ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠬᠡᠶᠢᠯᠡᠨ ᠵᠠᠰᠠᠬᠤ ᠡᠮ ᠤᠨ ᠵᠦᠢᠯ ᠳᠠᠬᠢ ᠬᠤᠷᠣᠭᠳᠠᠯ ᠲᠠᠢ ᠮᠠᠲ᠋ᠧᠷᠢᠶᠠᠯ ᠢ ᠣᠷᠣᠭᠤᠯᠬᠤ ᠪᠠ ᠦᠨ᠎ᠡ ᠬᠠᠩᠰᠢ ᠳᠤ ᠬᠢᠨᠠᠯᠳᠠ ᠳᠠᠯᠪᠢᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/24
  ᠥᠪᠥᠷ ᠮᠣᠩᠭᠤᠯ ᠤᠨ ᠡᠮ ᠡᠮᠨᠡᠯᠬᠡ ᠬᠤᠳᠠᠯᠳᠣᠨ ᠠᠪᠬᠤ  ᠲᠥᠪ ᠤᠨ ᠦᠰᠦᠭ ﹇2022﹈271 ᠳ᠋ᠣᠭᠡᠷ ᠲᠣᠭᠠᠲᠤ    ᠡᠯ᠎ᠡ ᠬᠤᠯᠪᠣᠭᠳᠠᠯ ᠪᠦᠬᠦᠢ ᠨᠢᠭᠡᠴᠡ ᠳᠤ᠄    ᠬᠢᠵᠢᠭ ᠢ ᠰᠡᠷᠭᠡᠶᠢᠯᠡᠨ ᠡᠵᠡᠮᠳᠡᠬᠦ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠮᠴᠢᠯᠡᠭᠡᠨ ᠤ ᠪᠠᠶᠢᠭᠤᠯᠤᠮᠵᠢ ᠡᠮ ᠤᠨ ᠵᠦᠢᠯ ᠤᠨ ᠬᠤᠷᠣᠭᠳᠠᠯ ᠲᠠᠢ ᠮᠠᠲ᠋ᠧᠷᠢᠶᠠᠯ ᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠶᠢᠨ ᠲᠤᠰᠠᠳᠠ᠂ ᠤᠳᠤ ᠬᠤᠯᠪᠣᠭᠳᠠᠯ ᠪᠦᠬᠦᠢ ᠠᠵᠢᠯ ᠢ ᠳᠣᠣᠷᠠᠬᠢ ᠮᠡᠲᠦ ᠮᠡᠳᠡᠭᠳᠡᠶ᠎ᠡ᠃    ᠨᠢᠭᠡ᠂ ᠬᠤᠳᠠᠯᠳᠣᠨ ᠠᠪᠬᠤ ᠠᠷᠭ᠎ᠠ ᠵᠠᠮ ᠢ ᠰᠢᠯᠤᠭᠤᠳᠬᠠᠨ᠂ ᠪᠦᠳᠦᠬᠡᠭᠳᠡᠬᠦᠨ ᠤ ᠬᠠᠩᠭᠠᠯᠭ᠎ᠠ ᠶᠢ ᠪᠠᠲᠤᠯᠠᠬᠤ ᠬᠡᠷᠡᠭᠲᠡᠢ᠃    ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠤᠯᠤᠰ ᠤᠨ ᠲᠥᠰᠥᠯ ᠳᠤ ᠬᠤᠯᠪᠣᠭᠳᠠᠬᠤ ᠡᠮ ᠳᠠᠩ ᠤᠨ ᠵᠦᠢᠯ ᠳᠠᠬᠢ ᠬᠤᠷᠣᠭᠳᠠᠯ ᠲᠠᠢ ᠮᠠᠲ᠋ᠧᠷᠢᠶᠠᠯ ᠢ ︽ᠰᠦᠯᠵᠢᠶᠡᠨ ᠳᠡᠭᠡᠷ᠎ᠡ ᠢᠯᠡ ᠳᠣᠳᠣᠷᠬᠠᠢ ᠪᠠᠶᠢᠯᠭᠠᠬᠤ︾ ᠵᠠᠮ ᠢ ᠨᠡᠭᠡᠭᠡᠵᠦ᠂ ᠠᠵᠤ ᠠᠬᠤᠶᠢᠯᠠᠯ ᠤᠳ ᠴᠠᠭ ᠲᠤᠬᠠᠢ ᠳᠤᠨᠢ ᠮᠡᠳᠡᠬᠦᠯᠦᠨ᠂ ᠴᠠᠭ ᠲᠤᠬᠠᠢ ᠳᠤᠨᠢ ᠰᠦᠯᠵᠢᠶᠡᠨ ᠳᠤ ᠨᠡᠶᠢᠳᠡᠯᠡᠨ᠎ᠡ᠃ ᠡᠭᠦᠨ ᠳᠤ ᠮᠠᠨ ᠤ ᠣᠷᠣᠨ ᠳᠤ ᠰᠦᠯᠵᠢᠶᠡᠨ ᠳᠤ ᠨᠡᠶᠢᠳᠡᠯᠡᠭᠡ ᠦᠭᠡᠢ᠂ ᠡᠮᠴᠢᠯᠡᠭᠡᠨ ᠳᠤ ᠪᠠᠴᠢᠮ ᠬᠡᠷᠡᠭᠯᠡᠬᠦ ᠴᠢᠬᠤᠯᠠᠲᠠᠢ ᠡᠮ ᠳᠠᠩ ᠤᠨ ᠵᠦᠢᠯ ᠳᠠᠬᠢ ᠬᠤᠷᠣᠭᠳᠠᠯ ᠲᠠᠢ ᠮᠠᠲ᠋ᠧᠷᠢᠶᠠᠯ ᠢ ᠪᠠᠴᠢᠮ ᠪᠠᠶᠢᠳᠠᠯ ᠢ ᠠᠷᠭᠠᠴᠠᠭᠠᠬᠤ ᠶᠢᠨ ᠳᠦᠯᠦᠬᠡ ᠡᠮᠴᠢᠯᠡᠭᠡᠨ ᠤ ᠪᠠᠶᠢᠭᠤᠯᠤᠮᠵᠢ ᠨᠤᠭᠤᠳ ᠰᠦᠯᠵᠢᠶᠡᠨ ᠤ ᠭᠠᠳᠠᠨ᠎ᠠ ᠠᠴᠠ ᠬᠤᠳᠠᠯᠳᠤᠨ ᠠᠪᠴᠤ ᠪᠣᠯᠣᠨ᠎ᠠ᠂ ᠬᠤᠳᠠᠯᠳᠤᠨ ᠠᠪᠤᠬᠰᠠᠨ ᠤ ᠳᠠᠷᠠᠭ᠎ᠠ 7 ᠠᠵᠢᠯᠯᠠᠬᠤ ᠡᠳᠦᠷ ᠤᠨ ᠳᠣᠲᠣᠷ᠎ᠠ ᠪᠠᠶᠢᠭ᠎ᠠ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃   ᠬᠤᠶᠠᠷ᠂ ᠬᠠᠩᠭᠠᠯᠭ᠎ᠠ ᠬᠡᠷᠡᠭᠴᠡᠭᠡ ᠶᠢ ᠠᠪᠤᠴᠠᠯᠳᠣᠭᠤᠯᠬᠤ ᠶᠢ ᠴᠢᠩᠭᠠᠳᠬᠠᠵᠤ᠂ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃   ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠬᠠᠮᠢᠶᠠᠳᠠᠢ ᠡᠮ ᠳᠠᠩ ᠤᠨ ᠵᠦᠢᠯ ᠳᠠᠬᠢ ᠬᠤᠷᠣᠭᠳᠠᠯ ᠲᠠᠢ ᠮᠠᠲ᠋ᠧᠷᠢᠶᠠᠯ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠣᠴᠠᠲᠠᠢ ᠠᠳᠬᠤᠵᠦ᠂ ᠴᠢᠯᠦᠬᠡᠳᠡᠢ ᠪᠠᠷ ᠪᠠᠷᠠᠭ᠎ᠠ ᠨᠦᠬᠦᠪᠦᠷᠢᠯᠡᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠭᠤᠣᠯᠳᠠᠯᠭ᠎ᠠ ᠲᠠᠢ ᠪᠤᠳᠤᠯᠬᠢᠯᠠᠵᠦ᠂ ᠬᠡᠳᠦᠷᠬᠡᠢ ᠣᠯᠠᠨ ᠳᠠᠷᠣᠵᠦ ᠬᠠᠳᠠᠭᠠᠯᠠᠬᠤ ᠠᠴᠠ ᠵᠠᠶᠢᠯᠠᠰᠬᠢᠬᠦ ᠬᠡᠷᠡᠭᠲᠡᠢ᠃ ᠬᠠᠩᠭᠠᠬᠤ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠬᠢᠵᠢᠭ ᠢ ᠰᠡᠷᠭᠡᠶᠢᠯᠡᠬᠦ ᠡᠮ ᠳᠠᠩ ᠤᠨ ᠵᠦᠢᠯ ᠳᠠᠬᠢ ᠬᠤᠷᠣᠭᠳᠠᠯ ᠲᠠᠢ ᠮᠠᠲ᠋ᠧᠷᠢᠶᠠᠯ ᠢ ᠰᠢᠨ᠎ᠡ ᠪᠠᠷ ᠣᠷᠣᠭᠤᠯᠵᠦ᠂ ᠬᠠᠩᠭᠠᠵᠤ ᠪᠠᠶᠢᠭ᠎ᠠ ᠪᠠᠶᠢᠳᠠᠯ ᠢ ᠮᠦᠷᠴᠢᠯᠡᠨ ᠪᠠᠶᠢᠴᠠᠭᠠᠵᠤ᠂ ᠬᠠᠩᠭᠠᠯᠭ᠎ᠠ ᠪᠠᠴᠢᠮ ᠪᠠᠶᠢᠭ᠎ᠠ ᠭᠤᠣᠯᠳᠠᠯᠭ᠎ᠠ ᠲᠠᠢ ᠲᠥᠷᠥᠯ ᠵᠦᠢᠯ ᠳᠤ ᠬᠠᠮᠢᠶᠠᠳᠠᠢ ᠰᠠᠯᠠᠭ᠎ᠠ ᠮᠥᠴᠢᠷ ᠲᠠᠢ ᠬᠠᠮᠲᠤᠷᠠᠨ᠂ ᠦᠢᠯᠡᠳᠪᠦᠷᠢᠯᠡᠬᠦ ᠠᠵᠤ ᠠᠬᠤᠶᠢᠯᠠᠯ ᠲᠠᠢ ᠢᠳᠡᠪᠬᠢᠲᠡᠢ ᠬᠠᠷᠢᠯᠴᠠᠵᠤ᠂ ᠬᠠᠩᠭᠠᠯᠭ᠎ᠠ ᠬᠡᠷᠡᠭᠴᠡᠭᠡ ᠶᠢ ᠰᠠᠶᠢᠲᠤᠷ ᠠᠪᠤᠴᠠᠯᠳᠣᠭᠤᠯᠬᠤ ᠬᠡᠷᠡᠭᠲᠡᠢ᠃    ᠭᠤᠷᠪᠠ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠦᠨ᠎ᠡ ᠬᠠᠩᠰᠢ  ᠳᠤ ᠬᠢᠨᠠᠯᠳᠠ ᠳᠠᠯᠪᠢᠬᠤ  ᠬᠡᠷᠡᠭᠲᠡᠢ᠃    ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠠᠮᠢᠶᠠᠳᠠᠢ ᠡᠮ ᠳᠠᠩ ᠤᠨ ᠵᠦᠢᠯ ᠳᠠᠬᠢ ᠬᠤᠷᠣᠭᠳᠠᠯ ᠲᠠᠢ ᠮᠠᠲ᠋ᠧᠷᠢᠶᠠᠯ ᠬᠤᠳᠠᠯᠳᠣᠨ ᠠᠪᠬᠤ ᠦᠨ᠎ᠡ ᠬᠠᠩᠰᠢ  ᠳᠤ ᠬᠢᠨᠠᠯᠳᠠ ᠳᠠᠯᠪᠢᠬᠤ ᠡᠷᠴᠢᠮ  ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ  ᠳᠤ ᠬᠢᠨᠠᠯᠳᠠ ᠳᠠᠯᠪᠢᠬᠤ ᠰᠠᠯᠠᠭ᠎ᠠ ᠮᠥᠴᠢᠷ  ᠤᠨ ᠦᠨ᠎ᠡ ᠬᠠᠩᠰᠢ ᠳᠤ ᠬᠢᠨᠠᠯᠲᠠ ᠳᠠᠯᠪᠢᠬᠤ ᠠᠵᠢᠯ ᠲᠠᠢ ᠬᠠᠮᠳᠣᠷᠠᠨ ᠠᠵᠢᠯᠯᠠᠬᠤ ᠶᠢ ᠪᠠᠲᠤᠯᠠᠵᠤ᠂ ᠦᠨ᠎ᠡ ᠬᠠᠩᠰᠢ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ᠂ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ  ᠠᠴᠠ ᠬᠠᠩᠭᠠᠯᠭ᠎ᠠ ᠪᠠᠴᠢᠮ ᠪᠠᠶᠢᠭ᠎ᠠ ᠭᠤᠣᠯᠳᠠᠯᠭ᠎ᠠ ᠲᠠᠢ ᠡᠮ ᠳᠠᠩ ᠤᠨ ᠵᠦᠢᠯ ᠳᠠᠬᠢ ᠬᠤᠷᠣᠭᠳᠠᠯ ᠲᠠᠢ ᠮᠠᠲ᠋ᠧᠷᠢᠶᠠᠯ  ᠢ ᠬᠤᠳᠠᠯᠳᠣᠨ ᠠᠪᠬᠤ ᠦᠨ᠎ᠡ ᠬᠠᠩᠰᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠨ ᠬᠢᠨᠠᠵᠦ᠂ ᠪᠠᠶᠢᠳᠠᠯ ᠢ ᠨᠢ ᠦᠵᠡᠵᠦ ᠪᠠᠶᠢᠭᠠᠳ ᠵᠠᠬᠢᠳᠠᠯ ᠢᠶᠠᠷ ᠯᠠᠪᠯᠠᠬᠤ᠂ ᠪᠣᠯᠵᠣᠨ ᠶᠠᠷᠢᠯᠴᠠᠬᠤ ᠪᠤᠶᠤ ᠢᠲᠡᠭᠡᠮᠵᠢ ᠶᠢᠨ ᠦᠨᠡᠯᠡᠯᠲᠡ ᠬᠢᠬᠦ ᠵᠡᠷᠭᠡ ᠠᠷᠭ᠎ᠠ ᠠᠪᠴᠦ᠂ ᠳᠣᠷ᠎ᠠ ᠳᠠᠪᠠ ᠪᠠᠷ ᠢᠶᠠᠨ ᠦᠨ᠎ᠡ ᠥᠰᠬᠡᠬᠦ ᠦᠶᠯᠡ ᠠᠵᠢᠯᠯᠠᠭ᠎ᠠ ᠶᠢ ᠬᠢᠵᠠᠭᠠᠷᠯᠠᠬᠤ ᠭᠡᠷᠡᠭᠳᠡᠢ᠃    ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠬᠡ ᠶᠢᠨ ᠬᠤᠳᠠᠯᠳᠣᠨ ᠠᠪᠬᠤ ᠲᠥᠪ             2022 ᠣᠨ ᠤ 12 ᠳ᠋ᠣᠭᠠᠷ ᠰᠠᠷ᠎ᠠ ᠶᠢᠨ 24 ᠤ ᠡᠳᠦᠷ   
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠬᠡ ᠶᠢᠨ ᠬᠤᠳᠠᠯᠳᠣᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号