ᠰᠢᠯᠢ ᠶᠢᠨ ᠭᠤᠣᠯ ᠠᠶᠢᠮᠠᠭ ᠤᠨ ᠡᠮᠴᠢᠯᠡᠬᠡᠨ ᠤ ᠪᠠᠲᠤᠯᠠᠭ᠎ᠠ ᠶᠢᠨ ᠳᠣᠪᠴᠢᠶ᠎ᠠ ᠶᠢᠨ ᠰᠢᠯᠢ ᠶᠢᠨ ᠭᠤᠣᠯ ᠠᠶᠢᠮᠠᠭ ᠤᠨ ᠡᠮ  ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠲᠠᠢ ᠮᠠᠲ᠋ᠧᠷᠢᠶᠠᠯ ᠬᠠᠩᠭᠠᠬᠤ ᠨᠦᠬᠦᠪᠦᠷᠢ ᠠᠵᠤ ᠠᠬᠤᠶᠢᠯᠠᠯ ᠶᠢ ᠬᠢᠨᠠᠨ ᠵᠦᠪᠰᠢᠶᠡᠷᠡᠭᠰᠡᠨ ᠨᠡᠷᠡᠰ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/26
  ᠰᠢᠯᠢ ᠶᠢᠨ ᠭᠤᠣᠯ ᠤᠨ ᠡᠮᠴᠢᠯᠡᠬᠡᠨ ᠤ ᠪᠠᠳᠣᠯᠭ᠎ᠠ  ᠶᠢᠨ  ᠠᠯᠪᠠᠨ ᠥᠰᠥᠭ ﹇2022﹈83 ᠳ᠋ᠤᠭᠠᠷ ᠲᠣᠭᠠᠲᠤ     ᠡᠮ  ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠲᠠᠢ ᠮᠠᠲ᠋ᠧᠷᠢᠶᠠᠯ ᠬᠠᠩᠭᠠᠬᠤ ᠠᠵᠤ       ᠠᠬᠤᠶᠢᠯᠠᠯ ᠳᠤ᠄    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ  ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠲᠠᠢ ᠮᠠᠲ᠋ᠧᠷᠢᠶᠠᠯ ᠣᠷᠣᠭᠤᠯᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠳᠣᠪᠴᠢᠶᠠᠨ ᠤ ᠮᠡᠳᠡᠭᠳᠡᠯ︾ ︵ᠥᠪᠥᠷ ᠡᠮᠴᠢᠯᠡᠬᠡᠨ ᠤ ᠪᠠᠳᠣᠯᠭ᠎ᠠ ᠠᠯᠪᠠᠨ ᠠᠴᠠ ᠨᠡᠶᠢᠳᠡᠯᠡᠭᠰᠡᠨ﹇2019﹈ 41 ᠳ᠋ᠣᠭᠡᠷ ᠲᠣᠭᠠᠲᠤ︶ ᠪᠠ ︽ᠰᠢᠯᠢ ᠶᠢᠨ ᠭᠤᠣᠯ ᠠᠶᠢᠮᠠᠭ ᠤᠨ ᠡᠮ  ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠲᠠᠢ ᠮᠠᠲ᠋ᠧᠷᠢᠶᠠᠯ ᠬᠠᠩᠭᠠᠬᠤ ᠨᠦᠬᠦᠪᠦᠷᠢ ᠠᠵᠤ ᠠᠬᠤᠶᠢᠯᠠᠯ ᠢ ᠬᠢᠨᠠᠨ ᠵᠦᠪᠰᠢᠶᠡᠷᠡᠭᠰᠡᠨ ᠳ᠋ᠦᠩ ᠢ ᠢᠯᠡ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠳᠣᠪᠴᠢᠶᠠᠨ ᠤ ᠮᠡᠳᠡᠭᠳᠡᠯ︾ ︵ᠰᠢᠯᠢ ᠶᠢᠨ ᠭᠤᠣᠯ ᠡᠮᠴᠢᠯᠡᠬᠡᠨ ᠤ ᠪᠠᠳᠣᠯᠭ᠎ᠠ ᠠᠯᠪᠠᠨ ᠥᠰᠥᠭ ﹇2022﹈82 ᠳ᠋ᠤᠭᠠᠷ ᠲᠣᠭᠠᠲᠤ︶ ᠤᠨ ᠳᠠᠭᠠᠤ᠂ ᠤᠳᠤ ᠰᠢᠯᠢ ᠶᠢᠨ ᠭᠤᠣᠯ ᠠᠶᠢᠮᠠᠭ ᠤᠨ ᠡᠮ ᠳᠠᠩ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠲᠠᠢ ᠮᠠᠲ᠋ᠧᠷᠢᠶᠠᠯ ᠬᠠᠩᠭᠠᠬᠤ ᠨᠦᠬᠦᠪᠦᠷᠢ ᠠᠵᠤ ᠠᠬᠤᠶᠢᠯᠠᠯ  ᠢ ᠬᠢᠨᠠᠨ ᠵᠦᠪᠰᠢᠶᠡᠷᠡᠭᠰᠡᠨ ᠨᠡᠷᠡᠰ ᠢ ᠨᠡᠶᠢᠲᠡᠯᠡᠬᠦ ᠶᠢᠨ      ᠬᠠᠮᠲᠤ᠂ ᠬᠠᠮᠢᠶᠠᠳᠠᠢ ᠪᠠᠶᠢᠳᠠᠯ ᠢ ᠮᠡᠳᠡᠭᠳᠡᠵᠦ ᠪᠠᠶᠢᠨ᠎ᠠ᠄    ᠨᠢᠭᠡ᠂ ᠰᠢᠯᠢ ᠶᠢᠨ ᠭᠤᠣᠯ ᠠᠶᠢᠮᠠᠭ ᠤᠨ ᠡᠮ  ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠲᠠᠢ ᠮᠠᠲ᠋ᠧᠷᠢᠶᠠᠯ ᠬᠠᠩᠭᠠᠬᠤ ᠨᠦᠬᠦᠪᠦᠷᠢ ᠠᠵᠤ ᠠᠬᠤᠶᠢᠯᠠᠯ  ᠢ ᠬᠢᠨᠠᠨ ᠵᠦᠪᠰᠢᠶᠡᠷᠡᠭᠰᠡᠨ ᠨᠡᠷᠡᠰ ︵ᠳᠠᠭᠠᠯᠳᠤᠭᠤᠯᠤᠯ ᠳᠤ ᠦᠵᠡᠭᠡᠷᠡᠢ︶᠃    ᠬᠤᠶᠠᠷ᠂ ᠨᠡᠷᠡᠰ ᠤᠨ ᠵᠢᠭᠰᠠᠭᠠᠯᠲᠠ ᠳᠤ ᠣᠷᠣᠭᠰᠠᠨ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ  ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ᠳᠤ ᠳᠠᠩᠰᠠᠯᠠᠭᠤᠯᠤᠨ ᠭᠡᠷᠡᠴᠢᠯᠡᠭᠦᠯᠦᠭᠰᠡᠨ ᠦᠭᠡᠢ ᠡᠮ  ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠲᠠᠢ ᠮᠠᠲ᠋ᠧᠷᠢᠶᠠᠯ ᠬᠠᠩᠭᠠᠬᠤ ᠠᠵᠤ ᠠᠬᠤᠶᠢᠯᠠᠯ᠂ ᠥᠪᠥᠷ ᠮᠣᠩᠭᠤᠯ ᠤᠨ ᠡᠮᠴᠢᠯᠡᠬᠡᠨ ᠤ ᠪᠠᠳᠣᠯᠭ᠎ᠠ ᠶᠢᠨ ᠣᠯᠠᠨ ᠨᠡᠶᠢᠲᠡ  ᠶᠢᠨ ᠦᠢᠯᠡᠴᠢᠯᠡᠭᠡᠨ ᠤ ᠰᠦᠯᠵᠢᠶ᠎ᠠ  ︵https://ylbzj.nmg.gov.cn/ggfw/hallEnter/00/Index︶ ᠪᠠᠷ᠂ ᠪᠠᠶᠢᠭᠤᠯᠭ᠎ᠠ ᠨᠢᠭᠡᠴᠡ ᠶᠢᠨ ᠲᠤᠬᠠᠶᠢᠯᠠᠭᠰᠠᠨ ᠠᠵᠢᠯ ᠢᠶᠠᠨ ᠳᠠᠨᠢᠯᠴᠠᠭᠤᠯᠬᠤ᠂ ᠳᠠᠩᠰᠠᠯᠠᠭᠤᠯᠬᠤ ᠪᠠ ᠦᠢᠯᠡᠴᠢᠯᠡᠭᠡ ᠪᠠᠨ ᠳᠣᠳᠣᠷᠬᠠᠶᠢᠯᠠᠵᠦ᠂ ᠢᠲᠡᠭᠡᠮᠵᠢ ᠶᠢᠨ ᠪᠢᠴᠢᠭ  ᠢᠶᠠᠨ ᠣᠷᠣᠭᠤᠯᠣᠨ᠂ ᠠᠵᠤ ᠠᠬᠤᠶᠢᠯᠠᠯ ᠤᠨ ᠮᠡᠳᠡᠭᠡ ᠵᠠᠩᠭᠢ ᠶᠢ ᠬᠠᠮᠠᠭᠠᠯᠠᠨ᠂ ᠥᠪᠡᠷᠲᠡᠭᠡᠨ ᠵᠠᠰᠠᠬᠤ ᠣᠷᠣᠨ ᠠᠴᠠ ᠬᠢᠨᠠᠨ ᠵᠦᠪᠰᠢᠶᠡᠷᠡᠭᠰᠡᠨ ᠤ ᠳᠠᠷᠠᠭ᠎ᠠ᠂ ᠠᠶᠢᠮᠠᠭ ᠤᠨ ᠡᠮᠴᠢᠯᠡᠬᠡᠨ ᠤ ᠪᠠᠳᠣᠯᠭᠠᠨ ᠤ ᠲᠣᠪᠴᠢᠶ᠎ᠠ ᠨᠢ ᠰᠢᠯᠢ ᠶᠢᠨ ᠭᠤᠣᠯ ᠠᠶᠢᠮᠠᠭ ᠲᠤ ᠬᠠᠩᠭᠠᠬᠤ ᠡᠷᠬᠡ ᠶᠢ ᠣᠯᠭᠤᠨ᠎ᠠ᠃    ᠭᠤᠷᠪᠠ᠂ ᠬᠢᠨᠠᠨ ᠵᠦᠪᠰᠢᠶᠡᠷᠡᠭᠰᠡᠨ ᠨᠡᠷᠡᠰ ᠤᠨ ᠳᠣᠲᠣᠷ᠎ᠠ ᠥᠪᠥᠷ ᠮᠣᠩᠭᠤᠯ ᠤᠨ ᠡᠮᠴᠢᠯᠡᠭᠡᠨ ᠤ ᠪᠠᠳᠣᠯᠭ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶ᠎ᠡ ᠳᠤ ᠨᠢᠭᠡᠨᠲᠡ ᠳᠠᠩᠰᠠᠯᠠᠭᠤᠯᠤᠨ ᠪᠠᠲᠤᠯᠠᠭᠤᠯᠤᠭᠰᠠᠨ ᠡᠮ  ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠲᠠᠢ ᠮᠠᠲ᠋ᠧᠷᠢᠶᠠᠯ ᠬᠠᠩᠭᠠᠬᠤ ᠠᠵᠤ ᠠᠬᠤᠶᠢᠯᠠᠯ ᠳᠤ᠂ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠨᠢ ᠰᠢᠯᠢ ᠶᠢᠨ ᠭᠤᠣᠯ ᠠᠶᠢᠮᠠᠭ ᠲᠤ ᠬᠠᠩᠭᠠᠬᠤ ᠡᠷᠬᠡ ᠶᠢ ᠴᠠᠭ ᠲᠤᠬᠠᠢ ᠳᠤᠨᠢ ᠣᠯᠭᠤᠨ᠎ᠠ᠃    ᠳᠥᠷᠪᠡ᠂ ᠰᠢᠯᠢ ᠶᠢᠨ ᠭᠤᠣᠯ ᠠᠶᠢᠮᠠᠭ ᠲᠤ ᠬᠠᠩᠭᠠᠬᠤ ᠡᠷᠬᠡ ᠶᠢ ᠣᠯᠭᠤᠬᠰᠠᠨ ᠤ ᠳᠠᠷᠠᠭ᠎ᠠ᠂ ᠬᠠᠩᠭᠠᠬᠤ ᠠᠵᠤ ᠠᠬᠤᠶᠢᠯᠠᠯ ᠨᠢ ᠦᠢᠯᠡᠳᠪᠦᠷᠢ ᠲᠠᠢ ᠬᠠᠷᠢᠯᠴᠠᠵᠤ᠂ ᠰᠢᠰᠲ᠋ᠧᠮ ᠤᠨ ᠳᠣᠲᠣᠷ᠎ᠠ ᠪᠠᠨ ᠬᠠᠩᠭᠠᠬᠤ ᠬᠠᠷᠢᠴᠠᠭ᠎ᠠ ᠪᠠᠶᠢᠭᠤᠯᠵᠤ᠂ ︽ᠰᠢᠯᠢ ᠶᠢᠨ ᠭᠤᠣᠯ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠰᠢᠯᠢ ᠶᠢᠨ ᠭᠤᠣᠯ ᠠᠶᠢᠮᠠᠭ ᠤᠨ ᠡᠮ  ᠤᠨ ᠵᠦᠢᠯ ᠪᠠ ᠡᠮᠴᠢᠯᠡᠭᠡᠨ  ᠳᠤ ᠬᠡᠷᠡᠭᠯᠡᠬᠦ ᠬᠤᠷᠣᠭᠳᠠᠯ ᠲᠠᠢ ᠮᠠᠲ᠋ᠧᠷᠢᠶᠠᠯ ᠢ ᠨᠠᠶᠢᠳᠠᠨ ᠬᠠᠩᠭᠠᠬᠤ ᠭᠡᠷ᠎ᠡ ᠶᠢ ᠲᠤᠰᠢᠶᠠᠬᠤ ᠪᠠ ᠬᠢᠨᠠᠨ ᠵᠦᠪᠰᠢᠶᠡᠷᠡᠬᠦ ᠶᠠᠪᠤᠴᠠ ᠶᠢᠨ ᠲᠤᠬᠠᠢ ᠮᠡᠳᠡᠭᠳᠡᠯ︾ ᠤᠨ ᠳᠠᠭᠠᠤ᠂ ᠬᠠᠩᠭᠠᠬᠤ ᠭᠡᠷ᠎ᠡ ᠪᠠᠨ ᠲᠤᠰᠢᠶᠠᠵᠤ᠂ ᠪᠠᠳᠣᠯᠠᠬᠰᠠᠨ ᠤ ᠳᠠᠷᠠᠭ᠎ᠠ ᠰᠠᠶ᠋ᠢ ᠬᠠᠩᠭᠠᠵᠦ ᠪᠣᠯᠣᠨ᠎ᠠ᠃     ᠬᠠᠷᠢᠯᠴᠠᠬᠤ ᠬᠥᠮᠥᠨ᠄ ᠰᠢ ᠴᠢᠩ ᠾᠧ     ᠬᠠᠷᠢᠯᠴᠠᠬᠤ ᠤᠲᠠᠰᠤ᠄ 0479 ︱ 8106985  ᠳᠠᠭᠠᠯᠳᠤᠭᠤᠯᠤᠯ᠄  1. ᠰᠢᠯᠢ ᠶᠢᠨ ᠭᠤᠣᠯ ᠠᠶᠢᠮᠠᠭ ᠤᠨ ᠡᠮ  ᠤᠨ ᠵᠦᠢᠯ ᠬᠠᠩᠭᠠᠬᠤ ᠠᠵᠤ ᠠᠬᠤᠶᠢᠯᠠᠯ ᠢ ᠬᠢᠨᠠᠨ ᠵᠦᠪᠰᠢᠶᠡᠷᠡᠭᠰᠡᠨ ᠨᠡᠷᠡᠰ  2. ᠰᠢᠯᠢ ᠶᠢᠨ ᠭᠤᠣᠯ ᠠᠶᠢᠮᠠᠭ ᠤᠨ ᠡᠮᠨᠡᠯᠭᠡ ᠳᠤ ᠬᠡᠷᠡᠭᠯᠡᠬᠦ ᠬᠤᠷᠣᠭᠳᠠᠯ ᠲᠠᠢ ᠮᠠᠲ᠋ᠧᠷᠢᠶᠠᠯ ᠬᠠᠩᠭᠠᠬᠤ ᠠᠵᠤ ᠠᠬᠤᠶᠢᠯᠠᠯ ᠢ ᠬᠢᠨᠠᠨ ᠵᠦᠪᠰᠢᠶᠡᠷᠡᠭᠰᠡᠨ ᠨᠡᠷᠡᠰ    ᠰᠢᠯᠢ ᠶᠢᠨ ᠭᠤᠣᠯ ᠠᠶᠢᠮᠠᠭ ᠤᠨ ᠡᠮᠴᠢᠯᠡᠬᠡᠨ ᠤ ᠪᠠᠲᠤᠯᠠᠭ᠎ᠠ ᠶᠢᠨ ᠲᠣᠪᠴᠢᠶ᠎ᠠ  2022 ᠣᠨ ᠤ 12 ᠰᠠᠷ᠎ᠠ ᠶᠢᠨ 26 ᠤ ᠡᠳᠦᠷ    ︵ᠲᠣᠰ ᠮᠠᠲ᠋ᠧᠷᠢᠶᠠᠯ ᠢ‌ᠢᠯᠡ  ᠨᠡᠶᠢᠲᠡᠯᠡᠨ᠎ᠡ︶

 

 

 
ᠢᠷᠡᠯᠲᠡ᠄ ᠰᠢᠯᠢ ᠶᠢᠨ ᠭᠤᠣᠯ ᠠᠶᠢᠮᠠᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号