﹇ 2022 ﹈ 48 ᠳ᠋ᠤᠭᠠᠷ ᠲᠣᠭᠠᠲᠤ | ᠡᠯ᠎ᠡ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠦᠢᠯᠡᠳᠪᠦᠷᠢᠯᠡᠨ ᠡᠵᠡᠩᠨᠡᠵᠦ | ᠪᠠᠶᠢᠭ᠎ᠠ ᠠᠵᠤ ᠠᠬᠤᠶᠢᠯᠠᠯ ᠳᠤ᠄ | ᠮᠠᠨ ᠤ ᠬᠤᠲᠠ ᠡᠮ ᠤᠨ ᠵᠦᠢᠯ ᠪᠣᠯᠣᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠥᠪᠥᠷ | ᠮᠤᠩᠭᠤᠯ ᠤᠨ ᠡᠮ ᠤᠨ ᠵᠦᠢᠯ ᠢ ᠬᠤᠳᠠᠯᠳᠤᠨ ᠠᠪᠬᠤ ᠲᠥᠪ ᠥᠰᠥᠭ ﹇2022﹈ 246 ᠳ᠋ᠤᠭᠠᠷ ᠲᠣᠭᠠᠲᠤ︶ | ᠪᠠ ︽ᠪᠤᠭᠤᠲᠤ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠠᠵᠢᠯ ᠢ ᠪᠠᠶᠢᠩᠭᠤᠵᠢᠭᠤᠯᠤᠨ ᠭᠦᠢᠴᠡᠳᠬᠡᠬᠦ | ᠠᠵᠢᠯ ᠢ ᠥᠷᠨᠢᠭᠦᠯᠬᠦ ᠲᠤᠬᠠᠢ ᠮᠡᠳᠡᠭᠳᠡᠯ︾ ︵ ᠪᠤᠭᠤᠲᠤ ᠶᠢᠨ ᠡᠮ ᠡᠮᠨᠡᠯᠭᠡ ᠶᠢᠨ ᠪᠠᠳᠤᠯᠭ᠎ᠠ ᠶᠢᠨ ᠪᠢᠴᠢᠭ ﹇2021 | ﹈ 18 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠮᠠᠨ ᠤ | ᠬᠤᠲᠠ 2023 ᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ | ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠠᠵᠢᠯ ᠢ ᠥᠷᠨᠢᠬᠦᠯᠵᠦ | ᠪᠠᠶᠢᠨ᠎ᠠ᠂ ᠬᠠᠮᠢᠶ᠎ᠠ ᠪᠦᠬᠦᠢ ᠠᠵᠢᠯ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠲᠣᠬᠢᠷᠠᠭᠤᠯᠤᠨ ᠬᠦᠷᠭᠡᠬᠦ ᠠᠷᠭ᠎ᠠ ᠮᠠᠶ᠋ᠢᠭ | ᠡᠮ ᠤᠨ ᠵᠦᠢᠯ ︵ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭ ᠪᠠᠭᠲᠠᠨ᠎ᠠ᠂ ᠳᠣᠷᠣᠭᠰᠢ ᠠᠳᠠᠯᠢ︶ ᠪᠣᠯᠣᠨ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ | ᠪᠠᠭᠲᠠᠨ᠎ᠠ᠂ ᠳᠣᠷᠣᠭᠰᠢ ᠠᠳᠠᠯᠢ︶ ᠢ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠨᠢ ᠰᠢᠭᠤᠳ ᠲᠣᠬᠢᠷᠠᠭᠤᠯᠤᠨ | ᠬᠦᠷᠭᠡᠵᠦ ᠪᠣᠯᠣᠨ᠎ᠠ᠂ ᠪᠠᠰᠠ ᠨᠥᠬᠦᠴᠡᠯ ᠳᠤ ᠨᠡᠶᠢᠴᠡᠬᠦ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠨᠠᠶᠢᠳᠠᠵᠤ | ᠲᠣᠬᠢᠷᠠᠭᠤᠯᠤᠨ ᠬᠦᠷᠭᠡᠭᠦᠯᠵᠦ ᠪᠣᠯᠣᠨ᠎ᠠ᠃ | ᠬᠤᠶᠠᠷ᠂ ᠨᠡᠷ᠎ᠡ ᠮᠡᠳᠡᠭᠦᠯᠬᠦ ᠨᠥᠬᠦᠴᠡᠯ | ᠮᠠᠨ ᠤ ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠳᠤ ᠣᠷᠤᠯᠴᠠᠬᠤ ᠪᠠᠷ ᠭᠤᠶᠤᠴᠢᠯᠠᠬᠤ ᠪᠠᠷ ᠪᠠᠶᠢᠭ᠎ᠠ | ᠠᠵᠤ ᠠᠬᠤᠶᠢᠯᠠᠯ ᠤᠳ ᠡᠷᠬᠡᠪᠰᠢ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠡᠯᠰᠡᠨ | ᠴᠤᠭᠯᠠᠭᠤᠯᠬᠤ ᠬᠤᠪᠢᠶᠠᠷᠢ ᠰᠢᠰᠲ᠋ᠧᠮ ᠳᠠᠬᠢ ᠵᠠᠬᠢᠶᠠᠯᠠᠭ᠎ᠠ ᠶᠢᠨ ᠬᠠᠭᠤᠳᠠᠰᠤ ᠶᠢ ᠨᠤᠲᠠᠯᠠᠬᠤ᠂ ᠪᠠᠷᠠᠭ᠎ᠠ ᠪᠡᠯᠡᠳᠬᠡᠬᠦ᠂ | ᠲᠣᠬᠢᠷᠠᠭᠤᠯᠤᠨ ᠬᠦᠷᠭᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠡᠭᠦᠨ ᠤ ᠬᠠᠮᠲᠤ ᠡᠷᠬᠡᠪᠰᠢ ᠳᠣᠣᠷᠠᠬᠢ | ᠨᠥᠬᠦᠴᠡᠯ ᠤᠳ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ | ︵ᠨᠢᠭᠡ︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ | ᠪᠠᠶᠢᠬᠤ ᠬᠡᠷᠡᠭᠲᠡᠢ᠃ | ︵ᠬᠤᠶᠠᠷ︶ ᠬᠠᠤᠯᠢ ᠶᠣᠰᠣᠭᠠᠷ ᠬᠠᠮᠢᠶ᠎ᠠ ᠪᠦᠬᠦᠢ ᠬᠢᠷᠢ ᠬᠡᠮ ᠤᠨ ᠦᠨᠡᠮᠯᠡᠯ ᠤᠯᠤᠭᠰᠠᠨ ᠪᠠᠶᠢᠬᠤ ᠬᠡᠷᠡᠭᠲᠡᠢ᠃ | ︵ᠭᠤᠷᠪᠠ︶ ᠴᠠᠭ ᠲᠤᠬᠠᠢ ᠳᠤᠨᠢ᠂ ᠭᠦᠢᠴᠡᠳ ᠬᠡᠮᠵᠢᠶᠡᠨ ᠤ ᠲᠣᠬᠢᠷᠠᠭᠤᠯᠤᠨ ᠬᠦᠷᠭᠡᠬᠦ ᠦᠢᠯᠡᠳᠬᠦᠨ ᠤ | ᠪᠠᠷᠠᠭᠠᠨ ᠤ ᠭᠦᠢᠯᠭᠡᠭᠡᠨ ᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠲᠠᠢ ᠪᠠᠶᠢᠬᠤ | ᠬᠡᠷᠡᠭᠲᠡᠢ᠃ | ︵ᠳᠥᠷᠪᠡ︶ ᠪᠣᠷᠤᠯᠠᠭᠤᠯᠭ᠎ᠠ ᠶᠢᠨ ᠳᠠᠷᠠᠭᠠᠬᠢ ᠰᠠᠶᠢᠨ ᠦᠢᠯᠡᠴᠢᠯᠡᠭᠡ ᠪᠠ ᠮᠡᠷᠭᠡᠵᠢᠯ ᠤᠨ ᠳᠡᠮᠵᠢᠯᠭᠡ | ᠦᠵᠡᠭᠦᠯᠬᠦ ᠴᠢᠳᠠᠪᠤᠷᠢ ᠲᠠᠢ ᠪᠠᠶᠢᠬᠤ ᠬᠡᠷᠡᠭᠲᠡᠢ᠃ | ᠭᠤᠷᠪᠠ᠂ ᠨᠡᠷ᠎ᠡ ᠮᠡᠳᠡᠭᠦᠯᠬᠦ ᠮᠠᠲ᠋ᠧᠷᠢᠶᠠᠯ | ︵ᠨᠢᠭᠡ︶ ᠡᠮ ᠤᠨ ᠵᠦᠢᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ | ᠮᠠᠨ ᠤ ᠬᠤᠲᠠ ᠶᠢᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠳᠤ | ᠣᠷᠤᠯᠴᠠᠬᠤ ᠪᠠᠷ ᠪᠠᠶᠢᠭ᠎ᠠ ᠪᠣᠶ ᠪᠦᠬᠦᠢ ᠠᠵᠤ ᠠᠬᠤᠶᠢᠯᠠᠯ ᠤᠳ ᠡᠷᠬᠡᠪᠰᠢ ᠲᠣᠰ ᠮᠡᠳᠡᠭᠳᠡᠯ ᠪᠣᠯᠣᠨ ︽ᠪᠤᠭᠤᠲᠤ | ᠬᠤᠲᠠ ᠶᠢᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ | ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠬᠡᠪ ᠵᠠᠭᠪᠤᠷ︾ ︵ᠳᠠᠭᠠᠯᠳᠤᠭᠤᠯᠤᠯ 1 ᠳᠤ | ᠦᠵᠡ︶ ᠤᠨ ᠱᠠᠭᠠᠷᠳᠠᠯᠭ᠎ᠠ ᠶᠣᠰᠣᠭᠠᠷ᠂ ᠮᠠᠲ᠋ᠧᠷᠢᠶᠠᠯ ᠢ ᠲᠠᠭᠯᠠᠬᠤ ᠪᠠ ᠮᠡᠳᠡᠭᠦᠯᠦᠨ ᠬᠦᠷᠭᠡᠬᠦ ᠬᠡᠷᠡᠭᠲᠡᠢ᠃ | ︵ᠬᠤᠶᠠᠷ︶ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ | ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ | ᠮᠠᠨ ᠤ ᠬᠤᠲᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ | ᠠᠪᠬᠤ ᠳᠤ ᠣᠷᠤᠯᠴᠠᠬᠤ ᠪᠠᠷ ᠪᠠᠶᠢᠭ᠎ᠠ ᠪᠣᠶ ᠪᠦᠬᠦᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠳ ᠡᠷᠬᠡᠪᠰᠢ | ᠲᠣᠰ ᠮᠡᠳᠡᠭᠳᠡᠯ ᠪᠣᠯᠣᠨ ︽ᠪᠤᠭᠤᠲᠤ ᠬᠤᠲᠠ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠲᠥᠪᠯᠡᠷᠡᠭᠦᠯᠦᠨ ᠬᠤᠳᠠᠯᠳᠤᠨ ᠠᠪᠴᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ | ᠮᠠᠲ᠋ᠧᠷᠢᠶᠠᠯ ᠤᠨ ᠱᠠᠭᠠᠷᠳᠠᠯᠭ᠎ᠠ ᠬᠢᠭᠡᠳ ᠬᠡᠪ ᠵᠠᠭᠪᠤᠷ︾ ︵ᠳᠠᠭᠠᠯᠳᠤᠭᠤᠯᠤᠯ 2 ᠢ ᠦᠵᠡ︶ ᠤᠨ ᠱᠠᠭᠠᠷᠳᠠᠯᠭ᠎ᠠ | ᠶᠣᠰᠣᠭᠠᠷ᠂ ᠮᠠᠲ᠋ᠧᠷᠢᠶᠠᠯ ᠢ ᠲᠠᠭᠯᠠᠬᠤ ᠪᠠ ᠮᠡᠳᠡᠭᠦᠯᠦᠨ ᠬᠦᠷᠭᠡᠬᠦ ᠶᠢᠨ ᠬᠠᠮᠲᠤ ᠡᠯᠧᠺᠲᠷᠣᠨ ᠬᠡᠪᠯᠡᠯ ᠤᠨ ︽ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ | ᠮᠡᠳᠡᠭᠦᠯᠬᠦ ᠰᠤᠷᠠᠭ ᠵᠠᠩᠭᠢ ᠶᠢᠨ ᠳᠠᠩᠰᠠᠯᠠᠯᠲᠠ ᠶᠢᠨ ᠬᠦᠰᠦᠨᠦᠭᠲᠦ︾ ︵ᠳᠠᠭᠠᠯᠳᠤᠭᠤᠯᠤᠯ 3 ᠶᠢ ᠦᠵᠡ︶ ᠶᠢ | ᠲᠠᠭᠯᠠᠬᠤ ᠬᠡᠷᠡᠭᠲᠡᠢ᠃ | ︵ᠭᠤᠷᠪᠠ︶ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠨᠥᠬᠦᠪᠦᠷᠢᠯᠡᠨ ᠲᠣᠬᠢᠷᠠᠭᠤᠯᠤᠨ ᠬᠦᠷᠭᠡᠬᠦ | ᠬᠦᠷᠢᠶ᠎ᠡ ᠬᠡᠪᠴᠢᠶ᠎ᠡ ᠶᠢᠨ ᠮᠠᠲ᠋ᠧᠷᠢᠶᠠᠯ | ᠨᠢᠭᠡᠨᠲᠡ ᠮᠠᠨ ᠤ ᠬᠤᠲᠠ ᠳᠤ ᠨᠡᠭᠡᠭᠡᠭᠰᠡᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ | ᠲᠣᠬᠢᠷᠠᠭᠤᠯᠤᠨ ᠬᠦᠷᠭᠡᠬᠦ ᠡᠷᠬᠡ ᠲᠠᠢ ᠡᠵᠡᠩᠨᠡᠯᠲᠡ ᠶᠢᠨ ᠠᠵᠤ ᠠᠬᠤᠶᠢᠯᠠᠯ᠂ ᠵᠢᠱᠢᠶᠡᠯᠡᠪᠡᠯ ᠡᠮᠴᠢᠯᠡᠭᠡᠨ ᠤ ᠪᠠᠭᠠᠵᠢ | ᠬᠡᠷᠡᠭᠰᠡᠯ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠤᠶᠤ ᠬᠤᠶᠠᠳᠤᠭᠠᠷ ᠲᠥᠷᠥᠯ ᠤᠨ ᠳᠠᠩᠰᠠᠯᠠᠭᠤᠯᠤᠭᠰᠠᠨ ᠭᠡᠷᠡᠴᠢ | ᠪᠠᠷᠢᠮᠲᠠ ᠶᠢᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠳᠤ ᠬᠤᠪᠢᠷᠠᠯᠲᠠ ᠭᠠᠷᠴᠤ᠂ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠬᠦᠷᠢᠶ᠎ᠡ ᠬᠡᠪᠴᠢᠶ᠎ᠡ ᠶᠢ ᠨᠥᠬᠦᠪᠦᠷᠢᠯᠡᠬᠦ ᠴᠢᠬᠤᠯᠠᠲᠠᠢ ᠪᠣᠯ᠂ | ᠵᠥᠪᠬᠡᠨ ᠠᠯᠪᠠᠨ ᠲᠠᠮᠠᠭ᠎ᠠ ᠳᠠᠷᠤᠭᠰᠠᠨ ᠡᠵᠡᠩᠨᠡᠯᠲᠡ ᠶᠢᠨ ᠦᠨᠡᠮᠯᠡᠯ᠂ ᠡᠮᠴᠢᠯᠡᠭᠡᠨ ᠤ ᠪᠠᠭᠠᠵᠢ ᠬᠡᠷᠡᠭᠰᠡᠯ ᠡᠵᠡᠩᠨᠡᠬᠦ | ᠵᠥᠪᠰᠢᠶᠡᠷᠡᠯ ᠤᠨ ᠦᠨᠡᠮᠯᠡᠯ ᠪᠠ ᠬᠤᠶᠠᠳᠤᠭᠠᠷ ᠲᠥᠷᠥᠯ ᠤᠨ ᠳᠠᠩᠰᠠᠯᠠᠭᠤᠯᠤᠭᠰᠠᠨ ᠭᠡᠷᠡᠴᠢ ᠪᠠᠷᠢᠮᠲᠠ ︵PDF | ᠬᠡᠯᠪᠡᠷᠢ ᠶᠢ ᠰᠢᠷᠪᠡᠨᠡ︶ ᠣᠯᠭᠤᠨ᠎ᠠ᠃ ᠡᠭᠦᠨ ᠤ ᠬᠠᠮᠲᠤ ᠡᠯᠧᠺᠲᠷᠣᠨ ᠬᠡᠪᠯᠡᠯ ᠤᠨ ︽ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠰᠤᠷᠠᠭ ᠵᠠᠩᠭᠢ ᠶᠢᠨ | ᠳᠠᠩᠰᠠᠯᠠᠯᠲᠠ ᠶᠢᠨ ᠬᠦᠰᠦᠨᠦᠭᠲᠦ︾ ︵ᠳᠠᠭᠠᠯᠳᠤᠭᠤᠯᠤᠯ 3 ᠶᠢ ᠦᠵᠡ︶ ᠶᠢ ᠲᠠᠭᠯᠠᠨ᠎ᠠ᠃ | ᠳᠥᠷᠪᠡ᠂ ᠨᠡᠷ᠎ᠡ ᠮᠡᠳᠡᠭᠦᠯᠬᠦ ᠴᠠᠭ | ᠠᠵᠤ ᠠᠬᠤᠶᠢᠯᠠᠯ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠬᠡᠵᠢᠶ᠎ᠡ ᠴᠤ ᠶᠠᠪᠤᠭᠤᠯᠵᠤ ᠪᠣᠯᠣᠨ᠎ᠠ᠂ ᠮᠠᠨ ᠤ | ᠬᠤᠲᠠ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ | ᠠᠵᠤ ᠠᠬᠤᠶᠢᠯᠠᠯ ᠤᠨ ᠮᠠᠲ᠋ᠧᠷᠢᠶᠠᠯ ᠢ ᠠᠩᠬ᠎ᠠ ᠤᠳᠠᠭ᠎ᠠ ᠨᠡᠷ᠎ᠡ ᠮᠡᠳᠡᠭᠦᠯᠵᠦ᠂ ᠭᠥᠯᠢᠶᠡᠨ ᠠᠪᠤᠭᠰᠠᠨ ᠦᠷ᠎ᠡ | ᠳ᠋ᠦᠩ ᠢᠶᠠᠨ ᠤᠯᠠᠷᠢᠯ ᠪᠦᠷᠢ ᠨᠢᠭᠡ ᠤᠳᠠᠭ᠎ᠠ ᠲᠥᠪᠯᠡᠷᠡᠭᠦᠯᠦᠨ ᠨᠡᠶᠢᠲᠡᠯᠡᠨ᠎ᠡ᠃ ᠲᠥᠪᠯᠡᠷᠡᠭᠦᠯᠦᠨ ᠨᠡᠶᠢᠲᠡᠯᠡᠬᠦ ᠴᠠᠭ᠄ | 2023 ᠣᠨ ᠤ 3 ᠳ᠋ᠤᠭᠠᠷ ᠰᠠᠷ᠎ᠠ᠂ 6 ᠳ᠋ᠤᠭᠠᠷ ᠰᠠᠷ᠎ᠠ᠂ 9 ᠳ᠋ᠦ᠋ᠭᠡᠷ ᠰᠠᠷ᠎ᠠ᠂ 12 ᠳ᠋ᠤᠭᠠᠷ ᠰᠠᠷ᠎ᠠ᠃ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠬᠦᠷᠢᠶ᠎ᠡ ᠬᠡᠪᠴᠢᠶ᠎ᠡ ᠶᠢ | ᠨᠥᠬᠦᠪᠦᠷᠢᠯᠡᠬᠦ ᠮᠠᠲ᠋ᠧᠷᠢᠶᠠᠯ ᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠨ᠎ᠡ᠃ | ᠲᠠᠪᠤ᠂ ᠨᠡᠷ᠎ᠡ ᠮᠡᠳᠡᠭᠦᠯᠬᠦ ᠠᠷᠭ᠎ᠠ ᠮᠠᠶ᠋ᠢᠭ | ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ ᠳᠤ᠂ ᠡᠯ᠎ᠡ ᠠᠵᠤ ᠠᠬᠤᠶᠢᠯᠠᠯ ᠨᠡᠷ᠎ᠡ ᠮᠡᠳᠡᠭᠦᠯᠬᠦ | ᠮᠠᠲ᠋ᠧᠷᠢᠶᠠᠯ ᠢᠶᠠᠨ ᠢᠯᠡ ᠲᠣᠳᠣ PDF ᠬᠡᠪ ᠪᠣᠯᠭᠠᠨ ᠰᠢᠷᠪᠢᠵᠦ᠂ ᠮᠠᠨ ᠤ ᠲᠥᠪ ᠤᠨ ᠵᠢᠭᠠᠨ ᠲᠣᠭᠲᠠᠭᠠᠭᠰᠠᠨ | ᠡᠯᠧᠺᠲᠷᠣᠨ ᠢᠮᠧᠯ ᠪᠤᠯᠬᠤ btyzb201@163.com ᠳᠤ ᠢᠯᠡᠭᠡᠬᠦ ᠶᠢᠨ ᠬᠠᠮᠲᠤ ᠢᠮᠧᠯ ᠤᠨ ᠭᠤᠣᠯ | ᠰᠡᠳᠦᠪ ᠲᠡᠭᠡᠨ ᠠᠵᠤ ᠠᠬᠤᠶᠢᠯᠠᠯ ᠤᠨ ᠨᠡᠷᠡᠶᠢᠳᠦᠯ ᠪᠠ ᠨᠡᠷ᠎ᠡ ᠮᠡᠳᠡᠭᠦᠯᠬᠦ ᠲᠥᠷᠥᠯ ᠬᠡᠯᠪᠡᠷᠢ ᠪᠠᠨ ᠲᠣᠳᠣᠷᠬᠠᠶᠢᠯᠠᠬᠤ | ᠬᠡᠷᠡᠭᠲᠡᠢ᠂ ᠵᠢᠱᠢᠶᠡᠯᠡᠪᠡᠯ ︽XXX ᠡᠮ ᠡᠮᠨᠡᠯᠭᠡ ᠶᠢᠨ ᠬᠢᠵᠠᠭᠠᠷᠲᠤ ᠺᠣᠮᠫᠠᠨᠢ ᠶᠢᠨ ᠡᠮ ᠤᠨ ᠵᠦᠢᠯ ᠢ ᠲᠣᠬᠢᠷᠠᠭᠤᠯᠤᠨ | ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠮᠠᠲ᠋ᠧᠷᠢᠶᠠᠯ︾᠂ ︽XXX ᠪᠠᠭᠠᠵᠢ ᠬᠡᠷᠡᠭᠰᠡᠯ ᠤᠨ ᠬᠢᠵᠠᠭᠠᠷᠲᠤ | ᠺᠣᠮᠫᠠᠨᠢ ᠶᠢᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ | ᠨᠡᠷ᠎ᠡ ᠮᠡᠳᠡᠭᠦᠯᠬᠦ ᠮᠠᠲ᠋ᠧᠷᠢᠶᠠᠯ︾ ᠭᠡᠬᠦ ᠮᠡᠳᠦ᠃ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠬᠡᠪᠴᠢᠶ᠎ᠡ ᠶᠢ ᠨᠦᠬᠦᠪᠦᠷᠢᠯᠡᠨ | ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠡᠷ᠎ᠡ ᠮᠡᠳᠡᠭᠦᠯᠬᠦ ᠮᠠᠲ᠋ᠧᠷᠢᠶᠠᠯ ᠢ ᠢᠯᠡᠭᠡᠬᠦ ᠳᠡᠭᠡᠨ᠂ ᠢᠮᠧᠯ ᠤᠨ ᠭᠤᠣᠯ | ᠰᠡᠳᠦᠪ ᠲᠤ ᠪᠠᠨ ︽XXX ᠪᠠᠭᠠᠵᠢ ᠬᠡᠷᠡᠭᠰᠡᠯ ᠤᠨ ᠬᠢᠵᠠᠭᠠᠷᠲᠤ ᠺᠣᠮᠫᠠᠨᠢ ︵ᠡᠮᠴᠢᠯᠡᠭᠡᠨ ᠳᠤ ᠬᠡᠷᠡᠭᠯᠡᠬᠦ ᠬᠤᠷᠣᠭᠳᠠᠯ | ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠬᠡᠪᠴᠢᠶ᠎ᠡ ᠶᠢ ᠨᠥᠬᠦᠪᠦᠷᠢᠯᠡᠬᠦ︶︾ ᠭᠡᠵᠦ ᠲᠤᠳᠤᠷᠬᠠᠶᠢᠯᠠᠬᠤ ᠬᠡᠷᠡᠭᠲᠡᠢ᠃ | ᠵᠢᠷᠭᠤᠭ᠎ᠠ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠨᠡᠷ᠎ᠡ ᠮᠡᠳᠡᠭᠦᠯᠬᠦ ᠮᠠᠲ᠋ᠧᠷᠢᠶᠠᠯ ᠢ ᠱᠠᠭᠠᠷᠳᠠᠯᠭ᠎ᠠ ᠪᠠ ᠵᠠᠭᠪᠤᠷ ᠤᠨ ᠶᠣᠰᠣᠭᠠᠷ ᠪᠡᠯᠡᠳᠬᠡᠭᠡᠷᠡᠢ᠂ ᠶᠠᠮᠠᠷ | ᠴᠤ ᠵᠠᠰᠠᠯᠲᠠ ᠬᠢᠵᠦ ᠪᠣᠯᠬᠤ ᠦᠭᠡᠢ᠂ ᠨᠢᠭᠡᠳᠦᠯᠲᠡᠢ A4 ᠴᠠᠭᠠᠰᠤ ᠶᠢ ᠬᠡᠷᠡᠭᠯᠡᠵᠦ᠂ ᠪᠦᠷᠢᠨ ᠪᠦᠲᠦᠨ | ᠲᠠᠭᠯᠠᠭᠰᠠᠨ ᠤ ᠳᠠᠷᠠᠭ᠎ᠠ᠂ ᠨᠢᠭᠤᠷ ᠳᠠᠷᠠᠭᠠᠯᠠᠨ ᠠᠵᠤ ᠠᠬᠤᠶᠢᠯᠠᠯ ᠤᠨ ᠲᠣᠳᠣᠷᠬᠠᠢ ᠠᠯᠪᠠᠨ ᠲᠠᠮᠠᠭ᠎ᠠ ᠶᠢ | ᠳᠠᠷᠤᠬᠤ ᠶᠢᠨ ᠬᠠᠮᠲᠤ ᠵᠠᠭᠪᠤᠷ ᠤᠨ ᠳᠠᠷᠠᠭᠠᠯᠠᠯ ᠢᠶᠠᠷ PDF ᠬᠡᠪ ᠢ ᠰᠢᠷᠪᠢᠵᠦ ᠠᠵᠤ ᠠᠬᠤᠶᠢᠯᠠᠯ ᠤᠨ ᠮᠠᠲ᠋ᠧᠷᠢᠶᠠᠯ | ᠪᠤᠯᠭᠠᠬᠤ ᠬᠡᠷᠡᠭᠲᠡᠢ᠃ | ︵ᠬᠤᠶᠠᠷ︶ ᠨᠡᠷ᠎ᠡ ᠮᠡᠳᠡᠭᠦᠯᠬᠦ ᠮᠠᠲ᠋ᠧᠷᠢᠶᠠᠯ ᠢ PDF ᠬᠡᠪ ᠪᠤᠯᠭᠠᠨ ᠰᠢᠷᠪᠢᠵᠦ ᠪᠣᠭᠤᠳᠠᠯᠯᠠᠭᠰᠠᠨ ᠤ ᠳᠠᠷᠠᠭ᠎ᠠ | ᠂ ᠳᠠᠭᠠᠯᠳᠤᠭᠤᠯᠤᠯ ᠤᠨ ᠬᠡᠯᠪᠡᠷᠢ ᠪᠠᠷ ᠲᠣᠭᠲᠠᠭᠰᠠᠨ ᠢᠮᠧᠯ ᠳᠤ ᠢᠯᠡᠭᠡᠬᠦ ᠬᠡᠷᠡᠭᠲᠡᠢ᠂ ᠰᠡᠭᠦᠳᠡᠷ ᠲᠠᠲᠠᠬᠤ ᠪᠤᠶᠤ | ᠵᠢᠷᠤᠭ ᠤᠨ ᠬᠡᠯᠪᠡᠷᠢ ᠪᠠᠶᠢᠵᠤ ᠪᠣᠯᠬᠤ ᠦᠭᠡᠢ᠂ ᠡᠭᠦᠨ ᠳᠤ ᠨᠡᠷ᠎ᠡ ᠮᠡᠳᠡᠭᠦᠯᠦᠭᠰᠡᠨ ᠡᠮ ᠤᠨ ᠵᠦᠢᠯ ᠢ ᠲᠣᠬᠢᠷᠠᠭᠤᠯᠤᠨ | ᠬᠦᠷᠭᠡᠬᠦ ᠠᠵᠤ ᠠᠬᠤᠶᠢᠯᠠᠯ ᠵᠥᠪᠬᠡᠨ ᠳᠠᠭᠠᠯᠳᠤᠭᠤᠯᠤᠯ 1 ᠶᠢ ᠰᠢᠷᠪᠢᠵᠦ PDF ᠬᠡᠪ ᠢᠶᠠᠷ ᠢᠯᠡᠭᠡᠬᠦ ᠬᠡᠷᠡᠭᠲᠡᠢ᠃ | ᠡᠮᠴᠢᠯᠡᠭᠡᠨ ᠳᠤ ᠬᠡᠷᠡᠭᠯᠡᠬᠦ ᠪᠠᠷ ᠨᠡᠷ᠎ᠡ ᠮᠡᠳᠡᠭᠦᠯᠦᠭᠰᠡᠨ ᠬᠤᠷᠣᠭᠳᠠᠯ ᠮᠠᠲ᠋ᠧᠷᠢᠶᠠᠯ ᠢ ᠲᠣᠬᠢᠷᠠᠭᠤᠯᠤᠨ ᠬᠦᠷᠭᠡᠬᠦ ᠠᠵᠤ | ᠠᠬᠤᠶᠢᠯᠠᠯ ᠨᠢ ᠳᠠᠭᠠᠯᠳᠤᠭᠤᠯᠤᠯ 2 ᠢ ᠰᠢᠷᠪᠢᠵᠦ PDF ᠬᠡᠪ ᠪᠣᠯᠭᠠᠨ ᠢᠯᠡᠭᠡᠵᠦ᠂ ᠳᠠᠭᠠᠯᠳᠤᠭᠤᠯᠤᠯ 3 ︵ | Excel ᠬᠡᠪ︶ ᠢ ᠪᠠᠭᠤᠯᠭᠠᠨ ᠲᠠᠭᠯᠠᠭᠰᠠᠨ ᠤ ᠳᠠᠷᠠᠭ᠎ᠠ ᠰᠢᠭᠤᠳ ᠲᠡᠪᠰᠢᠬᠦᠯᠵᠦ᠂ PDF ᠬᠡᠪ ᠪᠣᠯᠭᠠᠨ ᠰᠢᠷᠪᠢᠬᠦ | ᠴᠢᠬᠤᠯᠠ ᠦᠭᠡᠢ᠃ | ︵ᠭᠤᠷᠪᠠ︶ ᠳᠡᠪᠰᠢᠭᠦᠯᠦᠨ ᠲᠤᠰᠢᠶᠠᠭᠰᠠᠨ ᠪᠤᠢ ᠪᠦᠬᠦᠢ ᠪᠢᠴᠢᠭ ᠮᠠᠲ᠋ᠧᠷᠢᠶᠠᠯ ᠬᠢᠭᠡᠳ ᠬᠠᠷᠢᠯᠴᠠᠭᠠᠨ ᠤ | ᠵᠠᠬᠢᠳᠠᠯ ᠴᠢᠮᠡᠭᠡ ᠳᠤ ᠴᠥᠮ ᠬᠢᠲᠠᠳ ᠦᠰᠦᠭ ᠢ ᠬᠡᠷᠡᠭᠯᠡᠵᠦ᠂ ᠭᠠᠳᠠᠭᠠᠳᠤ ᠬᠡᠯᠡᠨ ᠤ ᠮᠠᠲ᠋ᠧᠷᠢᠶᠠᠯ ᠳᠤ ᠤᠤᠯ | ᠮᠠᠲ᠋ᠧᠷᠢᠶᠡᠯ ᠤᠨ ᠪᠠᠭᠤᠯᠭᠠᠪᠤᠷᠢ ᠬᠢᠭᠡᠳ ᠬᠢᠲᠠᠳ ᠬᠡᠯᠡᠨ ᠤ ᠣᠷᠴᠢᠭᠤᠯᠭ᠎ᠠ ᠶᠢᠨ ᠮᠠᠲ᠋ᠧᠷᠢᠶᠠᠯ ᠢ ᠬᠠᠩᠭᠠᠬᠤ ᠬᠡᠷᠡᠭᠲᠡᠢ᠂ | ᠠᠭᠤᠯᠭ᠎ᠠ ᠶᠢᠨ ᠲᠠᠯ᠎ᠠ ᠪᠠᠷ ᠪᠠᠯᠠᠯᠠᠵᠤ ᠵᠠᠰᠠᠵᠤ ᠪᠣᠯᠬᠤ ᠦᠭᠡᠢ᠃ | ︵ᠳᠥᠷᠪᠡ︶ ᠨᠡᠷ᠎ᠡ ᠮᠡᠳᠡᠭᠦᠯᠬᠦ ᠮᠠᠲ᠋ᠧᠷᠢᠶᠠᠯ ᠳᠠᠬᠢ ᠵᠠᠩᠭᠢᠯᠠᠭ᠎ᠠ ᠶᠢᠨ ᠴᠢᠨᠠᠷᠲᠠᠢ ᠮᠠᠲ᠋ᠧᠷᠢᠶᠠᠯ ᠡᠮ ᠤᠨ ᠵᠦᠢᠯ | ᠡᠵᠡᠩᠨᠡᠬᠦ ᠵᠥᠪᠰᠢᠶᠡᠷᠡᠯ ᠤᠨ ᠦᠨᠡᠮᠯᠡᠯ᠂ ᠡᠮᠴᠢᠯᠡᠭᠡᠨ ᠤ ᠪᠠᠭᠠᠵᠢ ᠬᠡᠷᠡᠭᠰᠡᠯ ᠡᠵᠡᠩᠨᠡᠬᠦ ᠵᠥᠪᠰᠢᠶᠡᠷᠡᠯ ᠤᠨ ᠦᠨᠡᠮᠯᠡᠯ ᠪᠠ | ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠠᠮᠠᠯᠠᠯᠲᠠ ᠶᠢᠨ ᠪᠢᠴᠢᠭ ᠢ ᠨᠥᠬᠦᠪᠦᠷᠢᠯᠡᠬᠦ ᠦᠭᠡᠢ | ᠪᠠ ᠵᠠᠰᠠᠪᠤᠷᠢ ᠣᠷᠣᠭᠤᠯᠬᠤ ᠦᠭᠡᠢ᠂ ᠪᠤᠰᠤᠳ ᠵᠠᠩᠭᠢᠯᠠᠭ᠎ᠠ ᠶᠢᠨ ᠪᠤᠰᠤ ᠴᠢᠨᠠᠷᠲᠠᠢ ᠮᠠᠲ᠋ᠧᠷᠢᠶᠠᠯ ᠳᠤ ᠪᠤᠷᠤᠭᠤ ᠲᠠᠢ | ᠪᠤᠶᠤ ᠪᠦᠷᠢᠨ ᠪᠤᠰᠤ ᠪᠠᠶᠢᠪᠠᠯ᠂ ᠠᠵᠤ ᠠᠬᠤᠶᠢᠯᠠᠯ ᠨᠢ ᠮᠡᠳᠡᠭᠳᠡᠭᠰᠡᠨ ᠤ ᠳᠠᠷᠠᠭᠠᠬᠢ ᠲᠠᠪᠤᠨ ᠠᠵᠢᠯᠯᠠᠬᠤ ᠡᠳᠦᠷ ᠤᠨ | ᠳᠣᠲᠣᠷ᠎ᠠ ᠨᠦᠬᠦᠪᠦᠷᠢᠯᠡᠬᠦ ᠬᠡᠷᠡᠭᠲᠡᠢ᠃ ᠢᠯᠡ ᠪᠠᠷ ᠵᠠᠷᠯᠠᠭᠠᠳ ᠪᠠᠲᠤᠯᠠᠭᠳᠠᠭᠰᠠᠨ ᠦᠭᠡᠢ ᠠᠵᠤ ᠠᠬᠤᠶᠢᠯᠠᠯ ᠤᠳ ᠤᠨ | ᠨᠥᠬᠦᠪᠦᠷᠢ ᠮᠠᠲ᠋ᠧᠷᠢᠶᠠᠯ ᠢ ᠲᠠᠬᠢᠨ ᠭᠥᠯᠢᠶᠡᠨ ᠠᠪᠬᠤ ᠦᠭᠡᠢ᠂ ᠳᠠᠷᠠᠭ᠎ᠠ ᠤᠯᠠᠷᠢᠯ ᠳᠤ ᠳᠠᠭᠢᠵᠤ ᠨᠡᠷ᠎ᠡ ᠮᠡᠳᠡᠭᠦᠯᠵᠦ | ᠪᠣᠯᠣᠨ᠎ᠠ᠃ | ︵ᠲᠠᠪᠤ︶ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠦᠢᠯᠡᠳᠪᠦᠷᠢᠯᠡᠬᠦ ᠠᠵᠤ | ᠠᠬᠤᠶᠢᠯᠠᠯ ᠰᠢᠭᠤᠳ ᠲᠣᠬᠢᠷᠠᠭᠤᠯᠤᠨ ᠬᠦᠷᠭᠡᠬᠦ ᠪᠠᠷ ᠨᠡᠷ᠎ᠡ ᠮᠡᠳᠡᠭᠦᠯᠬᠦ ᠳᠤ᠂ ᠡᠮ ᠤᠨ ᠵᠦᠢᠯ ᠡᠵᠡᠩᠨᠡᠬᠦ | ᠵᠥᠪᠰᠢᠶᠡᠷᠡᠯ ᠤᠨ ᠦᠨᠡᠮᠯᠡᠯ ᠪᠤᠶᠤ ᠡᠮᠴᠢᠯᠡᠭᠡᠨ ᠤ ᠪᠠᠭᠠᠵᠢ ᠬᠡᠷᠡᠭᠰᠡᠯ ᠡᠵᠡᠩᠨᠡᠬᠦ ᠵᠥᠪᠰᠢᠶᠡᠷᠡᠯ ᠤᠨ ᠦᠨᠡᠮᠯᠡᠯ ᠢ | ᠳᠠᠭᠠᠯᠳᠤᠭᠤᠯᠬᠤ ᠴᠢᠬᠤᠯᠠ ᠦᠭᠡᠢ᠃ ᠬᠡᠷᠪᠡ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠨᠡᠷ᠎ᠡ ᠮᠡᠳᠡᠭᠦᠯᠪᠡᠯ᠂ | ᠡᠮ ᠤᠨ ᠵᠦᠢᠯ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠪᠤᠶᠤ ᠡᠮᠴᠢᠯᠡᠭᠡᠨ ᠤ ᠪᠠᠭᠠᠵᠢ ᠬᠡᠷᠡᠭᠰᠡᠯ | ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠢ ᠳᠠᠭᠠᠯᠳᠤᠭᠤᠯᠵᠤ᠂ ᠦᠢᠯᠡᠳᠪᠦᠷᠢᠯᠡᠬᠦ ᠠᠵᠤ ᠠᠬᠤᠶᠢᠯᠠᠯ ᠨᠢ | ᠰᠢᠭᠤᠳ ᠲᠣᠬᠢᠷᠠᠭᠤᠯᠤᠨ ᠬᠦᠷᠭᠡᠬᠦ ᠭᠤᠶᠤᠴᠢᠯᠠᠯ ᠤᠨ ᠪᠢᠴᠢᠭ ᠢ ᠳᠠᠭᠠᠯᠳᠤᠭᠤᠯᠬᠤ ᠴᠢᠬᠤᠯᠠ ᠦᠭᠡᠢ᠃ | ︵ᠵᠢᠷᠭᠤᠭ᠎ᠠ︶ ᠬᠡᠷᠪᠡ ᠨᠡᠷ᠎ᠡ ᠮᠡᠳᠡᠭᠦᠯᠬᠦ ᠠᠵᠢᠯ ᠳᠤ ᠬᠤᠪᠢᠷᠠᠯᠲᠠ ᠭᠠᠷᠤᠭᠰᠠᠨ ᠪᠠ ᠨᠡᠷ᠎ᠡ ᠮᠡᠳᠡᠭᠦᠯᠬᠦ | ᠮᠠᠲ᠋ᠧᠷᠢᠶᠠᠯ ᠳᠤ ᠲᠣᠬᠢᠷᠠᠭᠤᠯᠤᠯᠲᠠ ᠬᠢᠭᠰᠡᠨ ᠪᠠᠶᠢᠪᠠᠯ᠂ ᠲᠡᠬᠢᠨ ᠮᠡᠳᠡᠭᠳᠡᠨ᠎ᠡ᠃ ᠡᠯ᠎ᠡ ᠠᠵᠤ ᠠᠬᠤᠶᠢᠯᠠᠯ ᠤᠳ | ᠪᠤᠭᠤᠲᠤ ᠬᠤᠲᠠ ᠶᠢᠨ ᠡᠮ ᠡᠮᠨᠡᠯᠭᠡ ᠶᠢᠨ ᠬᠤᠳᠠᠯᠳᠤᠨ ᠠᠪᠬᠤ ᠦᠢᠯᠡᠴᠢᠯᠡᠭᠡᠨ ᠤ ᠲᠥᠪ ᠤᠨ ᠸᠡᠶᠢᠴᠲ ᠤᠯᠠᠨ | ᠨᠡᠶᠢᠲᠡ ᠶᠢᠨ ᠲᠠᠪᠴᠠᠩ ᠢ ᠠᠩᠬᠠᠷᠬᠤ ᠪᠤᠯᠪᠠᠤ᠃ | ᠬᠠᠷᠢᠯᠴᠠᠬᠤ ᠣᠲᠠᠰᠤ᠄ 0472-6185845 | ᠬᠠᠷᠢᠯᠴᠠᠬᠤ ᠬᠦᠮᠦᠨ᠄ ᠵᠢᠶ᠋ᠨ ᠷᠦᠩ᠂ ᠯᠢ ᠰᠢᠶᠤᠤ ᠶᠠᠨ | ᠡᠯᠧᠺᠲᠷᠣᠨ ᠢᠮᠧᠯ᠄ btyzb2011@163.com | ᠸᠡᠶᠢᠴᠲ ᠤᠯᠠᠨ ᠨᠡᠶᠢᠲᠡ ᠶᠢᠨ ᠲᠠᠪᠴᠠᠩ᠄ ᠪᠤᠭᠤᠲᠤ ᠬᠤᠲᠠ ᠶᠢᠨ ᠡᠮ ᠡᠮᠨᠡᠯᠭᠡ ᠶᠢᠨ ᠬᠤᠳᠠᠯᠳᠤᠨ ᠠᠪᠬᠤ | ᠦᠢᠯᠡᠴᠢᠯᠡᠭᠡᠨ ᠤ ᠲᠥᠪ | |