2022 ᠣᠨ ᠤ ᠳᠥᠷᠪᠡᠳᠦᠭᠡᠷ ᠤᠯᠠᠷᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠰᠦᠯᠵᠢᠶ᠎ᠡ ᠪᠠᠷ ᠪᠤᠷᠤᠯᠠᠭᠤᠯᠬᠤ ᠠᠵᠢᠯ ᠤᠨ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/23
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ  ᠬᠤᠳᠠᠯᠳᠤᠨ ᠠᠪᠬᠤ ᠲᠥᠪ ᠤᠨ  ᠦᠰᠦᠭ ﹇2022﹈ 270  ᠳ᠋ᠤᠭᠠᠷ ᠲᠤᠭᠠᠲᠤ    ᠡᠯ᠎ᠡ ᠬᠤᠯᠪᠤᠭᠳᠠᠯ ᠪᠦᠬᠦᠢ ᠠᠵᠤ ᠠᠬᠤᠶᠢᠯᠠᠯ ᠤᠳ᠄  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠰᠦᠯᠵᠢᠶ᠎ᠡ ᠪᠠᠷ ᠪᠤᠷᠤᠯᠠᠭᠤᠯᠬᠤ ᠠᠵᠢᠯ ᠢ ᠤᠯᠠᠷᠢᠯ ᠢᠶᠠᠷ ᠪᠠᠶᠢᠩᠭᠤᠵᠢᠭᠤᠯᠤᠨ ᠥᠷᠨᠢᠭᠦᠯᠬᠦ ᠲᠤᠬᠠᠢ ᠮᠡᠳᠡᠭᠳᠡᠯ︾ ︵ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠮ ᠤᠨ ᠵᠦᠢᠯ ᠢ ᠬᠤᠳᠠᠯᠳᠤᠨ ᠠᠪᠬᠤ ᠲᠥᠪ ﹇2021﹈ 86 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 2022 ᠣᠨ ᠤ ᠳᠥᠷᠪᠡᠳᠦᠭᠡᠷ ᠤᠯᠠᠷᠢᠯ ᠤᠨ ᠡᠮ ᠤᠨ ᠵᠦᠢᠯ ᠢ ᠲᠥᠪᠯᠡᠷᠡᠭᠦᠯᠦᠨ  ᠰᠦᠯᠵᠢᠶ᠎ᠡ ᠪᠠᠷ ᠪᠤᠷᠤᠯᠠᠭᠤᠯᠬᠤ ᠠᠵᠢᠯ ᠢ ᠥᠷᠨᠢᠭᠦᠯᠵᠦ᠂ ᠡᠳᠦᠭᠡ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠪᠠ ᠡᠮ ᠤᠨ ᠵᠦᠢᠯ ᠤᠨ ᠰᠤᠷᠠᠭ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠦᠬᠦᠢ ᠵᠤᠶᠢᠯᠡᠰ ᠢ ᠮᠡᠳᠡᠭᠳᠡᠶ᠎ᠡ᠃  ᠨᠢᠭᠡ᠂ ᠢᠯᠡ ᠨᠡᠶᠢᠲᠡᠯᠡᠬᠦ ᠠᠭᠤᠯᠭ᠎ᠠ  2022 ᠣᠨ ᠤ ᠳᠥᠷᠪᠡᠳᠦᠭᠡᠷ ᠤᠯᠠᠷᠢᠯ ᠳᠤ ᠡᠮ ᠤᠨ ᠵᠦᠢᠯ ᠢ ᠲᠥᠪᠯᠡᠷᠡᠭᠦᠯᠦᠨ ᠰᠦᠯᠵᠢᠶ᠎ᠡ ᠪᠠᠷ ᠪᠤᠷᠤᠯᠠᠭᠤᠯᠬᠤ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠰᠤᠷᠠᠭ ᠵᠠᠩᠭᠢ ᠪᠠ ᠡᠮ ᠤᠨ ᠵᠦᠢᠯ ᠤᠨ ᠰᠤᠷᠠᠭ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ᠃   ᠬᠤᠶᠠᠷ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠯᠠᠪᠯᠠᠬᠤ  ᠡᠯ᠎ᠡ ᠭᠤᠶᠤᠴᠢᠯᠠᠨ ᠮᠡᠳᠡᠭᠦᠯᠬᠦ ᠳᠤ ᠣᠷᠣᠯᠴᠠᠭᠰᠠᠨ ᠠᠵᠤ ᠠᠬᠤᠶᠢᠯᠠᠯ ᠤᠳ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ ︽ᠡᠮ ᠤᠨ ᠵᠦᠢᠯ ᠢ ᠡᠯᠰᠡᠨ ᠴᠤᠭᠯᠠᠭᠤᠯᠬᠤ ᠬᠤᠪᠢᠶᠠᠷᠢ ᠰᠢᠰᠲ᠋ᠧᠮ︾ — ︽ᠡᠮ ᠤᠨ ᠵᠦᠢᠯ ᠤᠨ ᠳᠠᠭᠠᠭᠠᠴᠢᠯᠠᠯᠲᠠ ᠵᠠᠷᠯᠠᠬᠤ ᠬᠠᠮᠢᠶᠠᠷᠤᠯᠲᠠ︾ — ︽ᠬᠥᠳᠡᠯᠦᠩᠭᠦᠢ ᠲᠣᠬᠢᠷᠠᠭᠤᠯᠤᠯᠲᠠ ᠬᠠᠮᠢᠶᠠᠷᠤᠯᠲᠠ︾ — ︽ᠡᠮ ᠤᠨ ᠵᠦᠢᠯ ᠢ ᠭᠤᠶᠤᠴᠢᠯᠠᠨ ᠮᠡᠳᠡᠭᠦᠯᠬᠦ ᠶᠢ ᠵᠠᠷᠯᠠᠨ ᠨᠡᠶᠢᠲᠡᠯᠡᠬᠦ︾  ᠪᠤᠯᠤᠩ ᠳᠤ ᠣᠷᠣᠵᠤ ᠬᠠᠮᠢᠶ᠎ᠠ ᠪᠦᠬᠦᠢ ᠡᠮ ᠤᠨ ᠵᠦᠢᠯ ᠤᠨ  ᠰᠤᠷᠠᠭ ᠵᠠᠩᠭᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠪᠠᠶᠢᠴᠠᠭᠠᠨ ᠦᠵᠡᠬᠦ ᠬᠡᠷᠡᠭᠲᠡᠢ᠃  ᠭᠤᠷᠪᠠ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠨᠤᠲᠠᠯᠠᠬᠤ  ᠬᠢᠨᠠᠨ ᠬᠠᠷᠭᠤᠭᠤᠯᠤᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠬᠦᠰᠦᠨᠦᠭ ᠲᠠᠬᠢ ᠡᠮ ᠤᠨ ᠵᠦᠢᠯ ᠤᠨ ᠦᠨ᠎ᠡ ᠬᠠᠩᠰᠢ ᠶᠢᠨ ᠢᠷᠡᠯᠲᠡ ᠨᠢ ᠲᠤᠰᠬᠠᠢ ᠮᠡᠷᠭᠡᠵᠢᠯᠲᠡᠨ ᠤ ᠵᠥᠪᠯᠡᠭᠰᠡᠨ ᠦᠨ᠎ᠡ ᠬᠠᠩᠰᠢ ᠪᠠᠶᠢᠪᠠᠯ᠂ ᠠᠵᠤ ᠠᠬᠤᠶᠢᠯᠠᠯ ᠨᠢ ᠵᠠᠷᠯᠠᠨ ᠨᠡᠶᠢᠲᠡᠯᠡᠬᠦ ᠬᠤᠭᠤᠴᠠᠭᠠᠨ ᠳᠤ ᠡᠷᠬᠡᠪᠰᠢ ᠵᠥᠪᠯᠡᠭᠰᠡᠨ ᠦᠨ᠎ᠡ ᠬᠠᠩᠰᠢ ᠶᠢᠨ ᠦᠷ᠎ᠡ ᠳ᠋ᠦᠩ ᠢ ᠨᠤᠲᠠᠯᠠᠨ ᠲᠣᠭᠲᠠᠭᠠᠵᠤ᠂ ᠨᠤᠲᠠᠯᠠᠨ ᠲᠣᠭᠲᠠᠭᠠᠭᠰᠠᠨ ᠤ ᠳᠠᠷᠠᠭ᠎ᠠ ᠰᠠᠶ᠋ᠢ ᠠᠷᠠᠯᠵᠢᠶᠠᠯᠠᠬᠤ ᠰᠢᠰᠲ᠋ᠧᠮ ᠳᠤ ᠣᠷᠣᠭᠤᠯᠵᠤ ᠪᠣᠯᠣᠨ᠎ᠠ᠂ ᠬᠤᠭᠤᠴᠠᠭ᠎ᠠ ᠬᠡᠲᠦᠷᠡᠲᠡᠯ᠎ᠡ ᠨᠤᠲᠠᠯᠠᠨ ᠵᠥᠪᠰᠢᠶᠡᠷᠡᠭᠰᠡᠨ ᠦᠭᠡᠢ ᠪᠣᠯ ᠭᠤᠶᠤᠴᠢᠯᠠᠨ ᠮᠡᠳᠡᠭᠦᠯᠬᠦ ᠪᠠᠨ ᠪᠣᠯᠢᠭᠰᠠᠨ ᠢᠶᠠᠷ ᠦᠵᠡᠨ᠎ᠡ᠃  ᠳᠥᠷᠪᠡ᠂ ᠬᠢᠨᠠᠨ ᠬᠠᠷᠭᠤᠭᠤᠯᠤᠭᠰᠠᠨ ᠦᠷ᠎ᠡ ᠳ᠋ᠦᠩ ᠤᠨ ᠣᠨᠳᠣᠣ ᠰᠠᠨᠠᠯ ᠢ ᠰᠢᠢᠳᠪᠦᠷᠢᠯᠡᠬᠦ  ︵ᠨᠢᠭᠡ︶ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠬᠡᠷᠪᠡ ᠡᠮ ᠤᠨ ᠵᠦᠢᠯ ᠢ ᠬᠤᠳᠠᠯᠳᠤᠨ ᠠᠪᠬᠤ ᠠᠷᠭ᠎ᠠ ᠮᠠᠶ᠋ᠢᠭ ᠪᠠ ᠬᠢᠵᠠᠭᠠᠷᠯᠠᠭᠰᠠᠨ ᠦᠨ᠎ᠡ ᠬᠠᠩᠰᠢ ᠶᠢ ᠬᠢᠨᠠᠨ ᠬᠠᠷᠭᠤᠭᠤᠯᠤᠭᠰᠠᠨ ᠦᠷ᠎ᠡ ᠳ᠋ᠦᠩ ᠳᠤ ᠰᠠᠨᠠᠯ ᠲᠠᠢ ᠪᠠᠶᠢᠪᠠᠯ᠂ ︽ᠬᠡᠨ ᠦᠵᠡᠯᠲᠡ ᠲᠤᠷᠠᠳᠪᠠᠯ᠂ ᠲᠡᠷᠡ ᠭᠡᠷᠡᠴᠢ ᠬᠠᠩᠭᠠᠬᠤ︾ ᠵᠠᠷᠴᠢᠮ ᠶᠣᠰᠣᠭᠠᠷ ᠦᠨᠡᠨ ᠪᠣᠳᠠᠲᠠᠢ᠂ ᠬᠦᠴᠦᠨ  ᠪᠦᠬᠦᠢ᠂ ᠪᠦᠷᠢᠨ ᠭᠦᠢᠴᠡᠳ ᠭᠡᠷᠡᠴᠢ ᠪᠠᠷᠢᠮᠲᠠ ᠬᠠᠩᠭᠠᠵᠤ᠂ ᠬᠤᠭᠤᠴᠠᠭ᠎ᠠ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠲᠤᠰᠢᠶᠠᠭᠰᠠᠨ ᠦᠭᠡᠢ ᠪᠠᠶᠢᠪᠠᠯ ᠲᠠᠬᠢᠨ ᠭᠥᠯᠢᠶᠡᠨ ᠠᠪᠴᠤ ᠰᠢᠢᠳᠪᠦᠷᠢᠯᠡᠬᠦ ᠦᠭᠡᠢ᠃  ︵ᠬᠤᠶᠠᠷ︶ ᠮᠡᠳᠡᠭᠦᠯᠬᠦ ᠬᠢᠷᠢ ᠬᠡᠮ ᠤᠨ ᠰᠤᠷᠠᠭ ᠵᠠᠩᠭᠢ ᠨᠢ ᠪᠦᠷᠢᠨ ᠪᠤᠰᠤ ᠪᠠ ᠲᠤᠰᠢᠶᠠᠭᠰᠠᠨ ᠮᠠᠲ᠋ᠧᠷᠢᠶᠠᠯ  ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠵᠡᠷᠭᠡ ᠰᠢᠯᠲᠠᠭᠠᠨ ᠠᠴᠠ ᠪᠣᠯᠵᠤ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠦᠭᠡᠢ ᠪᠠᠶᠢᠪᠠᠯ᠂ 2023 ᠣᠨ ᠤ 1 ᠳ᠋ᠦ᠋ᠭᠡᠷ ᠰᠠᠷ᠎ᠠ ᠳᠤ  ᠲᠠᠬᠢᠨ ᠮᠡᠳᠡᠬᠦᠯᠵᠦ ᠂ ᠭᠤᠮᠣᠳᠠᠯ ᠲᠣᠭᠠᠴᠢᠭᠰᠠᠨ ᠮᠠᠲ᠋ᠧᠷᠢᠶᠠᠯ ᠢᠶᠠᠨ ᠲᠤᠰᠢᠶᠠᠬᠤ ᠴᠢᠬᠤᠯᠠ ᠦᠭᠡᠢ᠃  ︵ᠭᠤᠷᠪᠠ︶ ᠠᠵᠤ ᠠᠬᠤᠶᠢᠯᠠᠯ ᠤᠨ ᠳᠡᠪᠰᠢᠭᠦᠯᠦᠭᠰᠡᠨ ᠭᠤᠶᠤᠴᠢᠯᠠᠬᠤ ︵ ᠢᠯᠡᠴᠢᠯᠡᠨ ᠮᠡᠳᠡᠬᠦᠯᠬᠦ︶ ᠵᠠᠭᠠᠯᠳᠤᠯᠭ᠎ᠠ ᠶᠢᠨ ᠮᠠᠲ᠋ᠧᠷᠢᠶᠠᠯ ᠳᠤ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ︾ ︵ᠳᠠᠭᠠᠯᠳᠤᠭᠤᠯᠤᠯ 1︶᠂ ︽ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ︾ ︵ᠳᠠᠭᠠᠯᠳᠤᠭᠤᠯᠤᠯ 2︶᠂ ︽ᠪᠠᠶᠢᠳᠠᠯ ᠤᠨ ᠲᠣᠳᠣᠷᠬᠠᠶᠢᠯᠠᠯᠲᠠ︾  ᠪᠠ ᠬᠠᠮᠢᠶ᠎ᠠ ᠪᠦᠬᠦᠢ ᠲᠣᠳᠣᠷᠬᠠᠢ ᠪᠥᠭᠡᠳ ᠬᠦᠴᠦᠨ  ᠪᠦᠬᠦᠢ ᠭᠡᠷᠡᠴᠢᠯᠡᠬᠦ ᠮᠠᠲ᠋ᠧᠷᠢᠶᠠᠯ ᠪᠠᠭᠲᠠᠨ᠎ᠠ᠃  ︵ᠳᠥᠷᠪᠡ︶ ᠲᠤᠰᠢᠶᠠᠬᠤ ᠠᠷᠭ᠎ᠠ ᠮᠠᠶ᠋ᠢᠭ᠄ ᠱᠠᠭᠠᠷᠳᠠᠯᠭ᠎ᠠ ᠶᠣᠰᠣᠭᠠᠷ ᠭᠤᠮᠣᠳᠠᠯ ᠲᠣᠭᠠᠴᠢᠬᠤ ᠮᠠᠲ᠋ᠧᠷᠢᠶᠠᠯ ᠢᠶᠠᠨ ᠪᠡᠯᠡᠳᠬᠡᠵᠦ PDF ᠤᠨ ᠬᠡᠯᠪᠡᠷᠢ ᠪᠠᠷ ᠲᠣᠭᠲᠠᠭᠰᠠᠨ ᠢᠮᠧᠯ ᠳᠤ  ᠢᠯᠡᠭᠡᠵᠦ ᠂ ᠣᠯᠠᠨ ᠵᠦᠢᠯ ᠤᠨ ᠠᠭᠤᠯᠭ᠎ᠠ ᠶᠢ PDF ᠤᠨ ᠪᠢᠴᠢᠭ ᠮᠠᠲ᠋ᠧᠷᠢᠶᠠᠯ ᠪᠣᠯᠭᠠᠬᠤ ᠬᠡᠷᠡᠭᠲᠡᠢ᠃  ︵ᠲᠠᠪᠤ︶ ᠢᠯᠡ ᠨᠡᠶᠢᠲᠡᠯᠡᠬᠦ ᠬᠤᠭᠤᠴᠠᠭᠠᠨ ᠳᠤ ᠭᠥᠯᠢᠶᠡᠨ ᠠᠪᠤᠭᠰᠠᠨ ᠭᠤᠶᠤᠴᠢᠯᠠᠬᠤ ︵ᠢᠯᠡᠴᠢᠯᠡᠨ ᠮᠡᠳᠡᠬᠦᠯᠬᠦ︶ ᠵᠠᠭᠠᠯᠳᠤᠯᠭ᠎ᠠ ᠶᠢ ᠲᠥᠪᠯᠡᠷᠡᠭᠦᠯᠦᠨ ᠰᠢᠢᠳᠪᠦᠷᠢᠯᠡᠵᠦ᠂ ᠲᠤᠬᠠᠢ ᠶᠢᠨ ᠦᠶ᠎ᠡ ᠳᠤ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠬᠤᠳᠠᠯᠳᠤᠨ ᠠᠪᠬᠤ ᠰᠦᠯᠵᠢᠶ᠎ᠡ ᠪᠠᠷ ᠦᠷ᠎ᠡ ᠳ᠋ᠦᠩ ᠢ ᠨᠢᠭᠡᠳᠦᠯᠲᠡᠢ ᠨᠡᠶᠢᠲᠡᠯᠡᠨ᠎ᠡ᠃   ᠲᠠᠪᠤ᠂  ᠢᠯᠡ ᠨᠡᠶᠢᠲᠡᠯᠡᠬᠦ ᠴᠠᠭ  2022 ᠣᠨ ᠤ12 ᠳ᠋ᠤᠭᠠᠷ ᠰᠠᠷ᠎ᠠ ᠶᠢᠨ 23 ᠤ ᠡᠳᠦᠷ ᠠᠴᠠ 12 ᠳ᠋ᠤᠭᠠᠷ ᠰᠠᠷ᠎ᠠ ᠶᠢᠨ 29 ᠤ ᠡᠳᠦᠷ ᠪᠤᠯᠲᠠᠯ᠎ᠠ᠃   ᠵᠢᠷᠭᠤᠭ᠎ᠠ᠂  ᠬᠠᠷᠢᠯᠴᠠᠬᠤ ᠠᠷᠭ᠎ᠠ ᠮᠠᠶ᠋ᠢᠭ  0471-4930630 ︵ᠦᠢᠯᠡᠴᠢᠯᠡᠭᠡᠨ ᠤ ᠠᠰᠠᠭᠤᠨ ᠯᠠᠪᠯᠠᠬᠤ ᠤᠲᠠᠰᠤ︶  ᠢᠮᠧᠯ᠄  nmypcg@163.com  ᠳᠠᠭᠠᠯᠳᠤᠭᠤᠯᠤᠯ᠄ 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ  2. ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠬᠤ ᠪᠢᠴᠢᠭ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ  2022ᠣᠨ ᠤ 12 ᠳ᠋ᠤᠭᠠᠷ ᠰᠠᠷ᠎ᠠ ᠶᠢᠨ 23 ᠤ ᠡᠳᠦᠷ

 

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号