ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠰᠦᠯᠵᠢᠶ᠎ᠡ ᠪᠠᠷ ᠪᠤᠷᠤᠯᠠᠭᠤᠯᠬᠤ ᠪᠦᠲᠦᠭᠡᠭᠳᠡᠬᠦᠨ ︵ᠬᠤᠷᠢᠳᠤᠭᠠᠷ ᠪᠦᠯᠦᠭ︶ ᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2022/12/29
  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ  ᠬᠤᠳᠠᠯᠳᠤᠨ ᠠᠪᠬᠤ ᠲᠥᠪ ᠤᠨ  ﹇2022﹈ 268 ᠳ᠋ᠤᠭᠠᠷ ᠲᠤᠭᠠᠲᠤ    ᠡᠯ᠎ᠡ ᠬᠤᠯᠪᠤᠭᠳᠠᠯ ᠪᠦᠬᠦᠢ ᠪᠠᠶᠢᠭᠤᠯᠭ᠎ᠠ ᠨᠢᠭᠡᠴᠡ᠄  ︽2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠦᠯᠵᠢᠶ᠎ᠡ ᠪᠠᠷ ᠪᠤᠷᠤᠯᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ ᠥᠪᠥᠷ ᠮᠤᠩᠭᠤᠯ ᠤᠨ ᠡᠮᠴᠢᠯᠡᠭᠡᠨ ᠤ ᠳᠠᠭᠠᠳᠬᠠᠯ ᠤᠨ ᠠᠯᠪᠠᠨ ᠭᠡᠷ ᠠᠴᠠ ᠲᠠᠷᠬᠠᠭᠠᠭᠰᠠᠨ ﹇2021﹈ 90 ᠳ᠋ᠦ᠋ᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠨᠥᠬᠦᠴᠡᠯ ᠳᠤ ᠨᠡᠶᠢᠴᠡᠬᠦ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ︶ ᠤᠨ ᠰᠤᠷᠠᠭ ᠵᠠᠩᠭᠢ ᠶᠢ ᠢᠯᠡ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃  ᠨᠢᠭᠡ᠂ ᠢᠯᠡ ᠨᠡᠶᠢᠲᠡᠯᠡᠬᠦ ᠠᠭᠤᠯᠭ᠎ᠠ  ᠠᠵᠤ ᠠᠬᠤᠶᠢᠯᠠᠯ  ᠠᠴᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠤᠷᠪᠠᠯᠵᠢ︶ ᠤᠨ ᠪᠦᠲᠦᠭᠡᠭᠳᠡᠬᠦᠨ ᠤ ᠰᠤᠷᠠᠭ ᠵᠠᠩᠭᠢ ᠶᠢ ᠮᠡᠳᠡᠭᠦᠯᠦᠨ᠎ᠡ᠃ ᠭᠤᠶᠤᠴᠢᠯᠠᠨ ᠮᠡᠳᠡᠬᠦᠯᠦᠭᠰᠡᠨ ᠠᠵᠤ ᠠᠬᠤᠶᠢᠯᠠᠯ ᠨᠢ ᠥᠪᠥᠷ ᠮᠣᠩᠭᠤᠯ ᠤᠨ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ︱ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ︱ ᠬᠥᠳᠡᠯᠦᠩᠭᠦᠢ ᠲᠣᠬᠢᠷᠠᠭᠤᠯᠤᠯᠲᠠ ᠶᠢᠨ ᠬᠠᠮᠢᠶᠠᠷᠤᠯᠲᠠ ᠠᠴᠠ ᠰᠤᠷᠠᠭ ᠵᠠᠩᠭᠢ ᠶᠢ ᠪᠠᠶᠢᠴᠠᠭᠠᠨ ᠦᠵᠡᠵᠦ ᠪᠤᠯᠤᠨ᠎ᠠ᠃  ᠬᠤᠶᠠᠷ᠂  ᠢᠯᠡ ᠨᠡᠶᠢᠲᠡᠯᠡᠬᠦ ᠴᠠᠭ  2022 ᠣᠨ ᠤ  12 ᠳ᠋ᠤᠭᠠᠷ ᠰᠠᠷ᠎ᠠ ᠶᠢᠨ 21 ᠤ ᠡᠳᠦᠷ ᠠᠴᠠ 12 ᠳ᠋ᠤᠭᠠᠷ ᠰᠠᠷ᠎ᠠ ᠶᠢᠨ 28 ᠤ ᠡᠳᠦᠷ ᠪᠤᠯᠲᠠᠯ᠎ᠠ᠃  ᠭᠤᠷᠪᠠ᠂ ᠪᠤᠰᠤᠳ ᠵᠦᠢᠯ  ︵ᠨᠢᠭᠡ︶ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠤᠳ ᠬᠡᠷᠪᠡ ᠵᠠᠷᠯᠠᠨ ᠨᠡᠶᠢᠲᠡᠯᠡᠭᠰᠡᠨ ᠰᠤᠷᠠᠭ ᠵᠠᠩᠭᠢ ᠵᠢᠴᠢ ᠪᠦᠲᠦᠭᠡᠭᠳᠡᠬᠦᠨ ᠤ ᠦᠨ᠎ᠡ ᠬᠠᠩᠰᠢ ᠳᠤ ᠰᠠᠨᠠᠯ ᠲᠠᠢ ᠪᠠᠶᠢᠪᠠᠯ᠂ ︽ᠬᠡᠨ ᠦᠵᠡᠯᠲᠡ ᠲᠤᠷᠠᠳᠪᠠᠯ᠂ ᠲᠡᠷᠡ ᠭᠡᠷᠡᠴᠢ ᠬᠠᠩᠭᠠᠬᠤ︾ ᠵᠠᠷᠴᠢᠮ ᠶᠣᠰᠣᠭᠠᠷ᠂ ᠦᠨᠡᠨ ᠪᠣᠳᠠᠲᠠᠢ ᠬᠦᠴᠦᠨ ᠪᠦᠬᠦᠢ᠂ ᠪᠦᠷᠢᠨ ᠭᠦᠢᠴᠡᠳ ᠭᠡᠷᠡᠴᠢᠯᠡᠬᠦ ᠮᠠᠲ᠋ᠧᠷᠢᠶᠠᠯ ᠬᠠᠩᠭᠠᠵᠤ᠂ ᠬᠤᠭᠤᠴᠠᠭ᠎ᠠ ᠠᠴᠠ ᠬᠡᠲᠦᠷᠡᠭᠰᠡᠨ ᠪᠤᠶᠤ ᠲᠣᠭᠲᠠᠭᠠᠯ ᠶᠣᠰᠣᠭᠠᠷ ᠲᠤᠰᠢᠶᠠᠭᠰᠠᠨ ᠦᠭᠡᠢ ᠪᠠᠶᠢᠪᠠᠯ ᠭᠥᠯᠢᠶᠡᠨ ᠠᠪᠴᠤ ᠰᠢᠢᠳᠪᠦᠷᠢᠯᠡᠬᠦ ᠦᠭᠡᠢ᠃  ︵ᠬᠤᠶᠠᠷ︶ ᠠᠵᠤ ᠠᠬᠤᠶᠢᠯᠠᠯ ᠤᠨ ᠳᠡᠪᠰᠢᠭᠦᠯᠦᠭᠰᠡᠨ ᠭᠤᠶᠤᠴᠢᠯᠠᠬᠤ ︵ᠢᠯᠡᠴᠢᠯᠡᠨ ᠮᠡᠳᠡᠬᠦᠯᠬᠦ︶ ᠵᠠᠭᠠᠯᠳᠤᠯᠭ᠎ᠠ ᠶᠢᠨ ᠮᠠᠲ᠋ᠧᠷᠢᠶᠠᠯ ᠳᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠪᠠᠭᠠᠵᠢ ᠬᠡᠷᠡᠭᠰᠡᠯ ᠢ ᠲᠥᠪᠯᠡᠷᠡᠭᠦᠯᠦᠨ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠭᠰᠠᠨ ᠪᠢᠴᠢᠭ᠂ ᠪᠠᠶᠢᠳᠠᠯ ᠤᠨ ᠲᠣᠳᠣᠷᠬᠠᠶᠢᠯᠠᠯᠲᠠ ᠪᠠ ᠬᠠᠮᠢᠶ᠎ᠠ ᠪᠦᠬᠦᠢ ᠲᠣᠳᠣᠷᠬᠠᠢ ᠪᠥᠭᠡᠳ ᠬᠦᠴᠦᠨ  ᠪᠦᠬᠦᠢ ᠭᠡᠷᠡᠴᠢ ᠮᠠᠲ᠋ᠧᠷᠢᠶᠠᠯ ᠪᠠᠭᠲᠠᠨ᠎ᠠ᠃  ︵ᠭᠤᠷᠪᠠ︶ ᠮᠡᠳᠡᠬᠦᠯᠬᠦ ᠠᠷᠭ᠎ᠠ ᠪᠠᠷᠢᠯ   ᠢᠯᠡᠴᠢᠯᠡᠨ ᠮᠡᠳᠡᠬᠦᠯᠬᠦ ᠳᠤ ᠰᠦᠯᠵᠢᠶᠡᠨ ᠳᠡᠭᠡᠷᠡᠬᠢ ᠲᠤᠬᠠᠶᠢᠯᠠᠭᠰᠠᠨ ᠠᠵᠢᠯ ᠢ ᠭᠦᠢᠴᠡᠳᠬᠡᠬᠦ ᠰᠢᠰᠲ᠋ᠧᠮ ᠢᠶᠠᠷ ᠬᠤᠷᠣᠭᠳᠠᠯ ᠮᠠᠲ᠋ᠧᠷᠢᠶᠠᠯ ᠤᠨ ᠪᠦᠲᠦᠭᠡᠭᠳᠡᠬᠦᠨ ᠢ  ᠢᠯᠡᠴᠢᠯᠡᠨ ᠮᠡᠳᠡᠬᠦᠯᠵᠦ ᠪᠤᠯᠤᠨ᠎ᠠ᠃  ᠲᠤᠬᠠᠢ ᠶᠢᠨ ᠲᠠᠯᠠᠪᠤᠷ ᠲᠤ ᠮᠠᠲ᠋ᠧᠷᠢᠶᠠᠯ ᠢᠶᠠᠨ ᠲᠤᠰᠢᠶᠠᠵᠤ ᠪᠠᠶᠢᠭ᠎ᠠ ᠠᠵᠤ ᠠᠬᠤᠶᠢᠯᠠᠯ ᠨᠢ ᠮᠠᠲ᠋ᠧᠷᠢᠶᠠᠯ  ᠳᠡᠭᠡᠷ᠎ᠡ ᠪᠠᠨ ᠠᠵᠤ ᠠᠬᠤᠶᠢᠯᠠᠯ ᠤᠨ ᠠᠯᠪᠠᠨ ᠤ ᠲᠠᠮᠠᠭ᠎ᠠ ︵ᠠᠯᠪᠠᠨ ᠲᠠᠮᠠᠭ᠎ᠠ ᠶᠢ ᠲᠣᠳᠣᠷᠬᠠᠢ ᠪᠠᠶᠢᠬᠤ  ᠬᠡᠷᠡᠭᠲᠡᠢ︶ ᠪᠠᠨ ᠳᠠᠷᠤᠭᠰᠠᠨ ᠤ ᠳᠠᠷᠠᠭ᠎ᠠ᠂ ᠴᠤᠬᠤᠪᠴᠢ ᠳᠤ  ᠲᠤᠰᠢᠶᠠᠨ᠎ᠠ᠃  ︵ ᠳᠥᠷᠪᠡ︶ ᠢᠯᠡ ᠨᠡᠶᠢᠲᠡᠯᠡᠬᠦ ᠬᠤᠭᠤᠴᠠᠭᠠᠨ ᠳᠤ ᠭᠥᠯᠢᠶᠡᠨ ᠠᠪᠤᠭᠰᠠᠨ ᠭᠤᠶᠤᠴᠢᠯᠠᠬᠤ ︵ ᠢᠯᠡᠴᠢᠯᠡᠨ ᠮᠡᠳᠡᠬᠦᠯᠬᠦ︶ ᠵᠠᠭᠠᠯᠳᠤᠯᠭ᠎ᠠ ᠶᠢ ᠲᠥᠪᠯᠡᠷᠡᠭᠦᠯᠦᠨ ᠰᠢᠢᠳᠪᠦᠷᠢᠯᠡᠵᠦ᠂ ᠲᠤᠬᠠᠢ ᠶᠢᠨ ᠦᠶ᠎ᠡ ᠳᠤ ᠥᠪᠥᠷ ᠮᠣᠩᠭᠤᠯ ᠤᠨ ᠡᠮ ᠡᠮᠨᠡᠯᠭᠡ ᠶᠢᠨ ᠬᠤᠳᠠᠯᠳᠤᠨ ᠠᠪᠬᠤ ᠰᠦᠯᠵᠢᠶ᠎ᠡ ᠪᠠᠷ ᠳᠡᠮᠵᠢᠨ ᠦᠷ᠎ᠡ ᠳ᠋ᠦᠩ ᠢ ᠨᠢᠭᠡᠳᠦᠯᠲᠡᠢ ᠨᠡᠶᠢᠲᠡᠯᠡᠨ᠎ᠡ᠃ ᠢᠯᠡ ᠨᠡᠶᠢᠲᠡᠯᠡᠬᠦ ᠳᠤ ᠰᠠᠨᠠᠯ ᠦᠭᠡᠢ ᠪᠦᠲᠦᠭᠡᠭᠳᠡᠬᠦᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ  ᠪᠦᠲᠦᠭᠡᠭᠳᠡᠬᠦᠨ ᠤ  ᠠᠷᠠᠯᠵᠢᠶᠠᠨ ᠤ ᠬᠥᠮᠥᠷᠭᠡ ᠳᠤ ᠣᠷᠣᠭᠤᠯᠤᠨ᠎ᠠ᠃  ᠳᠥᠷᠪᠡ᠂ ᠬᠠᠷᠢᠯᠴᠠᠬᠤ ᠠᠷᠭ᠎ᠠ ᠮᠠᠶ᠋ᠢᠭ  0471-4919735 ︵ ᠮᠠᠲ᠋ᠧᠷᠢᠶᠠᠯ ᠢ ᠭᠥᠯᠢᠶᠡᠨ ᠠᠪᠴᠤ ᠰᠢᠢᠳᠪᠦᠷᠢᠯᠡᠬᠦ︶ ᠂ 0471-4930595 ︵ ᠲᠤᠬᠠᠶᠢᠯᠠᠭᠰᠠᠨ ᠠᠵᠢᠯ ᠤᠨ ᠯᠠᠪᠯᠠᠯᠭ᠎ᠠ︶  ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠤᠯᠠᠭᠠᠨᠴᠠᠪ ᠤᠨ ᠪᠠᠷᠠᠭᠤᠨ ᠵᠡᠭᠡᠯᠢ ᠶᠢᠨ 19 ᠳ᠋ᠦ᠋ᠭᠡᠷ ᠨᠣᠮᠧᠷ    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ  2022ᠣᠨ ᠤ 12 ᠳ᠋ᠤᠭᠠᠷ ᠰᠠᠷ᠎ᠠ ᠶᠢᠨ 21  ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号