ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/12/6
    ᠥᠪᠥᠷ ᠡᠮ ᠬᠤᠳᠠᠯᠳᠤᠨ ᠠᠪᠬᠤ ᠲᠥᠪ ᠦᠰᠦᠭ ﹇2022﹈ 246 ᠳ᠋ᠤᠭᠠᠷ ᠲᠣᠭᠠᠲᠤ ᠡᠯ᠎ᠡ ᠬᠠᠮᠢᠶ᠎ᠠ ᠪᠦᠬᠦᠢ ᠨᠢᠭᠡᠴᠢ ᠳᠤ᠄   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ︵ᠪᠡᠶ᠎ᠡ ᠶᠢᠨ ᠭᠠᠳᠠᠨ᠎ᠠ ᠣᠨᠣᠰᠢᠯᠠᠬᠤ ᠤᠷᠪᠠᠯᠵᠢ ᠶᠢ ᠪᠠᠭᠲᠠᠭᠠᠨ᠎ᠠ᠂ ᠳᠣᠷᠣᠭᠰᠢ ᠠᠳᠠᠯᠢ︶ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠰᠠᠶᠢᠲᠤᠷ ᠬᠢᠵᠦ᠂ ᠡᠮᠬᠢ ᠵᠢᠷᠤᠮ ᠲᠠᠢ᠂ ᠢᠯᠡ ᠲᠣᠳᠣ᠂ ᠡᠷᠬᠡ ᠲᠡᠭᠰᠢ ᠪᠠᠷ ᠥᠷᠢᠰᠦᠯᠳᠦᠬᠦ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠬᠤ ᠳᠣᠭᠲᠠᠯᠴᠠᠭ᠎ᠠ ᠶᠢ ᠪᠠᠶᠢᠭᠤᠯᠬᠤ ᠶᠢ ᠠᠬᠢᠭᠤᠯᠤᠨ᠂ ᠵᠠᠬ᠎ᠠ ᠳᠡᠯᠭᠡᠭᠦᠷ ᠢᠶᠠᠷ ᠭᠤᠤᠯ ᠤᠳᠤᠷᠢᠳᠤᠮᠵᠢ ᠪᠣᠯᠭᠠᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠠᠵᠢᠯ ᠲᠥᠷᠥᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠤᠨ᠂ ᠣᠯᠠᠨ ᠲᠦᠮᠡᠨ ᠤ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠶᠢᠨ ᠲᠥᠯᠦᠭᠡ᠂ ᠰᠤᠳᠤᠯᠬᠤ ᠪᠠᠷ ᠳᠡᠮᠵᠢᠨ᠂ ᠡᠳᠦᠭᠡ ᠬᠠᠮᠢᠶ᠎ᠠ ᠪᠥᠬᠦᠶ ᠵᠦᠢᠯᠡᠰ ᠢ ᠳᠤᠤᠷᠠᠬᠢ ᠮᠡᠲᠦ ᠮᠡᠳᠡᠭᠳᠡᠪᠡ᠄   ᠨᠢᠭᠡ᠂ ᠬᠤᠳᠠᠯᠳᠤᠨ ᠠᠪᠬᠤ ᠭᠤᠣᠯ ᠴᠣᠭᠴᠠ   ᠪᠥᠬᠦ ᠣᠷᠣᠨ ᠤ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠪᠣᠯ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠴᠤ ᠬᠡᠷᠡᠭᠯᠡᠬᠦ ᠭᠤᠤᠯ ᠴᠣᠭᠴᠠ ᠪᠣᠯᠤᠨ᠎ᠠ᠂ ᠡᠮᠴᠢᠯᠡᠭᠡᠨ ᠤ ᠪᠠᠲᠤᠯᠠᠭ᠎ᠠ ᠶᠢᠨ ᠴᠡᠭ ᠲᠣᠭᠲᠠᠭᠠᠭᠰᠠᠨ ᠨᠡᠶᠢᠭᠡᠮ ᠠᠴᠠ ᠡᠷᠬᠢᠯᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠎ᠠ᠃   ᠬᠤᠶᠠᠷ᠂ ᠬᠤᠳᠠᠯᠳᠤᠨ ᠠᠪᠬᠤ ᠬᠡᠪᠴᠢᠶ᠎ᠡ ᠵᠢᠴᠢ ᠠᠩᠭᠢᠯᠠᠯ   ︵ᠨᠢᠭᠡ︶ ᠬᠤᠳᠠᠯᠳᠤᠨ ᠠᠪᠬᠤ ᠬᠡᠪᠴᠢᠶ᠎ᠡ   1 . ᠮᠠᠨ ᠤ ᠤᠯᠤᠰ ᠤᠨ ᠬᠢᠯᠢ ᠳᠣᠲᠤᠷᠠᠬᠢ ᠵᠠᠬ᠎ᠠ ᠳᠡᠯᠭᠡᠭᠦᠷ ᠲᠤ ᠭᠠᠷᠭᠠᠨ ᠪᠣᠷᠣᠯᠠᠭᠤᠯᠬᠤ ᠶᠢ ᠵᠥᠪᠰᠢᠶᠡᠷᠡᠭᠰᠡᠨ ᠪᠥᠭᠡᠳ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠠᠩᠭᠢᠯᠠᠯ ᠪᠣᠯᠤᠨ ᠺᠣᠳ᠋ ᠢ ᠣᠯᠤᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃   2 . ᠮᠢᠨᠴᠦᠷᠡᠭᠦᠯᠬᠦ ᠡᠮ ᠤᠨ ᠵᠦᠢᠯ᠂ ᠨᠢᠭᠡᠳᠦᠭᠡᠷ ᠲᠥᠷᠥᠯ ᠤᠨ ᠮᠡᠳᠡᠷᠡᠯ ᠤᠨ ᠡᠮ ᠤᠨ ᠵᠦᠢᠯ᠂ ᠬᠢᠲᠠᠳ ︵ᠮᠣᠩᠭᠤᠯ︶ ᠴᠢᠨᠠᠬᠤ ᠡᠮ᠂ ᠡᠮᠴᠢᠯᠡᠭᠡᠨ ᠳᠤ ᠬᠡᠷᠡᠭᠯᠡᠬᠦ ᠬᠤᠤᠷᠲᠤ ᠴᠢᠨᠠᠷᠲᠠᠶ ᠡᠮ ᠤᠨ ᠵᠦᠢᠯ᠂ ᠰᠠᠴᠤᠷᠠᠭ ᠴᠢᠨᠠᠷᠲᠠᠶ ᠡᠮ ᠤᠨ ᠵᠦᠢᠯ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠲᠠ ᠵᠡᠷᠭᠡ ᠶᠢ ᠮᠥᠨ ᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠲᠣᠭᠲᠠᠭᠠᠯ ᠶᠣᠰᠣᠭᠠᠷ ᠬᠤᠳᠠᠯᠳᠤᠨ ᠠᠪᠬᠤ ᠶᠢᠨ ᠬᠠᠮᠲᠤ ᠬᠤᠳᠠᠯᠳᠤᠨ ᠠᠪᠤᠭᠰᠠᠨ ᠪᠠᠶᠢᠳᠠᠯ ᠢᠶᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠳᠤ ᠰᠠᠷ᠎ᠠ ᠪᠣᠯᠭᠠᠨ ᠳᠡᠭᠡᠭᠰᠢ ᠮᠡᠳᠡᠭᠦᠯᠦᠨ᠎ᠡ᠃    ︵ᠬᠤᠶᠠᠷ︶ ᠬᠤᠳᠠᠯᠳᠤᠨ ᠠᠪᠬᠤ ᠠᠩᠭᠢᠯᠠᠯ   1 . ᠬᠡᠮᠵᠢᠶ᠎ᠡ ᠲᠠᠢ ᠬᠤᠳᠠᠯᠳᠤᠨ ᠠᠪᠬᠤ᠃ ᠤᠯᠤᠰ ᠪᠠ ᠮᠤᠵᠢ ᠶᠢᠨ ᠬᠤᠭᠤᠷᠣᠨᠳᠣᠬᠢ ᠬᠤᠯᠪᠣᠭ᠎ᠠ ᠵᠡᠷᠭᠡ ᠣᠯᠠᠨ ᠵᠦᠢᠯ ᠤᠨ ᠬᠡᠯᠪᠡᠷᠢ ᠪᠠᠷ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠳᠤ ᠰᠣᠩᠭᠤᠭᠳᠠᠭᠰᠠᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠣᠩᠭᠤᠭᠳᠠᠭᠰᠠᠨ ᠦᠨ᠎ᠡ ᠬᠠᠩᠰᠢ ᠪᠠᠷ ᠬᠤᠳᠠᠯᠳᠤᠨ ᠠᠪᠬᠤ ᠶᠢ ᠬᠡᠷᠡᠭᠵᠢᠭᠦᠯᠦᠨ᠎ᠡ᠃   2 . ᠬᠡᠯᠡᠯᠴᠡᠭᠡ ᠬᠢᠭᠰᠡᠨ ᠦᠨ᠎ᠡ ᠪᠠᠷ ᠬᠤᠳᠠᠯᠳᠤᠨ ᠠᠪᠬᠤ᠃ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭᠲᠦ ᠡᠮ ᠪᠠ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠲᠦᠷᠭᠡᠨ ︵ᠵᠠᠪᠳᠤᠨ︶ ᠠᠪᠤᠷᠬᠠᠤ ᠡᠮ ᠤᠨ ᠵᠦᠢᠯ ᠵᠢᠴᠢ ᠳᠤᠲᠠᠭᠳᠠᠵᠤ ᠪᠠᠶᠢᠭ᠎ᠠ ᠡᠮ ᠤᠨ ᠵᠦᠢᠯ ᠳᠤ ᠬᠠᠷᠢᠶᠠᠯᠠᠭᠳᠠᠪᠠᠯ ᠡᠮᠴᠢᠯᠡᠭᠡᠨ ᠤ ᠪᠠᠶᠢᠭᠤᠯᠤᠮᠵᠢ ᠠᠴᠠ ᠠᠵᠤ ᠠᠬᠤᠶᠢᠯᠠᠯ ᠯᠤᠭ᠎ᠠ ᠪᠤᠰᠤᠳ ᠮᠤᠵᠢ ᠶᠢᠨ ᠳᠡᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠰᠦᠯᠵᠢᠶᠡᠨ ᠳᠤ ᠡᠯᠭᠦᠭᠰᠡᠨ ᠬᠡᠯᠡᠯᠴᠡᠭᠡ ᠬᠢᠭᠰᠡᠨ ᠦᠨ᠎ᠡ ᠪᠠᠷ ᠬᠤᠳᠠᠯᠳᠤᠨ ᠠᠪᠬᠤ ᠪᠠᠷ ᠳᠣᠭᠲᠠᠭᠠᠵᠤ᠂ ᠬᠡᠯᠡᠯᠴᠡᠭᠡ ᠬᠢᠭᠰᠡᠨ ᠦᠨ᠎ᠡ ᠥᠬᠡᠶ ᠪᠣᠯ ᠡᠮᠴᠢᠯᠡᠭᠡᠨ ᠤ ᠪᠠᠶᠢᠭᠤᠯᠤᠮᠵᠢ ᠠᠴᠠ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ‌ᠦᠢᠯᠡᠳᠪᠦᠷᠢᠯᠡᠬᠦ ᠠᠵᠤ ᠠᠬᠤᠶᠢᠯᠠᠯ ᠲᠠᠢ ᠬᠡᠯᠡᠯᠴᠡᠨ ᠲᠣᠭᠲᠠᠭᠠᠨ᠎ᠠ᠃   3 . ᠬᠢᠵᠠᠭᠠᠷᠯᠠᠭᠰᠠᠨ ᠦᠨ᠎ᠡ ᠪᠠᠷ ᠬᠤᠳᠠᠯᠳᠤᠨ ᠠᠪᠬᠤ᠃ ᠬᠡᠮᠵᠢᠶ᠎ᠡ ᠲᠠᠢ ᠬᠤᠳᠠᠯᠳᠤᠨ ᠠᠪᠬᠤ ᠪᠠ ᠬᠡᠯᠡᠯᠴᠡᠭᠡ ᠬᠢᠭᠰᠡᠨ ᠦᠨ᠎ᠡ ᠪᠠᠷ ᠬᠤᠳᠠᠯᠳᠤᠨ ᠠᠪᠬᠤ ᠠᠴᠠ ᠪᠤᠰᠤᠳ ᠦᠢᠯᠡᠳᠬᠦᠨ ᠢ ᠴᠥᠮ ᠬᠢᠵᠠᠭᠠᠷᠯᠠᠭᠰᠠᠨ ᠦᠨ᠎ᠡ ᠪᠠᠷ ᠬᠤᠳᠠᠯᠳᠤᠨ ᠠᠪᠬᠤ ᠳᠤ ᠣᠷᠣᠭᠤᠯᠵᠤ᠂ ᠪᠤᠰᠤᠳ ᠮᠤᠵᠢ ᠶᠢᠨ ᠳᠡᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠰᠦᠯᠵᠢᠶᠡᠨ ᠳᠤ ᠡᠯᠭᠦᠬᠦ ᠦᠨ᠎ᠡ ᠪᠠ ᠮᠠᠨ ᠤ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠥᠩᠭᠡᠷᠡᠭᠰᠡᠨ ᠤ ᠬᠤᠳᠠᠯᠳᠤᠨ ᠠᠪᠤᠭᠰᠠᠨ ᠦᠨ᠎ᠡ ᠬᠠᠩᠰᠢ ᠪᠠᠷ ᠯᠠᠪᠯᠠᠯᠲᠠ ᠪᠣᠯᠭᠠᠵᠤ᠂ ᠡᠮᠴᠢᠯᠡᠭᠡᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ ᠬᠢᠵᠠᠭᠠᠷᠯᠠᠭᠰᠠᠨ ᠦᠨ᠎ᠡ ᠠᠴᠠ ᠥᠨᠳᠥᠷ ᠦᠭᠡᠶ ᠰᠠᠭᠤᠷᠢᠨ ᠳᠡᠭᠡᠷ᠎ᠡ ᠬᠡᠯᠡᠯᠴᠡᠭᠡ ᠬᠢᠭᠰᠡᠨ ᠦᠨ᠎ᠡ ᠪᠠᠷ ᠬᠤᠳᠠᠯᠳᠤᠨ ᠠᠪᠤᠨ᠎ᠠ᠃   ᠭᠤᠷᠪᠠ᠂ ᠰᠦᠯᠵᠢᠶᠡᠨ ᠳᠤ ᠡᠯᠭᠦᠬᠦ ᠶᠢ ᠮᠡᠳᠡᠭᠦᠯᠬᠦ ᠵᠢᠴᠢ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠬᠦ   ︵ᠨᠢᠭᠡ︶ ᠰᠦᠯᠵᠢᠶᠡᠨ ᠳᠤ ᠡᠯᠭᠦᠬᠦ ᠶᠢ ᠮᠡᠳᠡᠭᠦᠯᠬᠦ   1 . ᠬᠤᠳᠠᠯᠳᠤᠨ ᠠᠪᠬᠤ ᠬᠡᠪᠴᠢᠶᠡᠨ ᠳᠤ ᠬᠠᠷᠢᠶᠠᠯᠠᠭᠳᠠᠵᠤ᠂ ᠪᠤᠰᠤᠳ ᠮᠤᠵᠢ ᠣᠷᠣᠨ ᠨᠢᠭᠡᠨᠲᠡ ᠰᠦᠯᠵᠢᠶᠡᠨ ᠳᠤ ᠡᠯᠭᠦᠭᠰᠡᠨ ᠪᠥᠭᠡᠳ ᠮᠠᠨ ᠤ ᠣᠷᠣᠨ ᠳᠤ ᠰᠦᠯᠵᠢᠶᠡᠨ ᠳᠤ ᠡᠯᠭᠦᠭᠡ ᠥᠬᠡᠶ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠰᠠᠷ᠎ᠠ ᠪᠠᠷ ᠲᠥᠪᠯᠡᠷᠡᠭᠦᠯᠦᠨ ᠰᠦᠯᠵᠢᠶᠡᠨ ᠳᠤ ᠡᠯᠭᠦᠬᠦ ᠶᠢ ᠥᠷᠨᠢᠭᠦᠯᠦᠨ᠎ᠡ᠃   2 . ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ ᠵᠠᠰᠠᠬᠤ ᠵᠡᠷᠭᠡ ᠳᠤ ᠬᠡᠷᠡᠭᠰᠡᠬᠦ ᠡᠮ ᠤᠨ ᠵᠦᠢᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠷᠤᠢ ᠳᠤ ᠨᠢ ᠰᠦᠯᠵᠢᠶᠡᠨ ᠳᠤ ᠡᠯᠭᠦᠨ᠎ᠡ᠃   3 . ᠡᠮᠴᠢᠯᠡᠭᠡᠨ ᠳᠤ ᠪᠠᠴᠢᠮ ᠬᠡᠷᠡᠭᠰᠡᠬᠦ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠳᠤ ᠬᠠᠷᠢᠶᠠᠯᠠᠭᠳᠠᠪᠠᠯ᠂ ᠡᠮᠴᠢᠯᠡᠭᠡᠨ ᠤ ᠪᠠᠶᠢᠭᠤᠯᠤᠮᠵᠢ ᠤᠨ ᠬᠢᠨ ᠪᠠᠴᠢᠮ ᠪᠠᠶᠢᠳᠠᠯ ᠢ ᠠᠷᠭᠠᠴᠠᠬᠤ ᠪᠠᠷ ᠬᠤᠳᠠᠯᠳᠤᠨ ᠠᠪᠴᠤ᠂ ᠬᠤᠳᠠᠯᠳᠤᠨ ᠠᠪᠤᠭᠰᠠᠨ ᠤ ᠳᠠᠷᠠᠭᠠᠬᠢ 7 ᠠᠵᠢᠯᠯᠠᠬᠤ ᠡᠳᠦᠷ ᠤᠨ ᠳᠣᠲᠣᠷ᠎ᠠ ᠪᠠᠶᠢᠭ᠎ᠠ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠮᠡᠳᠡᠭᠦᠯᠵᠦ ᠪᠦᠷᠢᠳᠬᠡᠨ ᠳᠠᠩᠰᠠᠯᠠᠭᠤᠯᠵᠤ᠂ ᠠᠵᠤ ᠠᠬᠤᠶᠢᠯᠠᠯ ᠳᠠᠷᠤᠢ ᠳᠤ ᠨᠢ ᠮᠡᠳᠡᠭᠦᠯᠵᠦ ᠰᠦᠯᠵᠢᠶᠡᠨ ᠳᠤ ᠡᠯᠭᠦᠨ᠎ᠡ᠃   ︵ᠬᠤᠶᠠᠷ︶ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠬᠦ   ᠰᠦᠯᠵᠢᠶᠡᠨ ᠳᠤ ᠡᠯᠭᠦᠭᠰᠡᠨ ᠦᠢᠯᠡᠳᠭᠦᠨ ᠲᠣᠭᠲᠠᠮᠠᠯ ᠬᠤᠭᠤᠴᠠᠭ᠎ᠠ ᠲᠠᠢ ᠪᠠᠷ ᠪᠤᠰᠤᠳ ᠮᠤᠵᠢ ᠶᠢᠨ ᠳᠡᠰ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠤᠭ ᠤᠨ ᠳᠤᠤᠷ᠎ᠠ ᠰᠦᠯᠵᠢᠶᠡᠨ ᠳᠠᠬᠢ ᠦᠨ᠎ᠡ ︵ᠬᠡᠮᠵᠢᠶ᠎ᠡ ᠲᠠᠢ ᠬᠤᠳᠠᠯᠳᠤᠨ ᠠᠪᠬᠤ ᠳᠤ ᠰᠣᠩᠭᠤᠭᠳᠠᠭᠰᠠᠨ ᠦᠨ᠎ᠡ ᠶᠢ ᠪᠠᠭᠲᠠᠭᠠᠬᠤ ᠥᠬᠡᠶ︶ ᠪᠠᠷ ᠬᠤᠯᠪᠤᠯᠳᠤᠨ ᠬᠥᠳᠡᠯᠦᠯᠴᠡᠵᠦ᠂ ᠪᠤᠰᠤᠳ ᠮᠤᠵᠢ ᠶᠢᠨ ᠱᠠᠲᠤᠨ ᠤ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠤᠭ ᠤᠨ ᠳᠤᠤᠷ᠎ᠠ ᠰᠦᠯᠵᠢᠶᠡᠨ ᠳᠠᠬᠢ ᠦᠨ᠎ᠡ ᠳᠤ ᠬᠤᠪᠢᠷᠠᠯᠲᠠ ᠭᠠᠷᠤᠭᠰᠠᠨ ᠪᠣᠯ ᠮᠡᠳᠡᠭᠦᠯᠦᠭᠰᠡᠨ ᠠᠵᠤ ᠠᠬᠤᠶᠢᠯᠠᠯ ᠴᠠᠭ ᠲᠤᠬᠠᠶ ᠳᠤ ᠨᠢ ᠦᠨ᠎ᠡ ᠬᠠᠩᠰᠢ ᠶᠢᠨ ᠮᠡᠳᠡᠭᠡ ᠵᠠᠩᠭᠢ ᠪᠠᠨ ᠳᠤᠰᠢᠶᠠᠨ᠎ᠠ᠃    ᠳᠥᠷᠪᠡ᠂ ᠰᠦᠯᠵᠢᠶᠡᠨ ᠳᠤ ᠡᠯᠭᠦᠭᠰᠡᠨ ᠦᠢᠯᠡᠳᠭᠦᠨ ᠢ ᠪᠤᠴᠠᠭᠠᠬᠤ ᠬᠠᠮᠢᠶᠠᠷᠤᠯᠲᠠ   ᠳᠤᠤᠷᠠᠬᠢ ᠮᠡᠲᠦ ᠪᠠᠶᠢᠳᠠᠯ ᠣᠷᠣᠰᠢᠵᠤ ᠪᠠᠶᠢᠭ᠎ᠠ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠦᠢᠯᠡᠳᠪᠦᠷᠢᠯᠡᠬᠦ ᠠᠵᠤ ᠠᠬᠤᠶᠢᠯᠠᠯ ᠠᠴᠠ ᠰᠦᠯᠵᠢᠶᠡᠨ ᠳᠤ ᠡᠯᠭᠦᠬᠦ ᠶᠢ ᠬᠦᠴᠦᠨ ᠥᠬᠡᠶ ᠪᠣᠯᠭᠠᠬᠤ ᠪᠠᠷ ᠭᠤᠶᠤᠴᠢᠯᠠᠵᠤ ᠪᠣᠯᠤᠨ᠎ᠠ᠄   ︵ᠨᠢᠭᠡ︶ ᠤᠯᠤᠰ ᠤᠨ ᠡᠮ ᠤᠨ ᠵᠦᠢᠯ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠨᠡᠶᠢᠲᠡᠯᠡᠭᠰᠡᠨ ᠵᠠᠬ᠎ᠠ ᠳᠡᠯᠭᠡᠭᠦᠷ ᠠᠴᠠ ᠪᠤᠴᠠᠭᠠᠬᠤ ᠪᠤᠶᠤ ᠡᠭᠡᠭᠦᠯᠦᠨ ᠠᠪᠴᠢᠷᠠᠬᠤ ᠦᠢᠯᠡᠳᠭᠦᠨ︔   ︵ᠬᠤᠶᠠᠷ︶ ᠵᠥᠪᠰᠢᠶᠡᠷᠡᠭᠰᠡᠨ ᠭᠡᠷᠡᠴᠢᠯᠡᠬᠦ ᠪᠢᠴᠢᠭ ᠮᠠᠲ᠋ᠧᠷᠢᠶᠠᠯ ᠤᠨ ᠬᠤᠭᠤᠴᠠᠭ᠎ᠠ ᠲᠤᠯᠤᠭᠰᠠᠨ ᠪᠠᠶᠢᠲᠠᠯ᠎ᠠ ᠦᠷᠭᠦᠯᠵᠢᠯᠡᠭᠦᠯᠦᠭᠰᠡᠨ ᠦᠭᠡᠢ ᠪᠤᠶᠤ ᠬᠤᠷᠢᠶᠠᠨ ᠠᠪᠴᠤ ᠬᠦᠴᠦᠨ ᠦᠭᠡᠢ ᠪᠣᠯᠭᠠᠬᠤ ᠦᠢᠯᠡᠳᠬᠦᠨ︔   ︵ᠭᠤᠷᠪᠠ︶ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠲᠤᠯᠤᠭᠰᠠᠨ ᠪᠠᠶᠢᠲᠠᠯ᠎ᠠ ᠦᠷᠭᠦᠯᠵᠢᠯᠡᠭᠦᠯᠦᠭᠰᠡᠨ ᠦᠭᠡᠢ ᠪᠤᠶᠤ ᠬᠦᠴᠦᠨ ᠦᠭᠡᠢ ᠪᠣᠯᠭᠠᠬᠤ ᠠᠵᠤ ᠠᠬᠤᠶᠢᠯᠠᠯ︔   ︵ᠳᠥᠷᠪᠡ︶ ᠬᠦᠨᠳᠦ ᠨᠣᠴᠢᠲᠠᠶ ᠮᠠᠭᠤ ᠲᠤᠰᠬᠠᠯ ︵ᠬᠡᠷᠡᠭ︶ ᠭᠠᠷᠭᠠᠭᠰᠠᠨ ᠦᠢᠯᠡᠳᠬᠦᠨ︔   ︵ᠲᠠᠪᠤ︶ ᠠᠵᠤ ᠠᠬᠤᠶᠢᠯᠠᠯ ᠤᠨ ᠦᠢᠯᠡᠳᠪᠦᠷᠢᠯᠡᠵᠦ ᠡᠵᠡᠩᠨᠡᠬᠦ᠂ ᠬᠡᠮᠵᠢᠶ᠎ᠡ ᠲᠠᠢ ᠬᠤᠳᠠᠯᠳᠤᠨ ᠠᠪᠬᠤ ᠵᠢᠴᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠶᠠᠪᠤᠴᠠ ᠳᠤ ᠬᠤᠯᠪᠣᠭᠳᠠᠯ ᠪᠦᠬᠦᠢ ᠲᠣᠭᠲᠠᠭᠠᠯ ᠠᠴᠠ ᠵᠥᠷᠢᠴᠡᠭᠰᠡᠨ᠂ ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ᠂ ᠲᠣᠭᠲᠠᠭᠠᠭᠰᠠᠨ ᠱᠠᠭᠠᠷᠳᠠᠯᠭ᠎ᠠ ᠶᠣᠰᠣᠭᠠᠷ ᠬᠦᠴᠦᠨ ᠦᠭᠡᠶ ᠪᠣᠯᠭᠠᠬᠤ ᠰᠦᠯᠵᠢᠶᠡᠨ ᠳᠤ ᠡᠯᠭᠦᠭᠰᠡᠨ ᠦᠢᠯᠡᠳᠬᠦᠨ᠃   ᠳᠡᠭᠡᠷ᠎ᠡ ᠳᠤᠷᠠᠳᠤᠭᠰᠠᠨ ᠪᠠᠶᠢᠳᠠᠯ ᠠᠴᠠ ᠭᠠᠳᠠᠨ᠎ᠠ᠂ ᠠᠵᠤ ᠠᠬᠤᠶᠢᠯᠠᠯ ᠠᠴᠠ ᠰᠦᠯᠵᠢᠶᠡᠨ ᠳᠤ ᠡᠯᠭᠦᠬᠦ ᠶᠢ ᠬᠦᠴᠦᠨ ᠥᠬᠡᠶ ᠪᠣᠯᠭᠠᠬᠤ ᠪᠠᠷ ᠭᠤᠶᠤᠴᠢᠯᠠᠭᠰᠠᠨ ᠦᠢᠯᠡᠳᠭᠦᠨ ᠢ ᠨᠢᠭᠡ ᠵᠢᠯ ᠤᠨ ᠳᠣᠲᠣᠷ᠎ᠠ ᠰᠦᠯᠵᠢᠶᠡᠨ ᠳᠤ ᠡᠯᠭᠦᠬᠦ ᠪᠠᠷ ᠳᠠᠬᠢᠨᠲᠠ ᠭᠤᠶᠤᠴᠢᠯᠠᠵᠤ ᠪᠣᠯᠬᠤ ᠥᠬᠡᠶ᠃    ᠲᠠᠪᠤ᠂ ᠬᠤᠳᠠᠯᠳᠤᠨ ᠠᠪᠬᠤ ᠬᠠᠮᠢᠶᠠᠷᠤᠯᠲᠠ   ᠡᠯ᠎ᠡ ᠡᠮᠴᠢᠯᠡᠭᠡᠨ ᠤ ᠪᠠᠶᠢᠭᠤᠯᠤᠮᠵᠢ ᠬᠤᠳᠠᠯᠳᠤᠨ ᠠᠪᠬᠤ ᠬᠡᠪᠴᠢᠶᠡᠨ ᠳᠠᠬᠢ ᠡᠮ ᠤᠨ ᠵᠦᠢᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠷᠡᠭᠯᠡᠬᠦ ᠳᠤ ᠡᠮ ᠤᠨ ᠵᠦᠢᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠢᠯᠡ ᠪᠠᠷ ᠬᠤᠳᠠᠯᠳᠤᠨ ᠠᠪᠬᠤ ᠬᠠᠮᠢᠶᠠᠷᠤᠯᠲᠠ ᠶᠢᠨ ᠰᠠᠯᠪᠤᠷᠢ ᠰᠢᠰᠲ᠋ᠧᠮ  ᠢᠶᠠᠷ ᠳᠠᠮᠵᠢᠭᠤᠯᠤᠨ ᠰᠦᠯᠵᠢᠶᠡᠨ ᠳᠤ ᠬᠤᠳᠠᠯᠳᠤᠨ ᠠᠪᠤᠨ᠎ᠠ᠃ ᠬᠡᠯᠡᠯᠴᠡᠭᠡᠷ ᠲᠣᠭᠲᠠᠬᠤ᠂ ᠦᠢᠯᠡᠳᠬᠦᠨ ᠤ ᠦᠨ᠎ᠡ ᠶᠢ ᠵᠥᠪᠯᠡᠬᠦ᠂ ᠵᠠᠬᠢᠶᠠᠯᠠᠭ᠎ᠠ ᠲᠠᠷᠬᠠᠭᠠᠬᠤ ᠪᠠ ᠰᠦᠯᠵᠢᠶᠡᠨ ᠳᠤ ᠬᠤᠳᠠᠯᠳᠤᠨ ᠠᠪᠬᠤ ᠵᠡᠷᠭᠡ ᠠᠵᠢᠯ ᠢ ᠰᠠᠶᠢᠲᠤᠷ ᠬᠢᠨ᠎ᠡ᠃ ᠬᠡᠮᠵᠢᠶ᠎ᠡ ᠲᠠᠢ ᠬᠤᠳᠠᠯᠳᠤᠨ ᠠᠪᠬᠤ ᠳᠤ ᠰᠣᠩᠭᠤᠭᠳᠠᠭᠰᠠᠨ ᠦᠢᠯᠡᠳᠭᠦᠨ ᠢ ᠤᠷᠢᠳ ᠢᠶᠠᠷ ᠬᠤᠳᠠᠯᠳᠤᠨ ᠠᠪᠴᠤ᠂ ᠬᠡᠯᠡᠯᠴᠡᠭᠡᠷ ᠤᠨ ᠦᠶᠡᠯᠡᠯ ᠤᠨ ᠬᠤᠭᠤᠴᠠᠭᠠᠨ ᠳᠤ ᠪᠣᠯᠵᠣᠨ ᠲᠣᠭᠲᠠᠭᠰᠠᠨ ᠬᠤᠳᠠᠯᠳᠤᠨ ᠠᠪᠬᠤ ᠬᠡᠮᠵᠢᠶ᠎ᠡ ᠶᠢ ᠪᠡᠶᠡᠯᠡᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠶᠢᠨ ᠪᠣᠳᠠᠲᠠᠶ ᠬᠥᠮᠥᠷᠭᠡ ᠳᠤ ᠣᠷᠣᠭᠤᠯᠬᠤ ᠦᠢᠯᠡᠳᠭᠦᠨ ᠤ ᠦᠨ᠎ᠡ ᠬᠠᠩᠰᠢ ᠪᠠ ᠲᠤᠭ᠎ᠠ ᠬᠡᠮᠵᠢᠶ᠎ᠡ ᠶᠢ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠳᠠᠬᠢ ᠬᠤᠳᠠᠯᠳᠤᠨ ᠠᠪᠬᠤ ᠵᠠᠬᠢᠶᠠᠯᠠᠭ᠎ᠠ ᠶᠢᠨ ᠦᠨ᠎ᠡ ᠬᠠᠩᠰᠢ ᠪᠠ ᠲᠤᠭ᠎ᠠ ᠬᠡᠮᠵᠢᠶ᠎ᠡ ᠯᠦᠭᠡ ᠨᠢᠭᠡᠳᠦᠯᠲᠡᠶ ᠪᠠᠶᠢᠯᠭᠠᠵᠤ᠂ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠳᠠᠷᠤᠢ ᠳᠤ ᠨᠢ ᠬᠥᠮᠥᠷᠭᠡ ᠳᠤ ᠣᠷᠣᠭᠤᠯᠤᠨ᠎ᠠ᠃   ᠵᠢᠷᠭᠤᠭ᠎ᠠ᠂ ᠲᠣᠬᠢᠷᠠᠭᠤᠯᠤᠨ ᠬᠦᠷᠭᠡᠬᠦ ᠬᠠᠮᠢᠶᠠᠷᠤᠯᠲᠠ   ︵ᠨᠢᠭᠡ︶ ᠦᠢᠯᠡᠳᠪᠦᠷᠢᠯᠡᠬᠦ ᠠᠵᠤ ᠠᠬᠤᠶᠢᠯᠠᠯ ᠪᠣᠯ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠠᠩᠭᠠᠵᠤ ᠳᠣᠭᠢᠷᠠᠭᠤᠯᠤᠨ ᠬᠦᠷᠭᠡᠬᠦ ᠨᠢᠭᠡᠳᠦᠭᠡᠷ ᠬᠠᠷᠢᠭᠤᠴᠠᠯᠭᠠᠲᠠᠨ ᠪᠣᠯᠬᠤᠷ ᠴᠠᠭ ᠲᠤᠬᠠᠶ ᠳᠤ ᠨᠢ᠂ ᠭᠦᠢᠴᠡᠳ ᠬᠡᠮᠵᠢᠶ᠎ᠡ ᠪᠠᠷ ᠬᠠᠩᠭᠠᠬᠤ ᠶᠢ ᠪᠠᠲᠤᠯᠠᠬᠤ ᠬᠡᠷᠡᠭᠲᠡᠶ᠃ ᠦᠢᠯᠡᠳᠪᠦᠷᠢᠯᠡᠬᠦ ᠠᠵᠤ ᠠᠬᠤᠶᠢᠯᠠᠯ ᠰᠢᠭᠤᠳ ᠲᠣᠬᠢᠷᠠᠭᠤᠯᠤᠨ ᠬᠦᠷᠭᠡᠵᠦ ᠪᠣᠯᠤᠨ᠎ᠠ᠂ ᠠᠶᠢᠮᠠᠭ ᠬᠤᠲᠠ ᠶᠢᠨ ᠨᠡᠷ᠎ᠡ ᠮᠡᠳᠡᠭᠦᠯᠦᠭᠰᠡᠨ ᠪᠤᠶᠤ ᠰᠣᠩᠭᠤᠭᠳᠠᠭᠰᠠᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠨᠠᠶᠢᠳᠠᠵᠤ ᠲᠣᠬᠢᠷᠠᠭᠤᠯᠤᠨ ᠬᠦᠷᠭᠡᠵᠦ ᠪᠣᠯᠤᠨ᠎ᠠ᠃ ᠦᠢᠯᠡᠳᠪᠦᠷᠢᠯᠡᠬᠦ ᠠᠵᠤ ᠠᠬᠤᠶᠢᠯᠠᠯ ᠰᠢᠭᠤᠳ ᠲᠣᠬᠢᠷᠠᠭᠤᠯᠤᠨ ᠬᠦᠷᠭᠡᠬᠦ ᠳᠤ ᠥᠪᠡᠷᠲᠡᠭᠡᠨ ᠵᠠᠰᠠᠬᠤ ᠣᠷᠣᠨ ᠳᠤ ᠲᠥᠪᠯᠡᠷᠡᠭᠦᠯᠦᠨ ᠲᠣᠬᠢᠷᠠᠭᠤᠯᠤᠨ ᠬᠦᠷᠭᠡᠬᠦ ᠣᠷᠣᠨ ᠪᠦᠰᠡ ᠶᠢ ᠨᠡᠪᠲᠡᠷᠡᠭᠦᠯᠵᠦ᠂ ᠦᠢᠯᠡᠳᠪᠦᠷᠢᠯᠡᠬᠦ ᠠᠵᠤ ᠠᠬᠤᠶᠢᠯᠠᠯ ᠠᠴᠠ ᠨᠠᠶᠢᠳᠠᠵᠤ ᠲᠣᠬᠢᠷᠠᠭᠤᠯᠤᠨ ᠬᠦᠷᠭᠡᠬᠦ ᠳᠤ ᠡᠯ᠎ᠡ ᠠᠶᠢᠮᠠᠭ ᠬᠤᠲᠠ ᠶᠢᠨ ᠱᠠᠭᠠᠷᠳᠠᠯᠭ᠎ᠠ ᠶᠣᠰᠣᠭᠠᠷ ᠭᠦᠢᠴᠡᠳᠭᠡᠨ᠎ᠡ᠃   ︵ᠬᠤᠶᠠᠷ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠪᠠ ᠳᠣᠭᠢᠷᠠᠭᠤᠯᠤᠨ ᠬᠦᠷᠭᠡᠬᠦ ᠵᠡᠷᠭᠡ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠳᠣᠭᠢᠷᠠᠭᠤᠯᠤᠨ ᠬᠦᠷᠭᠡᠬᠦ ᠠᠵᠤ ᠠᠬᠤᠶᠢᠯᠠᠯ ᠢ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃   ︵ᠭᠤᠷᠪᠠ︶ ᠬᠡᠮᠵᠢᠶ᠎ᠡ ᠲᠠᠢ ᠬᠤᠳᠠᠯᠳᠤᠨ ᠠᠪᠬᠤ ᠳᠤ ᠰᠣᠩᠭᠤᠭᠳᠠᠭᠰᠠᠨ ᠦᠢᠯᠡᠳᠪᠦᠷᠢᠯᠡᠬᠦ ᠠᠵᠤ ᠠᠬᠤᠶᠢᠯᠠᠯ ᠲᠣᠬᠢᠷᠠᠭᠤᠯᠤᠨ ᠬᠦᠷᠭᠡᠬᠦ ᠴᠢᠳᠠᠪᠤᠷᠢ ᠲᠠᠢ᠂ ᠢᠲᠡᠭᠡᠮᠵᠢ ᠲᠠᠢ ᠡᠵᠡᠩᠨᠡᠬᠦ ᠠᠵᠤ ᠠᠬᠤᠶᠢᠯᠠᠯ ᠢ ᠡᠵᠡᠨ ᠮᠡᠳᠡᠨ ᠰᠣᠩᠭᠤᠵᠤ ᠦᠢᠯᠡᠳᠭᠦᠨ ᠢ ᠲᠣᠬᠢᠷᠠᠭᠤᠯᠤᠨ ᠬᠦᠷᠭᠡᠬᠦ ᠶᠢᠨ ᠬᠠᠮᠲᠤ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠢ ᠲᠥᠪᠯᠡᠷᠡᠭᠦᠯᠦᠨ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠦᠨ ᠬᠦᠷᠭᠡᠵᠦ ᠳᠠᠩᠰᠠᠯᠠᠭᠤᠯᠤᠨ᠂ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠨᠢ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠠᠶᠢᠮᠠᠭ ᠬᠤᠲᠠ ᠳᠤ ᠮᠡᠳᠡᠭᠦᠯᠦᠨ ᠳᠠᠩᠰᠠᠯᠠᠭᠤᠯᠤᠨ᠎ᠠ᠃   ︵ᠳᠥᠷᠪᠡ︶ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠲᠣᠬᠢᠷᠠᠭᠤᠯᠤᠨ ᠬᠦᠷᠭᠡᠬᠦ ᠠᠵᠤ ᠠᠬᠤᠶᠢᠯᠠᠯ ᠳᠤ ᠬᠢᠨᠠᠨ ᠰᠢᠯᠭᠠᠬᠤ ᠭᠦᠢᠴᠡᠳᠭᠡᠯ ᠲᠤᠭ᠎ᠠ ᠲᠣᠭᠲᠠᠭᠠᠵᠤ᠂ ᠪᠣᠯᠵᠣᠨ ᠶᠠᠷᠢᠯᠴᠠᠬᠤ ᠪᠠ ᠪᠤᠴᠠᠭᠠᠬᠤ ᠵᠡᠷᠭᠡ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ᠂ ᠪᠠᠶᠢᠳᠠᠯ ᠢ ᠬᠠᠮᠢᠶᠠᠷᠬᠤ ᠶᠢ ᠬᠡᠷᠡᠭᠵᠢᠭᠦᠯᠦᠨ᠎ᠡ᠃   ᠲᠤᠯᠤᠭ᠎ᠠ᠂ ᠪᠠᠷᠠᠭᠠᠨ ᠤ ᠵᠣᠭᠤᠰ ᠢ ᠳ᠋ᠦᠩᠨᠡᠨ ᠪᠤᠳᠤᠬᠤ   ︵ᠨᠢᠭᠡ︶ ᠡᠮᠴᠢᠯᠡᠭᠡᠨ ᠤ ᠪᠠᠶᠢᠭᠤᠯᠤᠮᠵᠢ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠪᠠᠷᠠᠭᠠᠨ ᠤ ᠵᠣᠭᠤᠰ ᠢ ᠳ᠋ᠦᠩᠨᠡᠨ ᠪᠤᠳᠤᠬᠤ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠵᠢᠴᠢ ᠬᠡᠯᠡᠯᠴᠡᠭᠡᠷ ᠲᠤ ᠪᠣᠯᠵᠤᠨ ᠳᠣᠭᠲᠠᠭᠰᠠᠨ  ᠶᠣᠰᠤᠭᠠᠷ ᠳᠠᠷᠤᠢ ᠳᠤ ᠨᠢ ᠡᠮ ᠡᠮᠨᠡᠯᠭᠡ ᠶᠢᠨ ᠠᠵᠤ ᠠᠬᠤᠶᠢᠯᠠᠯ ᠯᠤᠭ᠎ᠠ ᠳ᠋ᠦᠩᠨᠡᠨ ᠪᠣᠳᠤᠨ᠎ᠠ᠃   ︵ᠬᠤᠶᠠᠷ︶ ᠬᠡᠮᠵᠢᠶ᠎ᠡ ᠲᠠᠢ ᠬᠤᠳᠠᠯᠳᠤᠨ ᠠᠪᠬᠤ ᠳᠤ ᠬᠠᠷᠢᠶᠠᠯᠠᠭᠳᠠᠬᠤ ᠡᠮ ᠤᠨ ᠵᠦᠢᠯ ᠳᠤ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠰᠢᠭᠤᠳ ᠳ᠋ᠦᠩᠨᠡᠨ ᠪᠤᠳᠤᠬᠤ ᠶᠢ ᠬᠡᠷᠡᠭᠵᠢᠭᠦᠯᠦᠨ᠎ᠡ︔ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠳᠤ ᠬᠡᠮᠵᠢᠶ᠎ᠡ ᠲᠠᠢ ᠬᠤᠳᠠᠯᠳᠤᠨ ᠠᠪᠴᠤ ᠰᠢᠭᠤᠳ ᠳ᠋ᠦᠩᠨᠡᠨ ᠪᠤᠳᠤᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃   ᠨᠠᠢᠮᠠ᠂ ᠪᠠᠲᠤᠯᠠᠭᠠᠨ ᠤ ᠠᠷᠭ᠎ᠠ ᠬᠡᠮᠵᠢᠶ᠎ᠡ   ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢᠨ ᠴᠢᠩᠭᠠᠳᠬᠠᠨ᠎ᠠ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠱᠠᠲᠤ ᠬᠤᠪᠢᠶᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃   ︵ᠬᠤᠶᠠᠷ︶ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠪᠠᠷ ᠰᠠᠭᠤᠷᠢ ᠪᠣᠯᠭᠠᠭᠰᠠᠨ᠂ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠠᠷᠠᠯᠵᠢᠶᠠᠯᠠᠬᠤ᠂ ᠳ᠋ᠦᠩᠨᠡᠨ ᠪᠤᠳᠤᠬᠤ᠂ ᠬᠢᠨᠠᠯᠲᠠ ᠲᠠᠯᠪᠢᠬᠤ ᠶᠢ ᠨᠢᠭᠡ ᠴᠣᠭᠴᠠᠵᠢᠭᠤᠯᠤᠭᠰᠠᠨ ᠡᠮ ᠤᠨ ᠵᠦᠢᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠥᠳᠲᠡᠷ ᠲᠦᠷᠭᠡᠨ ᠠᠬᠢᠭᠤᠯᠬᠤ ᠬᠡᠷᠡᠭᠲᠡᠢ᠃ ᠦᠢᠯᠡᠴᠢᠯᠡᠭᠡᠨ ᠤ ᠴᠢᠳᠠᠮᠵᠢ ᠪᠠᠨ ᠲᠠᠰᠤᠷᠠᠯᠲᠠ ᠤᠢᠭᠡᠢ ᠲᠡᠭᠦᠯᠳᠡᠷᠵᠢᠭᠦᠯᠦᠨ᠂ ᠠᠵᠢᠯ ᠤᠨ ᠴᠤᠪᠤᠷᠠᠯ ᠢᠶᠠᠨ ᠰᠢᠯᠢᠳᠡᠭᠵᠢᠭᠦᠯᠵᠦ᠂ ᠪᠦᠷᠢᠳᠬᠡᠨ ᠵᠠᠳᠠᠯᠬᠤ᠂ ᠬᠢᠨᠠᠨ ᠰᠢᠯᠭᠠᠵᠤ ᠰᠡᠷᠡᠮᠵᠢᠯᠡᠭᠦᠯᠬᠦ᠂ ᠪᠠᠶᠢᠳᠠᠯ ᠢ ᠬᠢᠨᠠᠨ ᠬᠠᠮᠢᠶᠠᠷᠬᠤ ᠪᠠ ᠮᠡᠳᠡᠭᠡ ᠵᠠᠩᠭᠢ ᠴᠤᠭᠯᠠᠭᠤᠯᠬᠤ ᠵᠡᠷᠭᠡ ᠲᠠᠯ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃   ︵ᠭᠤᠷᠪᠠ︶ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠵᠤ᠂ ᠡᠮ ᠤᠨ ᠵᠦᠢᠯ ᠪᠣᠯᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭᠤᠯᠬᠤ ᠵᠠᠳᠠᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠤᠭᠰᠠᠨ ᠪᠠᠶᠢᠳᠠᠯ ᠢ ᠡᠮᠴᠢᠯᠡᠭᠡᠨ ᠤ ᠪᠠᠲᠤᠯᠠᠭ᠎ᠠ ᠶᠢᠨ ᠴᠡᠭ ᠳᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠦᠢᠯᠡᠴᠢᠯᠡᠭᠡ ᠶᠢᠨ ᠬᠡᠯᠡᠯᠴᠡᠭᠡᠷ ᠤᠨ ᠬᠠᠮᠢᠶᠠᠷᠤᠯᠲᠠ ᠳᠤ ᠣᠷᠣᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠡᠮᠵᠢᠶ᠎ᠡ ᠲᠠᠢ ᠬᠤᠳᠠᠯᠳᠤᠨ ᠠᠪᠬᠤ ᠳᠤ ᠣᠷᠣᠯᠴᠠᠭᠰᠠᠨ ᠪᠠᠶᠢᠳᠠᠯ ᠢ ᠰᠢᠯᠭᠠᠨ ᠬᠢᠨᠠᠵᠤ ᠬᠠᠮᠢᠶᠠᠷᠬᠤ ᠶᠢ ᠴᠢᠩᠭᠠᠷᠠᠭᠤᠯᠤᠨ᠎ᠠ᠃   ︵ᠳᠥᠷᠪᠡ︶ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠠᠶᠢᠮᠠᠭ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠬᠠᠮᠢᠶᠠᠷᠤᠯᠲᠠ ᠶᠢᠨ ᠴᠢᠳᠠᠪᠤᠷᠢ ᠪᠣᠯᠤᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠵᠤ᠂ ᠲᠥᠪᠯᠡᠷᠡᠭᠦᠯᠦᠨ ᠬᠤᠳᠠᠯᠳᠤᠨ ᠠᠪᠬᠤ ᠶᠢ ᠨᠡᠶᠢᠭᠡᠮ ᠨᠡᠶᠢᠲᠡ ᠳᠤ ᠮᠡᠳᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠂ ᠨᠡᠶᠢᠭᠡᠮ ᠤᠨ ᠵᠢᠱᠢᠯᠲᠡ ᠶᠢ ᠵᠦᠶ ᠵᠣᠬᠢᠰᠲᠠᠶ ᠬᠥᠲᠥᠯᠥᠨ ᠵᠢᠯᠣᠭᠤᠳᠤᠨ᠎ᠠ᠃ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠪᠠᠶᠢᠴᠠᠭᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠴᠢᠩᠭᠠᠳᠬᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ᠂ ᠥᠭᠡᠷᠡᠴᠢᠯᠡᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃   ︵ᠲᠠᠪᠤ︶ ᠦᠨᠡᠨᠴᠢ ᠢᠲᠡᠭᠡᠮᠵᠢ ᠶᠢᠨ ᠦᠨᠡᠯᠡᠯᠲᠡ ᠶᠢ ᠴᠢᠩᠭᠠᠷᠠᠭᠤᠯᠤᠨ᠎ᠠ᠃ ᠡᠮ ᠡᠮᠨᠡᠯᠭᠡ ᠶᠢᠨ ᠠᠵᠤ ᠠᠬᠤᠶᠢᠯᠠᠯ ᠦᠨ᠎ᠡ ᠲᠣᠭᠲᠠᠭᠠᠬᠤ᠂ ᠳᠠᠭᠠᠭᠠᠴᠢᠯᠠᠯᠲᠠ ᠬᠦᠯᠢᠶᠡᠬᠦ᠂ ᠭᠡᠷ᠎ᠡ ᠳᠣᠭᠲᠠᠬᠤ᠂ ᠡᠵᠡᠩᠨᠡᠨ ᠪᠣᠷᠣᠯᠠᠭᠤᠯᠬᠤ ᠵᠡᠷᠭᠡ ᠶᠠᠪᠤᠴᠠ ᠳᠤ ︽ᠡᠮ ᠡᠮᠨᠡᠯᠭᠡ ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠵᠤ ᠢᠲᠡᠭᠡᠮᠵᠢ ᠠᠯᠳᠠᠭᠰᠠᠨ ᠵᠦᠢᠯ ᠤᠨ ᠭᠠᠷᠴᠠᠭ ᠤᠨ ᠨᠠᠷᠢᠨ ᠬᠠᠭᠤᠳᠠᠰᠤ ︵2020 ᠣᠨ ᠤ ᠬᠡᠪᠯᠡᠯ︶︾ ᠳᠤ ᠵᠢᠭᠰᠠᠭᠠᠭᠰᠠᠨ ᠢᠲᠡᠭᠡᠮᠵᠢ ᠠᠯᠳᠠᠭᠰᠠᠨ ᠵᠦᠢᠯ ᠢᠶᠠᠷ ᠳᠠᠮᠵᠢᠭᠤᠯᠤᠨ ᠵᠦᠶ ᠪᠤᠰᠤ ᠠᠰᠢᠭ ᠲᠤᠰᠠ ᠣᠯᠤᠭᠰᠠᠨ ᠪᠣᠯ ᠡᠮ ᠡᠮᠨᠡᠯᠭᠡ ᠶᠢᠨ ᠦᠨ᠎ᠡ ᠬᠠᠩᠰᠢ ᠪᠠ ᠳᠠᠭᠠᠭᠠᠴᠢᠯᠠᠯᠲᠠ ᠵᠠᠷᠯᠠᠵᠤ ᠦᠨᠡᠨᠴᠢ ᠢᠲᠡᠭᠡᠮᠵᠢ ᠶᠢ ᠦᠨᠡᠯᠡᠬᠦ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃   ᠶᠢᠰᠦ᠂ ᠪᠤᠰᠤᠳ ᠵᠦᠢᠯ   ︵ᠨᠢᠭᠡ︶ ᠰᠦᠯᠵᠢᠶᠡᠨ ᠳᠤ ᠡᠯᠭᠦᠬᠦ ᠶᠢ ᠮᠡᠳᠡᠭᠦᠯᠬᠦ ᠵᠢᠴᠢ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠬᠦ ᠵᠡᠷᠭᠡ ᠠᠵᠢᠯᠯᠠᠭᠠᠨ ᠤ ᠨᠠᠷᠢᠨ ᠲᠦᠷᠢᠮ ᠢ ᠠᠰ ᠲᠤ ᠨᠢ ᠲᠣᠭᠲᠠᠭᠠᠵᠤ᠂ ᠲᠤᠬᠠᠢ ᠶᠢᠨ ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠰᠦᠯᠵᠢᠶ᠎ᠡ ᠪᠠᠷ ᠳᠠᠮᠵᠢᠭᠤᠯᠤᠨ ᠭᠦᠢᠴᠡᠳᠭᠡᠬᠦ ᠴᠤᠪᠤᠷᠠᠯ ᠢ ᠨᠡᠶᠢᠲᠡᠯᠡᠨ᠎ᠡ᠃  ︵ᠬᠤᠶᠠᠷ︶ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠬᠠᠮᠢᠶ᠎ᠠ ᠪᠥᠬᠦᠶ ᠲᠣᠭᠲᠠᠭᠠᠯ ᠨᠢ ᠲᠣᠰ ᠮᠡᠳᠡᠭᠳᠡᠯ ᠲᠠᠢ ᠨᠢᠭᠡᠳᠦᠯ ᠥᠬᠡᠶ ᠪᠣᠯ ᠲᠣᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃ ᠬᠡᠷᠪᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠠᠢ ᠲᠣᠬᠢᠶᠠᠯᠳᠤᠪᠠᠯ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ  ᠬᠡᠷᠡᠭᠵᠢᠭᠦᠯᠦᠨ᠎ᠡ᠃   ︵ᠭᠤᠷᠪᠠ︶ ᠲᠣᠰ ᠮᠡᠳᠡᠭᠳᠡᠯ ᠢ 2023 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ       2022 ᠣᠨ ᠤ 12 ᠰᠠᠷ᠎ᠠ ᠶᠢᠨ 5 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号