠣᠷᠣᠭᠤᠯᠬᠤ ᠨᠢᠬᠡ ᠵᠢᠯ ᠤᠨ ᠬᠤᠭᠤᠴᠠᠭ᠎ᠠ ᠨᠢ ᠳᠦᠭᠦᠷᠦᠭᠰᠡᠨ ᠳᠣᠳᠣᠷ᠎ᠠ ᠰᠣᠩᠭᠤᠬᠳᠠᠬᠰᠠᠨ ᠡᠮ ᠤᠨ ᠵᠦᠶᠯ ︵ᠳᠠᠭᠠᠯᠳᠤᠭᠤᠯᠤᠯ 1 ᠶᠢ     ᠦᠵᠡ︶᠃    ᠭᠤᠷᠪᠠ᠂ ᠰᠢᠯᠵᠢᠯᠲᠡ ᠶᠢᠨ ᠬᠤᠭᠤᠴᠠᠭ᠎ᠠ    2023 ᠣᠨ ᠤ 1 ᠳ᠋ᠣᠭᠡᠷ ᠰᠠᠷ᠎ᠠ ᠶᠢᠨ 1 ᠤ ᠡᠳᠦᠷ ᠠᠴᠠ 2023 ᠣᠨ ᠤ 6 ᠳ᠋ᠣᠭᠠᠷ ᠰᠠᠷ᠎ᠠ ᠶᠢᠨ 30 ᠤ ᠡᠳᠦᠷ᠃    ᠳᠥᠷᠪᠡ᠂ ᠠᠵᠢᠯ ᠤᠨ ᠠᠭᠤᠯᠭ᠎ᠠ    ︵ᠨᠢᠭᠡ︶ ᠬᠠᠩᠭᠠᠬᠤ ᠬᠠᠷᠢᠴᠠᠭ᠎ᠠ ᠪᠠᠶᠢᠭᠤᠯᠬᠤ᠃ ᠰᠣᠩᠭᠤᠭᠰᠠᠨ ᠡᠯ᠎ᠡ ᠠᠵᠤ ᠠᠬᠤᠶᠢᠯᠠᠯ ᠨᠢ ᠬᠠᠩᠭᠠᠬᠤ ᠬᠠᠷᠢᠴᠠᠭ᠎ᠠ ᠪᠠᠨ ᠬᠤᠪᠢᠷᠠᠭᠤᠯᠵᠤ᠂ ᠬᠠᠩᠭᠠᠬᠤ ᠣᠷᠣᠨ ᠪᠦᠰᠡ ᠪᠤᠶᠤ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠬᠦ ᠴᠢᠬᠤᠯᠠᠳᠠᠢ ᠪᠣᠯ᠂ ᠭᠡᠷ᠎ᠡ ᠳᠤ ᠭᠠᠷ ᠤᠨ ᠥᠰᠥᠭ ᠵᠢᠷᠤᠬᠤ ᠠᠴᠠ ᠡᠮᠦᠨ᠎ᠡ ᠱᠠᠭᠠᠷᠳᠠᠯᠭ᠎ᠠ ᠶᠣᠰᠣᠭᠠᠷ ᠭᠦᠢᠴᠡᠳᠬᠡᠬᠦ ᠮᠠᠲ᠋ᠧᠷᠢᠶᠠᠯ ᠢᠶᠠᠨ ᠴᠠᠭ ᠲᠤᠬᠠᠢ ᠳᠤᠨᠢ ᠲᠤᠰᠢᠶᠠᠬᠤ ᠬᠡᠷᠡᠭᠲᠡᠢ ︵ᠳᠠᠭᠠᠯᠳᠤᠭᠤᠯᠤᠯ 2 ᠢ ᠦᠵᠡ︶᠃ ᠰᠣᠩᠭᠤᠬᠳᠠᠬᠰᠠᠨ ᠦᠢᠯᠡᠳᠪᠦᠷᠢᠯᠡᠬᠦ ᠠᠵᠤ ᠠᠬᠤᠶᠢᠯᠠᠯ ᠬᠢᠭᠡᠳ ᠨᠠᠶᠢᠳᠠᠬᠰᠠᠨ ᠵᠠᠪᠰᠠᠷ ᠤᠨ ᠠᠵᠤ ᠠᠬᠤᠶᠢᠯᠠᠯ ᠨᠢ ᠡᠮ ᠤᠨ ᠵᠦᠢᠯ  ᠢ ᠣᠷᠣᠭᠤᠯᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠤᠨ ︽ᠡᠮ ᠤᠨ ᠲᠠᠩᠰᠠ ᠶᠢ ᠴᠠᠶᠢᠷᠠᠭᠤᠯᠬᠤ︾ — ︽ᠬᠠᠩᠭᠠᠬᠤ ᠬᠠᠷᠢᠴᠠᠭᠠᠨ ᠤ ᠬᠠᠮᠢᠶᠠᠷᠤᠯᠲᠠ︾ ᠳᠤ ᠣᠷᠣᠵᠤ ᠬᠠᠩᠭᠠᠬᠤ ᠬᠠᠷᠢᠴᠠᠭ᠎ᠠ ᠪᠠᠶᠢᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠨᠢ ᠰᠣᠩᠭᠤᠬᠳᠠᠬᠰᠠᠨ ᠡᠮ ᠤᠨ ᠵᠦᠢᠯ ᠢ ᠪᠠᠶᠢᠩᠭᠤ ᠣᠷᠣᠭᠤᠯᠬᠤ ᠳᠦᠷᠦᠯ ᠳᠤ ᠰᠣᠩᠭᠤᠨ ᠣᠷᠣᠭᠤᠯᠬᠤ ᠶᠢᠨ ᠬᠠᠮᠲᠤ ᠰᠣᠩᠭᠤᠬᠳᠠᠬᠰᠠᠨ ᠡᠮ ᠤᠨ ᠵᠦᠢᠯ ᠢ ᠨᠢᠭᠡᠨᠲᠡ ᠬᠠᠩᠭᠠᠬᠤ ᠬᠠᠷᠢᠴᠠᠭ᠎ᠠ ᠪᠠᠶᠢᠭᠤᠯᠤᠭᠰᠠᠨ ᠬᠠᠩᠭᠠᠬᠤ ᠠᠵᠤ ᠠᠬᠤᠶᠢᠯᠠᠯ ᠤᠨ ᠳᠣᠲᠣᠷ᠎ᠠ ᠠᠴᠠ ᠰᠣᠩᠭᠤᠨ ᠲᠣᠭᠲᠠᠭᠠᠵᠤ      ᠥᠭᠭᠦᠨ᠎ᠡ᠃    ︵ᠬᠤᠶᠠᠷ︶ ᠡᠯᠧᠺᠲᠷᠣᠨ ᠭᠡᠷ᠎ᠡ ᠬᠢᠬᠦ᠃ ᠡᠯ᠎ᠡ ᠨᠢᠭᠡᠴᠡ 2022 ᠣᠨ ᠤ 12 ᠳ᠋ᠣᠭᠠᠷ ᠰᠠᠷ᠎ᠠ  ᠶᠢᠨ 26 ᠤ ᠡᠳᠦᠷ ᠡᠮ ᠡᠮᠨᠡᠯᠭᠡ ᠶᠢᠨ ᠵᠦᠢᠯ ᠢ ᠣᠷᠣᠭᠤᠯᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠤᠨ ︽ᠡᠮ ᠤᠨ ᠵᠦᠢᠯ ᠤᠨ ᠳᠠᠩᠰᠠ ᠶᠢ ᠴᠠᠶᠢᠷᠠᠭᠤᠯᠬᠤ︾ ᠬᠡᠰᠡᠭ ᠲᠤ ᠣᠷᠣᠭᠠᠳ᠂ ᠭᠠᠷ ᠤᠨ ᠥᠰᠥᠭ ᠵᠢᠷᠤᠵᠤ᠂ ᠭᠡᠷ᠎ᠡ ᠬᠢᠨ᠎ᠡ᠃ ᠡᠮᠴᠢᠯᠡᠭᠡᠨ ᠤ ᠪᠠᠶᠢᠭᠤᠯᠤᠮᠵᠢ ᠨᠢ ᠲᠤᠰ ᠲᠤᠰ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠲᠠᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠩᠭᠤᠬᠰᠠᠨ ᠡᠮ ᠤᠨ ᠵᠦᠢᠯ ᠢ ᠨᠢᠬᠡᠳᠦᠯᠳᠠᠢ ᠣᠷᠣᠭᠤᠯᠵᠦ ᠳᠠᠩᠰᠠ ᠴᠠᠶᠢᠷᠠᠭᠤᠯᠬᠤ ᠨᠠᠶᠢᠳᠠᠯᠭ᠎ᠠ ᠶᠢᠨ ᠭᠡᠷ᠎ᠡ︾  ᠶᠢ ᠲᠣᠭᠲᠠᠵᠤ᠂  ᠰᠣᠩᠭᠤᠬᠳᠠᠬᠰᠠᠨ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠣᠷᠣᠭᠤᠯᠬᠤ ᠵᠠᠪᠰᠠᠷ ᠤᠨ ᠠᠵᠤ ᠠᠬᠤᠶᠢᠯᠠᠯ ᠲᠠᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠩᠭᠤᠬᠳᠠᠬᠰᠠᠨ ᠡᠮ ᠤᠨ ᠵᠦᠢᠯ  ᠢ ᠨᠢᠬᠡᠳᠦᠯᠳᠠᠢ ᠣᠷᠣᠭᠤᠯᠵᠦ ᠪᠣᠷᠣᠯᠠᠭᠤᠯᠬᠤ ᠡᠯᠧᠺᠲᠷᠣᠨ ᠭᠡᠷ᠎ᠡ︾ ᠢ ᠲᠣᠭᠲᠠᠵᠤ᠂ ᠦᠢᠯᠡᠳᠪᠦᠷᠢᠯᠡᠬᠦ ᠠᠵᠤ ᠠᠬᠤᠶᠢᠯᠠᠯ ᠤᠨ ᠨᠠᠶᠢᠳᠠᠭᠰᠠᠨ ᠬᠠᠩᠭᠠᠬᠤ ᠠᠵᠤ ᠠᠬᠤᠶᠢᠯᠠᠯ᠂ ᠨᠢᠭᠡᠳᠦᠯᠲᠡᠢ ᠲᠥᠯᠥᠪᠯᠡᠬᠦ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠵᠢᠴᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ ᠲᠠᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠩᠭᠤᠬᠳᠠᠬᠰᠠᠨ ᠡᠮ ᠤᠨ ᠵᠦᠢᠯ ᠢ ᠨᠢᠬᠡᠳᠦᠯᠳᠠᠢ ᠣᠷᠣᠭᠤᠯᠵᠦ ᠳᠠᠩᠰᠠ ᠴᠠᠶᠢᠷᠠᠭᠤᠯᠬᠤ ᠡᠯᠧᠺᠲᠷᠣᠨ ᠭᠡᠷ᠎ᠡ︾ ᠶᠢ ᠲᠣᠭᠲᠠᠬᠤ ᠬᠡᠷᠡᠭᠲᠡᠢ᠃     ᠲᠠᠪᠤ᠂ ᠪᠤᠰᠤᠳ ᠵᠦᠢᠯ    ︵ᠨᠢᠭᠡ︶ ᠰᠢᠯᠵᠢᠯᠲᠡ ᠶᠢᠨ ᠬᠤᠭᠤᠴᠠᠭᠠᠨ ᠳᠤ᠂ ᠣᠷᠣᠭᠤᠯᠬᠤ ᠭᠡᠷ᠎ᠡ ᠶᠢ ᠬᠠᠭᠠᠰ ᠵᠢᠯ ᠢᠶᠠᠷ ᠦᠶᠡᠯᠡᠯ ᠤᠨ ᠬᠤᠭᠤᠴᠠᠭ᠎ᠠ ᠪᠣᠯᠭᠠᠨ ᠲᠣᠭᠲᠠᠵᠤ᠂ ᠰᠣᠩᠭᠤᠬᠳᠠᠬᠰᠠᠨ ᠠᠵᠤ ᠠᠬᠤᠶᠢᠯᠠᠯ ᠨᠢ ᠳᠣᠬᠠᠢ ᠶᠢᠨ ᠦᠶ᠎ᠡ ᠶᠢᠨ ᠦᠨ᠎ᠡ ᠬᠠᠩᠰᠢ ᠪᠠᠷ ᠦᠷᠭᠦᠯᠵᠢᠯᠡᠨ ᠬᠠᠩᠭᠠᠬᠤ ᠶᠢ ᠪᠠᠲᠤᠯᠠᠬᠤ ᠬᠡᠷᠡᠭᠲᠡᠢ᠃ ᠡᠭᠦᠨ ᠳᠤ ᠳ᠋ᠦ᠋ ᠲᠠ ᠰᠢᠶᠦ᠋ᠩ ᠠᠨ ᠵᠥᠭᠡᠯᠡᠨ ᠬᠤᠮᠵᠢᠶ᠎ᠠ ᠪᠣᠯᠣᠨ ᠪᠧᠷᠯᠢᠨ ᠲᠠ ᠰᠧ ᠳ᠋ᠢᠩ ᠰᠢᠩᠬᠡᠨ ᠡᠮ ᠵᠡᠷ ᠶᠢ ᠡᠮᠴᠢᠯᠡᠭᠡᠨ ᠤ ᠪᠠᠶᠢᠭᠤᠯᠤᠮᠵᠢ ᠠᠴᠠ ᠦᠨ᠎ᠡ ᠬᠠᠩᠰᠢ ᠶᠢ ᠨᠢ ᠦᠪᠡᠷᠳᠡᠬᠡᠨ ᠦᠵᠡᠵᠦ ᠪᠠᠶᠢᠭᠠᠳ ᠣᠷᠣᠭᠤᠯᠣᠨ᠎ᠠ᠃    ︵ᠬᠤᠶᠠᠷ︶ ᠵᠠᠯᠭᠠᠭᠠᠳ ᠣᠷᠣᠭᠤᠯᠬᠤ ᠠᠷᠭ᠎ᠠ ᠬᠡᠮᠵᠢᠶ᠎ᠠ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ᠂ ᠣᠭ ᠨᠢ ᠰᠣᠩᠭᠤᠬᠳᠠᠬᠰᠠᠨ ᠪᠧᠨ ᠬᠤᠸᠠᠩ ᠪᠸᠢ ᠲᠠ ᠰᠧ ᠳ᠋ᠢᠩ ᠢ ᠣᠷᠣᠭᠤᠯᠬᠤ ᠳᠠᠭᠠᠨ ᠶᠢ ᠦᠨ᠎ᠡ ᠬᠢᠵᠠᠭᠠᠷᠯᠠᠨ ᠰᠦᠯᠵᠢᠶᠡᠨ ᠳᠤ ᠨᠡᠶᠢᠳᠡᠯᠡᠵᠦ᠂ ᠬᠠᠮᠢᠶᠠᠳᠠᠢ ᠠᠵᠤ ᠠᠬᠤᠶᠢᠯᠠᠯ ᠡᠷᠬᠡᠪᠰᠢ 2022 ᠣᠨ ᠤ 12 ᠳ᠋ᠣᠭᠠᠷ ᠰᠠᠷ᠎ᠠ ᠶᠢᠨ 26 ᠤ ᠡᠳᠦᠷ ᠠᠴᠠ ᠡᠮᠦᠨ᠎ᠡ ︽ᠲᠤᠬᠠᠶᠢᠯᠠᠭᠰᠠᠨ ᠠᠵᠢᠯ ᠢ ᠭᠦᠢᠴᠡᠳᠬᠡᠬᠦ ᠰᠦᠯᠵᠢᠶᠡᠨ ᠰᠢᠰᠲ᠋ᠧᠮ︾ — ︽ᠲᠤᠰᠬᠠᠢ ᠳᠦᠷᠦᠯ ᠤᠨ ᠲᠤᠬᠠᠶᠢᠯᠠᠭᠰᠠᠨ ᠠᠵᠢᠯ ᠤᠨ ᠬᠡᠰᠡᠭ︾ — ︽ᠡᠮ ᠤᠨ ᠵᠦᠢᠯ ᠣᠷᠣᠭᠤᠯᠬᠤ ᠬᠠᠮᠢᠠᠶ᠋ᠳᠠᠢ ᠲᠤᠬᠠᠶᠢᠯᠠᠭᠰᠠᠨ ᠠᠵᠢᠯ︾ ᠳᠤ ᠣᠷᠣᠭᠠᠳ᠂ ᠮᠡᠳᠡᠭᠦᠯᠦᠭᠰᠡᠨ ᠦᠨ᠎ᠡ ᠬᠠᠩᠰᠢ  ᠢᠶᠠᠨ ᠲᠡᠮᠳᠡᠭᠯᠡᠬᠦ ᠬᠡᠷᠡᠭᠲᠡᠢ᠂ ᠰᠦᠯᠵᠢᠶᠡᠨ ᠳᠤ ᠨᠡᠶᠢᠳᠡᠯᠡᠭᠰᠡᠨ ᠬᠢᠵᠠᠭᠠᠷᠲᠤ ᠦᠨ᠎ᠡ ᠨᠢ ᠪᠤᠰᠤᠳ ᠮᠤᠵᠢ ᠬᠤᠲᠠ ᠶᠢᠨ ᠬᠠᠮᠤᠭ ᠤᠨ ᠬᠢᠮᠳᠠ ᠦᠨ᠎ᠡ ᠠᠴᠠ ᠥᠨᠳᠥᠷ ᠪᠠᠶᠢᠵᠤ ᠪᠣᠯᠬᠤ ᠦᠭᠡᠢ᠃ ᠴᠠᠭ ᠲᠠᠭᠠᠨ ᠮᠡᠳᠡᠭᠦᠯᠦᠭᠰᠡᠨ ᠦᠭᠡᠢ ᠪᠣᠯ ᠠᠶᠠᠨᠳᠠᠭᠠᠨ ᠤᠤᠯ ᠤᠨ ᠰᠣᠩᠭᠤᠭᠰᠠᠨ ᠣᠷᠣᠭᠤᠯᠬᠤ ᠦᠨ᠎ᠡ ᠪᠠᠷ ᠬᠢᠵᠠᠭᠠᠷᠲᠤ ᠦᠨ᠎ᠡ ᠪᠣᠯᠭᠠᠨ᠎ᠠ᠃    ︵ᠭᠤᠷᠪᠠ︶ ᠭᠤᠷᠪᠠᠳᠤᠭᠠᠷ ᠪᠦᠯᠦᠭ ᠤᠨ ᠤᠯᠤᠰ ᠠᠴᠠ ᠬᠤᠶᠠᠷ ᠵᠢᠯ ᠤᠨ ᠣᠷᠣᠭᠤᠯᠬᠤ ᠦᠶᠡᠯᠡᠯ ᠤᠨ ᠬᠤᠭᠤᠴᠠᠭ᠎ᠠ ᠨᠢ ᠳᠣᠯᠣᠬᠰᠠᠨ ᠳᠣᠳᠣᠷ᠎ᠠ ᠠᠴᠠ ᠰᠣᠩᠭᠤᠭᠰᠠᠨ ᠡᠮ ᠤᠨ ᠵᠦᠢᠯ ᠢ ᠣᠷᠣᠭᠤᠯᠬᠤ ᠳᠤ᠂ ᠬᠠᠮᠢᠶᠠᠳᠠᠢ ᠠᠵᠤ ᠠᠬᠤᠶᠢᠯᠠᠯ ᠨᠢ ᠦᠷᠭᠦᠯᠵᠢᠯᠡᠨ ᠬᠠᠩᠭᠠᠬᠤ ᠶᠢ ᠦᠭᠡᠢ ᠪᠤᠯᠪᠠᠯ᠂ 2022 ᠣᠨ ᠤ 12 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠡᠷᠬᠡᠪᠰᠢ ︽ᠲᠤᠬᠠᠶᠢᠯᠠᠭᠰᠠᠨ ᠠᠵᠢᠯ ᠢ ᠭᠦᠢᠴᠡᠳᠬᠡᠬᠦ ᠰᠦᠯᠵᠢᠶᠡᠨ ᠰᠢᠰᠲ᠋ᠧᠮ︾ — ︽ᠲᠤᠰᠬᠠᠢ ᠳᠦᠷᠦᠯ ᠤᠨ ᠲᠤᠬᠠᠶᠢᠯᠠᠭᠰᠠᠨ ᠠᠵᠢᠯ ᠤᠨ ᠬᠡᠰᠡᠭ︾ — ︽ᠭᠤᠷᠪᠠᠳᠤᠭᠠᠷ ᠪᠦᠯᠦᠭ ᠤᠨ ᠤᠯᠤᠰ ᠤᠨ ᠨᠢᠬᠡᠳᠦᠯᠳᠠᠢ ᠣᠷᠣᠭᠤᠯᠬᠤ ᠦᠶᠡᠯᠡᠯ ᠤᠨ ᠬᠤᠭᠤᠴᠠᠭ᠎ᠠ ᠨᠢ ᠳᠣᠯᠣᠬᠰᠠᠨ ᠡᠮ ᠤᠨ ᠵᠦᠢᠯ ᠢ ᠵᠠᠯᠭᠠᠭᠤᠯᠬᠤ ᠰᠠᠨᠠᠯ︾ ᠳᠤ ᠣᠷᠣᠵᠤ᠂ PDF ᠬᠡᠯᠪᠡᠷᠢ ᠪᠠᠷ ᠲᠤᠰᠢᠶᠠᠭᠰᠠᠨ ᠪᠠᠶᠢᠳᠠᠯ ᠤᠨ ᠮᠡᠳᠡᠭᠦᠯᠵᠦ᠂ ᠣᠯᠠᠨ ᠵᠦᠢᠯ ᠤᠨ ᠠᠭᠤᠯᠭ᠎ᠠ ᠶᠢ ᠨᠢᠬᠡᠯ᠎ᠡ PDF ᠪᠢᠴᠢᠭ ᠮᠠᠲ᠋ᠧᠷᠢᠶᠠᠯ ᠪᠣᠯᠭᠠᠨ ᠡᠮᠬᠢᠯᠡᠭᠡᠳ᠂ ᠳᠡᠭᠡᠭᠰᠢ ᠳᠣᠰᠢᠶᠠᠬᠤ ᠬᠡᠷᠡᠭᠲᠡᠢ᠃    ᠵᠢᠷᠭᠤᠭ᠎ᠠ᠂ ᠬᠠᠷᠢᠯᠴᠠᠬᠤ ᠠᠷᠭ᠎ᠠ  ᠲᠤᠬᠠᠶᠢᠯᠠᠭᠰᠠᠨ ᠠᠵᠢᠯ ᠤᠨ ᠯᠠᠪᠯᠠᠯᠭ᠎ᠠ᠄ 0471-4966290  ᠮᠡᠷᠭᠡᠵᠢᠯ ᠤᠨ ᠳᠡᠮᠵᠢᠯᠭᠡ᠄ 0471-4967106  ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ᠄ 0471-4908295  ᠳᠠᠭᠠᠯᠳᠤᠭᠤᠯᠤᠯ᠄  1.ᠤᠯᠤᠰ ᠠᠴᠠ ᠡᠮ ᠤᠨ ᠵᠦᠢᠯ ᠢ ᠬᠡᠮᠵᠢᠶ᠎ᠡ ᠲᠠᠢ ᠪᠠᠷ ᠨᠢᠬᠡᠳᠦᠯᠳᠠᠢ ᠣᠷᠣᠭᠤᠯᠬᠤ ᠬᠡᠯᠡᠯᠴᠡᠭᠡᠷ ᠤᠨ ᠬᠤᠭᠤᠴᠠᠭ᠎ᠠ ᠳᠣᠯᠣᠬᠰᠠᠨ ᠡᠮ ᠤᠨ ᠵᠦᠢᠯ ᠤᠨ ᠨᠡᠷᠡᠰ   2. ᠤᠯᠤᠰ ᠤᠨ ᠨᠢᠬᠡᠳᠦᠯᠳᠠᠢ ᠣᠷᠣᠭᠤᠯᠬᠤ ᠳᠤᠮᠳᠠ ᠰᠣᠩᠭᠤᠬᠳᠠᠬᠰᠠᠨ ᠠᠵᠤ ᠠᠬᠤᠶᠢᠯᠠᠯ ᠤᠨ ᠨᠠᠶᠢᠳᠠᠨ ᠬᠠᠩᠭᠠᠬᠤ ᠠᠵᠤ ᠠᠬᠤᠶᠢᠯᠠᠯ ᠤᠨ ᠨᠡᠷᠡᠰ ᠵᠢᠴᠢ ᠬᠠᠮᠢᠶᠠᠳᠠᠢ ᠱᠠᠭᠠᠷᠳᠠᠯᠭ᠎ᠠ ᠪᠤᠯᠤᠨ ᠬᠦᠰᠦᠨᠦᠭᠲᠦ  ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ  2022 ᠣᠨ ᠤ 12ᠳ᠋ᠣᠭᠠᠷ ᠰᠠᠷ᠎ᠠ ᠶᠢᠨ 18 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠳᠠᠩ ᠣᠷᠣᠭᠤᠯᠬᠤ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号