ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠠᠷᠪᠠᠨ ᠨᠢᠭᠡᠳᠦᠭᠡᠷ ᠪᠦᠯᠦᠭ ᠡᠮ ᠤᠨ ᠵᠦᠢᠯ ᠤᠨ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠭᠰᠡᠨ ᠦᠷ᠎ᠡ ᠳ᠋ᠦᠩ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/12/9
     ᠥᠪᠥᠷ ᠡᠮ ᠬᠤᠳᠠᠯᠳᠤᠨ ᠠᠪᠬᠤ ᠲᠥᠪ ᠦᠰᠦᠭ ﹇2022﹈ 253 ᠳ᠋ᠤᠭᠠᠷ ᠲᠣᠭᠠᠳᠤᠡᠯ᠎ᠡ ᠬᠠᠮᠢᠶ᠎ᠠ ᠪᠦᠬᠦᠢ ᠨᠢᠭᠡᠴᠢ ᠳᠤ᠄   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠤ ᠡᠯᠭᠦᠭᠰᠡᠨ ᠡᠮ ᠤᠨ ᠵᠦᠢᠯ ᠤᠨ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠬᠦ ᠪᠠ ᠬᠤᠳᠠᠯᠳᠤᠨ ᠠᠪᠬᠤ ᠠᠷᠭ᠎ᠠ ᠮᠠᠶ᠋ᠢᠭ ᠲᠤ ᠲᠣᠬᠢᠷᠠᠭᠤᠯᠤᠯᠲᠠ ᠬᠢᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠥᠪᠥᠷ ᠡᠮ ᠬᠤᠳᠠᠯᠳᠤᠨ ᠠᠪᠬᠤ ᠲᠥᠪ ᠥᠰᠥᠭ ﹇2021﹈ 23 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠳᠦᠭᠡ ᠡᠮ ᠤᠨ ᠵᠦᠢᠯ ᠤᠨ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠭᠰᠡᠨ ᠦᠷ᠎ᠡ ᠳ᠋ᠦᠩ ᠢ ᠨᠡᠶᠢᠲᠡᠯᠡᠪᠡ᠃ ᠡᠯ᠎ᠡ ᠬᠠᠮᠢᠶ᠎ᠠ ᠪᠥᠬᠦᠶ ᠠᠵᠤ ᠠᠬᠤᠶᠢᠯᠠᠯ ᠬᠡᠷᠡᠭᠯᠡᠭᠴᠢ ᠶᠢᠨ ᠨᠡᠷ᠎ᠡ ᠪᠠ ᠨᠢᠭᠤᠴᠠ ᠨᠣᠮᠧᠷ ᠢᠶᠠᠷ ᠢᠶᠠᠨ【ᠥᠪᠥᠷ ᠮᠣᠩᠭᠤᠯ ᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠰᠢᠰᠲ᠋ᠧᠮ】— 【 ᠪᠠᠶᠢᠳᠠᠯ ᠤᠨ ᠲᠣᠬᠢᠷᠠᠭᠤᠯᠤᠯᠲᠠ】—【ᠡᠮ ᠤᠨ ᠵᠦᠢᠯ ᠤᠨ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠬᠦ】—【ᠦᠨ᠎ᠡ ᠬᠠᠩᠰᠢ ᠶᠢᠨ  ᠬᠤᠯᠪᠤᠯᠳᠤᠨ ᠬᠥᠳᠡᠯᠦᠯᠴᠡᠬᠦ ᠬᠦᠰᠦᠨᠦᠭᠲᠦ】 ᠳᠤ ᠣᠷᠣᠵᠤ ᠨᠡᠶᠢᠲᠡᠯᠡᠭᠰᠡᠨ ᠦᠷ᠎ᠡ ᠳ᠋ᠦᠩ ᠢ ᠪᠠᠶᠢᠴᠠᠭᠠᠨ ᠦᠵᠡᠭᠡᠷᠡᠢ᠃   ᠡᠮ ᠤᠨ ᠵᠦᠢᠯ ᠤᠨ ᠦᠨ᠎ᠡ ᠬᠠᠩᠰᠢ ᠶᠢᠨ ᠬᠤᠯᠪᠤᠯᠳᠤᠨ ᠬᠥᠳᠡᠯᠦᠯᠴᠡᠭᠰᠡᠨ ᠦᠷ᠎ᠡ ᠳ᠋ᠦᠩ ᠢ 2022 ᠣᠨ ᠤ 12 ᠳ᠋ᠤᠭᠠᠷ ᠰᠠᠷ᠎ᠠ ᠶᠢᠨ 12 ᠤᠨ ᠡᠳᠦᠷ ᠬᠡᠷᠡᠭᠵᠢᠭᠦᠯᠦᠨ᠎ᠡ᠂ ᠬᠤᠳᠠᠯᠳᠤᠨ ᠠᠪᠬᠤ ᠠᠷᠭ᠎ᠠ ᠮᠠᠶ᠋ᠢᠭ ᠨᠢ ᠬᠢᠵᠠᠭᠠᠷᠯᠠᠭᠰᠠᠨ ᠦᠨ᠎ᠡ ᠢᠶᠠᠷ ᠰᠦᠯᠵᠢᠶᠡᠨ ᠳᠤ ᠡᠯᠭᠦᠭᠰᠡᠨ ᠡᠮ ᠤᠨ ᠵᠦᠢᠯ ᠳᠤ ᠬᠠᠷᠢᠶᠠᠯᠠᠭᠳᠠᠪᠠᠯ᠂ ᠡᠮᠴᠢᠯᠡᠭᠡᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ ᠬᠢᠵᠠᠭᠠᠷᠯᠠᠭᠰᠠᠨ ᠦᠨ᠎ᠡ ᠠᠴᠠ ᠥᠨᠳᠥᠷ ᠥᠬᠡᠶ ᠰᠠᠭᠤᠷᠢᠨ ᠳᠡᠭᠡᠷ᠎ᠡ ᠬᠡᠯᠡᠯᠴᠡᠭᠡ ᠬᠢᠭᠰᠡᠨ ᠦᠨ᠎ᠡ ᠪᠠᠷ ᠬᠤᠳᠠᠯᠳᠤᠨ ᠠᠪᠤᠨ᠎ᠠ︔ ᠰᠢᠭᠤᠳ ᠰᠦᠯᠵᠢᠶᠡᠨ ᠳᠤ ᠡᠯᠭᠦᠭᠰᠡᠨ ᠡᠮ ᠤᠨ ᠵᠦᠢᠯ ᠳᠤ ᠬᠠᠷᠢᠶᠠᠯᠠᠭᠳᠠᠪᠠᠯ ᠡᠮᠴᠢᠯᠡᠭᠡᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ ᠯᠤᠭ᠎ᠠ ᠶᠢᠨ ᠬᠡᠯᠡᠯᠴᠡᠭᠡ ᠬᠢᠭᠰᠡᠨ ᠦᠨ᠎ᠡ ᠪᠠᠷ ᠬᠤᠳᠠᠯᠳᠤᠨ ᠠᠪᠬᠤ ᠦᠨ᠎ᠡ ᠬᠠᠩᠰᠢ ᠶᠢ ᠲᠣᠭᠲᠠᠭᠠᠭᠰᠠᠨ ᠤ ᠳᠠᠷᠠᠭ᠎ᠠ ᠠᠷᠠᠯᠵᠢᠶᠠᠯᠠᠨ᠎ᠠ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ       2022 ᠣᠨ ᠤ 12 ᠰᠠᠷ᠎ᠠ ᠶᠢᠨ 9 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号