ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶ᠎ᠡ ᠪᠠᠷ ᠪᠤᠷᠤᠯᠠᠭᠤᠯᠬᠤ ᠪᠦᠲᠦᠭᠡᠭᠳᠡᠬᠦᠨ ︵ᠬᠤᠷᠢᠳᠤᠭᠠᠷ ᠪᠦᠯᠦᠭ︶ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/20
  ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮ ᠤᠨ ᠵᠦᠢᠯ ᠢ  ᠬᠤᠳᠠᠯᠳᠤᠨ ᠠᠪᠬᠤ ᠲᠥᠪ ﹇2022﹈ 276 ᠳ᠋ᠤᠭᠠᠷ ᠲᠤᠭᠠᠲᠤ    ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠡ᠄  ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶ᠎ᠡ ᠪᠠᠷ ᠪᠤᠷᠤᠯᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ ᠮᠤᠩᠭᠤᠯ ᠤᠨ ᠡᠮᠴᠢᠯᠡᠭᠡᠨ ᠤ ᠪᠠᠶᠢᠭᠤᠯᠭ᠎ᠠ ᠶᠢᠨ ᠠᠯᠪᠠᠨ ᠭᠡᠷ ᠠᠴᠠ ᠲᠠᠷᠬᠠᠭᠠᠭᠰᠠᠨ ﹇2021﹈ 90 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠵᠠᠷᠯᠠᠨ ᠨᠡᠶᠢᠲᠡᠯᠡᠭᠰᠡᠨ ᠳᠤ ᠰᠠᠨᠠᠯ ᠦᠭᠡᠢ  ᠪᠦᠲᠦᠭᠡᠭᠳᠡᠬᠦᠨ ᠢ ᠨᠡᠶᠢᠲᠡᠯᠡᠵᠦ᠂ ᠡᠯ᠎ᠡ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠥᠪᠥᠷ ᠮᠣᠩᠭᠤᠯ ᠤᠨ ᠡᠮ  ᠤᠨ ᠵᠦᠢᠯ ᠢ ᠬᠤᠳᠠᠯᠳᠤᠨ ᠠᠪᠬᠤ ᠰᠦᠯᠵᠢᠶ᠎ᠡ ︱ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ︱ ᠬᠥᠳᠡᠯᠦᠩᠭᠦᠢ ᠲᠣᠬᠢᠷᠠᠭᠤᠯᠤᠯᠲᠠ ᠶᠢᠨ ᠬᠠᠮᠢᠶᠠᠷᠤᠯᠲᠠ ᠠᠴᠠ ᠰᠤᠷᠠᠭ ᠵᠠᠩᠭᠢ ᠶᠢ ᠪᠠᠶᠢᠴᠠᠭᠠᠨ ᠦᠵᠡᠵᠦ ᠪᠤᠯᠤᠨ᠎ᠠ᠃  ᠪᠦᠲᠦᠭᠡᠭᠳᠡᠬᠦᠨ ᠢ ᠰᠦᠯᠵᠢᠶᠡᠨ ᠳᠤ ᠭᠠᠷᠭᠠᠭᠰᠠᠨ ᠤ ᠳᠠᠷᠠᠭ᠎ᠠ᠂ ᠠᠵᠤ ᠠᠬᠤᠶᠢᠯᠠᠯ ᠨᠢ ᠠᠶᠢᠮᠠᠭ ᠬᠤᠲᠠ ᠶᠢᠨ ᠰᠣᠩᠭᠤᠭᠰᠠᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠨᠠᠶᠢᠳᠠᠵᠤ ᠲᠣᠬᠢᠷᠠᠭᠤᠯᠤᠨ ᠬᠦᠷᠭᠡᠬᠦ ᠪᠤᠶᠤ ᠥᠪᠡᠷ ᠢᠶᠠᠨ ᠵᠣᠬᠢᠶᠠᠨ ᠪᠠᠶᠢᠭᠤᠯᠤᠨ ᠬᠦᠷᠭᠡᠵᠦ᠂ ᠡᠮᠴᠢᠯᠡᠭᠡᠨ ᠤ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠦᠨᠡᠨᠬᠦ  ᠪᠠᠲᠤᠯᠠᠬᠤ ᠬᠡᠷᠡᠭᠲᠡᠢ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠠᠵᠤ ᠠᠬᠤᠶᠢᠯᠠᠯ ᠤᠨ ᠮᠡᠳᠡᠭᠦᠯᠦᠭᠰᠡᠨ ᠦᠨ᠎ᠡ ᠬᠠᠩᠰᠢ ᠪᠠᠷ ᠯᠠᠪᠯᠠᠯᠲᠠ ᠪᠣᠯᠭᠠᠵᠤ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠬᠤᠳᠠᠯᠳᠤᠨ ᠠᠪᠬᠤ ᠰᠢᠰᠲ᠋ᠧᠮ ᠳᠤ ᠵᠥᠪᠯᠡᠭᠰᠡᠨ ᠦᠨ᠎ᠡ ᠬᠠᠩᠰᠢ ᠪᠠᠷ ᠬᠤᠳᠠᠯᠳᠤᠨ ᠠᠪᠬᠤ ᠬᠡᠷᠡᠭᠲᠡᠢ᠃  ᠪᠦᠲᠦᠭᠡᠭᠳᠡᠬᠦᠨ ᠢ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠡᠮ ᠪᠠ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠬᠠᠮᠢᠶ᠎ᠠ ᠪᠦᠬᠦᠢ ᠲᠣᠭᠲᠠᠭᠠᠯ ᠶᠣᠰᠣᠭᠠᠷ  ᠬᠡᠷᠡᠭᠵᠢᠬᠦᠯᠬᠦ ᠬᠡᠷᠡᠭᠲᠡᠢ᠃      ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ   2022 ᠣᠨ ᠤ 12 ᠳ᠋ᠤᠭᠠᠷ ᠰᠠᠷ᠎ᠠ ᠶᠢᠨ 29 ᠤ ᠡᠳᠦᠷ 
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮ ᠡᠮᠨᠡᠯᠭᠡ ᠶᠢᠨ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号