ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠤᠨ ᠠᠬᠤᠢ ᠲᠠᠯᠠᠪᠠᠢ ᠶᠢᠨ ᠦᠢᠯᠡᠴᠢᠯᠡᠭᠡ ᠶᠢ ᠰᠡᠷᠭᠦᠭᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/12/9
ᠬᠤᠯᠪᠣᠭᠳᠠᠯ ᠪᠦᠬᠦᠢ ᠠᠵᠤ ᠠᠬᠤᠶᠢᠯᠠᠯ ᠳᠤ᠄   12 ᠳ᠋ᠤᠭᠠᠷ ᠰᠠᠷ᠎ᠠ ᠶᠢᠨ 9 ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ ᠤᠨ ᠠᠬᠤᠢ ᠲᠠᠯᠠᠪᠠᠶ ᠶᠢᠨ ᠦᠢᠯᠡᠴᠢᠯᠡᠭᠡ ᠶᠢ ᠰᠡᠷᠭᠦᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠪᠠᠶᠢᠭᠤᠯᠤᠭᠰᠠᠨ ᠲᠤᠬᠠᠶᠢᠯᠠᠭᠰᠠᠨ ᠠᠵᠢᠯ ᠢ ᠭᠦᠢᠴᠡᠳᠭᠡᠵᠦ᠂ ᠵᠥᠪᠯᠡᠯᠭᠡ ᠥᠭᠬᠦ ᠴᠤᠭᠯᠠᠷᠠᠯ ᠢ ᠲᠣᠰ ᠡᠳᠦᠷ ᠲᠠᠷᠬᠠᠭᠠᠪᠠ᠃ ᠪᠣᠳᠠᠲᠠᠶ ᠲᠣᠬᠢᠷᠠᠭᠤᠯᠤᠯᠲᠠ ᠳᠣᠣᠷᠠᠬᠢ ᠮᠡᠲᠦ᠃   ᠨᠢᠭᠡ᠂ ᠰᠦᠯᠵᠢᠶᠡᠨ ᠳᠠᠬᠢ ᠥᠯᠥ ᠬᠦᠷᠦᠯᠴᠡᠬᠦ ᠭᠠᠷᠳᠠᠮ ᠭᠦᠢᠴᠡᠳᠭᠡᠬᠦ ᠶᠢ ᠰᠠᠨᠠᠭᠠᠴᠢᠯᠠᠨ᠎ᠠ᠃ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠦᠭᠡ ︽ᠰᠦᠯᠵᠢᠶᠡᠨ ᠳᠠᠬᠢ ᠲᠤᠬᠠᠶᠢᠯᠠᠭᠰᠠᠨ ᠠᠵᠢᠯ ᠢ ᠭᠦᠢᠴᠡᠳᠭᠡᠬᠦ ᠰᠢᠰᠲ᠋ᠧᠮ︾ ᠢᠶᠠᠷ ᠳᠠᠮᠵᠢᠭᠤᠯᠤᠨ ᠡᠮ ᠤᠨ ᠵᠦᠢᠯ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠬᠦ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ᠂ ᠭᠦᠢᠴᠡᠳᠭᠡᠭᠰᠡᠨ ᠠᠬᠢᠴᠠ ᠵᠢᠴᠢ ᠭᠦᠢᠴᠡᠳᠭᠡᠭᠰᠡᠨ ᠦᠷ᠎ᠡ ᠳ᠋ᠦᠩ ᠢ ᠪᠠᠶᠢᠴᠠᠭᠠᠨ ᠯᠠᠪᠯᠠᠬᠤ ᠶᠢ ᠰᠠᠨᠠᠭᠠᠴᠢᠯᠠᠨ᠎ᠠ᠃   ᠬᠤᠶᠠᠷ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠠᠩᠬᠠᠷᠬᠤ ᠵᠦᠢᠯ   ᠠᠬᠤᠢ ᠲᠠᠯᠠᠪᠠᠢ ᠳᠤ ᠦᠨᠡᠨ ᠬᠦ ᠭᠦᠢᠴᠡᠳᠭᠡᠬᠦ ᠴᠢᠬᠤᠯᠠᠲᠠᠶ ᠪᠣᠯ ᠠᠵᠢᠯ ᠭᠦᠢᠴᠡᠳᠭᠡᠬᠦ ᠪᠠᠷ ᠣᠴᠢᠭᠰᠠᠳ ᠠᠮᠠᠪᠴᠢ ᠵᠡᠭᠦᠵᠦ᠂ ᠠᠵᠢᠯᠲᠠᠳ ᠲᠠᠢ ᠬᠠᠮᠵᠢᠯᠴᠠᠨ ᠪᠡᠶ᠎ᠡ ᠶᠢᠨ ᠬᠠᠯᠠᠭᠤᠨ ᠢᠶᠠᠨ ᠬᠡᠮᠵᠢᠭᠦᠯᠦᠨ᠂ ᠳᠠᠩᠰᠠᠭᠤᠯᠵᠤ᠂ ᠢᠷᠡᠮᠡᠭᠴᠡ ᠭᠦᠢᠴᠡᠳᠭᠡᠵᠦ᠂ ᠭᠦᠢᠴᠡᠳᠭᠡᠵᠦ ᠪᠠᠷᠠᠮᠠᠭᠴᠠ ᠶᠠᠪᠤᠬᠤ ᠶᠢ ᠪᠡᠶᠡᠯᠡᠭᠦᠯᠦᠨ᠎ᠡ᠃   ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠤᠨ ᠵᠦᠪᠯᠡᠯᠭᠡ ᠥᠭᠬᠦ ᠤᠲᠠᠰᠤ᠄   ᠲᠤᠬᠠᠶᠢᠯᠠᠭᠰᠠᠨ ᠠᠵᠢᠯ ᠤᠨ ᠮᠠᠲ᠋ᠧᠷᠢᠶᠠᠯ ᠢ ᠬᠦᠯᠢᠶᠡᠨ ᠠᠪᠴᠤ ᠰᠢᠢᠳᠪᠦᠷᠢᠯᠡᠬᠦ᠄ 0471 - 4908295    ᠡᠮ ᠤᠨ ᠵᠦᠢᠯ ᠢ ᠬᠤᠳᠠᠯᠳᠤᠨ ᠠᠪᠬᠤ ᠲᠤᠬᠠᠶᠢᠯᠠᠭᠰᠠᠨ ᠠᠵᠢᠯ᠄ 0471 - 4908224   ᠬᠤᠷᠣᠭᠳᠠᠯ ᠮᠠᠲ᠋ᠧᠷᠢᠶᠠᠯ ᠢ ᠬᠤᠳᠠᠯᠳᠤᠨ ᠠᠪᠬᠤ ᠲᠤᠬᠠᠶᠢᠯᠠᠭᠰᠠᠨ ᠠᠵᠢᠯ᠄ 0471 - 4930595   ᠮᠡᠳᠡᠭᠡ ᠵᠠᠩᠭᠢ ᠶᠢᠨ ᠰᠢᠰᠲ᠋ᠧᠮ ᠤᠨ ᠲᠤᠬᠠᠶᠢᠯᠠᠭᠰᠠᠨ ᠠᠵᠢᠯ᠄ 0471 - 4967106   ᠲᠥᠪᠯᠡᠷᠡᠭᠦᠯᠦᠨ ᠬᠤᠳᠠᠯᠳᠤᠨ ᠠᠪᠴᠤ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ᠄ 0471 - 49193    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ       2022 ᠣᠨ ᠤ 12 ᠰᠠᠷ᠎ᠠ ᠶᠢᠨ 9 ᠤ ᠡᠳᠦᠷ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号