ᠤᠯᠤᠰ ᠤᠨ ᠵᠤᠬᠢᠶᠠᠨ ᠪᠠᠶᠢᠭᠤᠯᠤᠯᠲᠠ ᠲᠢᠲᠢᠮ ᠰᠤᠳᠠᠯ ᠤᠨ ᠲᠤᠯᠭᠠᠭᠤᠷᠢ ᠶᠢ ᠵᠠᠯᠭᠠᠵᠤ ᠬᠤᠳᠠᠯᠳᠤᠨ ᠠᠪᠬᠤ ᠶᠠᠪᠤᠴᠠ ᠳᠠᠬᠢ ᠰᠤᠩᠭᠤᠭᠳᠠᠭᠰᠠᠨ ᠪᠦᠳᠦᠭᠡᠭᠳᠡᠬᠦᠨ ᠢ ᠲᠤᠬᠢᠷᠠᠭᠤᠯᠤᠨ ᠬᠦᠷᠭᠡᠬᠦ ᠬᠠᠷᠢᠴᠠᠭ᠎ᠠ ᠶᠢ ᠨᠤᠲᠠᠯᠠᠬᠤ ᠵᠢᠴᠢ ᠭᠤᠷᠪᠠᠨ ᠲᠠᠯ᠎ᠠ ᠶᠢᠨ ᠭᠡᠷ᠎ᠡ ᠲᠤᠭᠲᠠᠬᠤ ᠠᠵᠢᠯ ᠢ ᠥᠷᠨᠢᠬᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/27
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ  ᠬᠤᠳᠠᠯᠳᠤᠨ ᠠᠪᠬᠤ ᠲᠥᠪ ᠤᠨ ﹇2022﹈ 275 ᠳ᠋ᠤᠭᠠᠷ ᠲᠤᠭᠠᠲᠤ    ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠡ᠄  ᠤᠯᠤᠰ ᠤᠨ ᠵᠣᠬᠢᠶᠠᠨ ᠪᠠᠶᠢᠭᠤᠯᠤᠯᠲᠠ ᠶᠢᠨ ᠲᠢᠲᠢᠮ ᠰᠤᠳᠠᠯ ᠤᠨ ᠲᠤᠯᠭᠠᠭᠤᠷᠢ ᠶᠢᠨ ᠲᠥᠪᠯᠡᠷᠡᠬᠦᠯᠦᠨ ᠬᠡᠮᠵᠢᠶ᠎ᠡ ᠲᠤᠭᠲᠠᠭᠠᠵᠤ ᠬᠤᠳᠠᠯᠳᠤᠨ ᠠᠪᠬᠤ ᠭᠡᠷ᠎ᠡ ᠶᠢᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠵᠠᠯᠭᠠᠵᠤ ᠬᠤᠳᠠᠯᠳᠤᠨ ᠠᠪᠬᠤ ᠶᠢ ᠦᠨᠡᠨᠬᠦ ᠪᠠᠲᠤᠯᠠᠵᠤ᠂ ᠬᠤᠳᠠᠯᠳᠤᠨ ᠠᠪᠤᠭᠰᠠᠨ ᠦᠷ᠎ᠡ ᠳ᠋ᠦᠩ ᠢ ᠬᠡᠷᠡᠭᠵᠢᠭᠦᠯᠬᠦ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠲᠤᠰᠠᠳᠠ᠂ ᠡᠳᠦᠭᠡ  ᠰᠤᠩᠭᠤᠭᠳᠠᠭᠰᠠᠨ ᠪᠦᠲᠦᠭᠡᠭᠳᠡᠬᠦᠨ ᠢ ᠲᠣᠬᠢᠷᠠᠭᠤᠯᠤᠨ ᠬᠦᠷᠭᠡᠬᠦ ᠬᠠᠷᠢᠴᠠᠭ᠎ᠠ ᠶᠢ ᠨᠤᠲᠠᠯᠠᠬᠤ ᠵᠢᠴᠢ ᠭᠤᠷᠪᠠᠨ ᠲᠠᠯ᠎ᠠ ᠶᠢᠨ ᠭᠡᠷ᠎ᠡ ᠳᠤ ᠭᠠᠷ ᠤᠨ ᠥᠰᠥᠭ ᠵᠢᠷᠤᠬᠤ ᠠᠵᠢᠯ ᠢ ᠳᠣᠣᠷᠠᠬᠢ ᠮᠡᠲᠦ ᠮᠡᠳᠡᠭᠳᠡᠶ᠎ᠡ᠃  ᠨᠢᠭᠡ᠂ ᠬᠡᠷᠡᠭᠵᠢᠭᠦᠯᠬᠦ ᠬᠡᠪᠴᠢᠶ᠎ᠡ  ᠤᠯᠤᠰ ᠤᠨ ᠲᠢᠲᠢᠮ ᠰᠤᠳᠠᠯ ᠤᠨ ᠲᠤᠯᠭᠠᠭᠤᠷᠢ ᠶᠢ ᠲᠥᠪᠯᠡᠷᠡᠭᠦᠯᠦᠨ ᠬᠡᠮᠵᠢᠶ᠎ᠡ ᠲᠤᠭᠲᠠᠭᠠᠵᠤ ᠬᠤᠳᠠᠯᠳᠤᠨ ᠠᠪᠬᠤ ᠭᠡᠷ᠎ᠡ ᠤᠨ ᠬᠤᠭᠤᠴᠠᠭ᠎ᠠ ᠳᠦᠭᠦᠷᠦᠭᠰᠡᠨ ᠤ ᠳᠠᠷᠠᠭ᠎ᠠ ᠵᠠᠯᠭᠠᠵᠤ ᠬᠤᠳᠠᠯᠳᠤᠨ ᠠᠪᠬᠤ ᠳᠤ ᠰᠤᠩᠭᠤᠭᠳᠠᠭᠰᠠᠨ ᠠᠵᠤ ᠠᠬᠤᠶᠢᠯᠠᠯ᠂ ᠰᠤᠩᠭᠤᠭᠳᠠᠭᠰᠠᠨ ᠠᠵᠤ ᠠᠬᠤᠶᠢᠯᠠᠯ ᠤᠨ ᠦᠪᠡᠰᠦᠪᠡᠨ ᠡᠵᠡᠨ ᠮᠡᠳᠡᠵᠦ ᠰᠣᠩᠭᠤᠭᠰᠠᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠪᠣᠯᠣᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠨ ᠠᠪᠬᠤ ᠳᠤ ᠬᠡᠷᠡᠭᠰᠡᠬᠦ ᠬᠡᠮᠵᠢᠶ᠎ᠡ ᠶᠢ ᠭᠤᠶᠤᠴᠢᠯᠠᠨ ᠮᠡᠳᠡᠭᠦᠯᠦᠭᠰᠡᠨ ᠡᠮᠴᠢᠯᠡᠭᠡᠨ ᠤ ᠪᠠᠶᠢᠭᠤᠯᠤᠮᠵᠢ  ᠪᠤᠯᠤᠨ᠎ᠠ᠃  ᠬᠤᠶᠠᠷ᠂ ᠠᠵᠢᠯ ᠤᠨ ᠠᠭᠤᠯᠭ᠎ᠠ  ︵ᠨᠢᠭᠡ︶ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠳᠡᠭᠡᠭᠰᠢ ᠮᠡᠳᠡᠭᠦᠯᠬᠦ᠃ ᠰᠤᠩᠭᠤᠭᠳᠠᠭᠰᠠᠨ ᠠᠵᠤ ᠠᠬᠤᠶᠢᠯᠠᠯ ᠨᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠢ ᠦᠪᠡᠰᠦᠪᠡᠨ ᠡᠵᠡᠨ ᠮᠡᠳᠡᠨ ᠰᠣᠩᠭᠤᠵᠤ᠂ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ  ᠶᠢᠨ ᠬᠤᠳᠠᠯᠳᠤᠨ ᠠᠪᠬᠤ ᠰᠦᠯᠵᠢᠶ᠎ᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠰᠢᠰᠲ᠋ᠧᠮ ᠢᠶᠠᠷ ᠳᠠᠮᠵᠢᠭᠤᠯᠤᠨ‌ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠲᠤ ᠮᠡᠳᠡᠭᠦᠯᠦᠨ ᠬᠦᠷᠭᠡᠵᠦ᠂ ᠨᠢᠭᠡᠨᠲᠡ ᠳᠠᠩᠰᠠᠯᠠᠭᠤᠯᠤᠭᠰᠠᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠭᠤᠶᠤᠴᠢᠯᠠᠨ ᠮᠡᠳᠡᠭᠦᠯᠬᠦ ᠴᠢᠬᠤᠯᠠ ᠦᠭᠡᠢ᠃  ︵ᠬᠤᠶᠠᠷ︶ ᠰᠤᠩᠭᠤᠭᠳᠠᠭᠰᠠᠨ ᠪᠦᠲᠦᠭᠡᠭᠳᠡᠬᠦᠨ ᠢ ᠲᠣᠬᠢᠷᠠᠭᠤᠯᠤᠨ ᠬᠦᠷᠭᠡᠬᠦ ᠬᠠᠷᠢᠴᠠᠭ᠎ᠠ ᠶᠢ ᠨᠤᠲᠠᠯᠠᠬᠤ᠃ ᠰᠤᠩᠭᠤᠭᠳᠠᠭᠰᠠᠨ ᠠᠵᠤ ᠠᠬᠤᠶᠢᠯᠠᠯ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠪᠣᠯᠣᠨ ᠡᠮᠴᠢᠯᠡᠭᠡᠨ ᠤ ᠪᠠᠶᠢᠭᠤᠯᠤᠮᠵᠢ ᠨᠢ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠬᠤᠷᠣᠭᠳᠠᠯ ᠮᠠᠲ᠋ᠧᠷᠢᠶᠠᠯ ᠢ ᠡᠯᠰᠡᠨ ᠴᠤᠭᠯᠠᠭᠤᠯᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ︵https://ylbzj.nmg.gov.cn/ggfw/hallEnter/00/Index︶ ᠳᠤ ᠣᠷᠣᠵᠤ᠂ ᠰᠢᠰᠲ᠋ᠧᠮ ᠤᠨ ᠳᠣᠲᠣᠷᠠᠬᠢ ᠠᠵᠢᠯᠯᠠᠭᠠᠨ ᠤ ᠭᠠᠷ ᠳᠡᠪᠲᠡᠷ ᠤᠨ ᠵᠢᠭᠠᠪᠤᠷᠢ ᠶᠣᠰᠣᠭᠠᠷ ᠠᠵᠢᠯᠯᠠᠨ᠎ᠠ ︵ᠳᠠᠭᠠᠯᠳᠤᠭᠤᠯᠤᠯ︶᠃  ︵ᠭᠤᠷᠪᠠ︶ ᠭᠤᠷᠪᠠᠨ ᠲᠠᠯ᠎ᠠ ᠶᠢᠨ ᠭᠡᠷ᠎ᠡ ᠲᠣᠭᠲᠠᠭᠠᠨ᠎ᠠ᠃ ᠡᠮᠴᠢᠯᠡᠭᠡᠨ ᠤ ᠪᠠᠶᠢᠭᠤᠯᠤᠮᠵᠢ ᠨᠢ ᠰᠤᠩᠭᠤᠭᠳᠠᠭᠰᠠᠨ ᠠᠵᠤ ᠠᠬᠤᠶᠢᠯᠠᠯ ᠪᠣᠯᠣᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠰᠣᠩᠭᠤᠨ ᠲᠣᠭᠲᠠᠭᠠᠭᠰᠠᠨ ᠲᠣᠬᠢᠷᠠᠭᠤᠯᠤᠨ ᠬᠦᠷᠭᠡᠬᠦ ᠬᠠᠷᠢᠴᠠᠭ᠎ᠠ ᠶᠢᠨ ᠶᠣᠰᠣᠭᠠᠷ᠂ ᠭᠤᠷᠪᠠᠨ ᠲᠠᠯ᠎ᠠ ᠶᠢᠨ ᠭᠡᠷ᠎ᠡ ᠲᠣᠭᠲᠠᠬᠤ ᠬᠡᠷᠡᠭᠲᠡᠢ᠃  ᠭᠤᠷᠪᠠ᠂ ᠴᠠᠭ ᠤᠨ ᠲᠣᠬᠢᠷᠠᠭᠤᠯᠤᠯᠲᠠ  ᠴᠠᠭ᠄ 2022 ᠣᠨ ᠤ 12  ᠳ᠋ᠤᠭᠠᠷ ᠰᠠᠷ᠎ᠠ ᠶᠢᠨ 28 ᠤ ᠡᠳᠦᠷ ᠠᠴᠠ 2023 ᠣᠨ ᠤ 1 ᠳ᠋ᠦ᠋ᠭᠡᠷ ᠰᠠᠷ᠎ᠠ ᠶᠢᠨ 5 ᠤ ᠡᠳᠦᠷ ᠪᠣᠯᠲᠠᠯ᠎ᠠ  ᠯᠠᠪᠯᠠᠬᠤ ᠤᠲᠠᠰᠤ᠄ 0471-4907267᠂ 4967106  ᠳᠠᠭᠠᠯᠳᠤᠭᠤᠯᠤᠯ᠄ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠡᠯᠰᠡᠨ ᠴᠤᠭᠯᠠᠭᠤᠯᠬᠤ ᠬᠠᠮᠢᠶᠠᠷᠤᠯᠲᠠ ᠶᠢᠨ ᠰᠢᠰᠲ᠋ᠧᠮ ᠤᠨ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠶᠢᠨ ᠴᠢᠳᠠᠮᠵᠢ ᠶᠢᠨ ᠠᠵᠢᠯᠯᠠᠭᠠᠨ ᠤ ᠭᠠᠷ ᠳᠡᠪᠲᠡᠷ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ  2022 ᠣᠨ ᠤ 12 ᠳ᠋ᠤᠭᠠᠷ ᠰᠠᠷ᠎ᠠ ᠶᠢᠨ 27 ᠤ ᠡᠳᠦᠷ

 

 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号