ᠢᠯᠡᠷᠬᠡᠶᠢᠯᠡᠯᠲᠡ | ᠣᠶᠢᠷ᠎ᠠ ᠳᠤ᠂ ᠣᠯᠠᠨ ᠬᠥᠮᠦᠨ ᠡᠮᠴᠢᠯᠡᠭᠡ ᠶᠢᠨ ᠳᠠᠭᠠᠳᠬᠠᠯ ᠤᠨ ᠲᠠᠩᠰᠠᠨ ᠡᠷᠦᠬᠡ ᠶᠢᠨ ᠬᠡᠷᠡᠭᠯᠡᠯᠲᠡ ᠶᠢ | ᠨᠢᠭᠡᠨᠲᠡ ᠵᠣᠭᠰᠤᠭᠠᠭᠰᠠᠨ ᠪᠣᠯᠬᠤᠷ ᠣᠬᠤᠷ ᠮᠡᠳᠡᠭᠡᠨ ᠳᠠᠬᠢ ᠰᠦᠯᠵᠢᠶᠡᠨ ᠳᠤ ᠳᠠᠩᠰᠠᠯᠠᠭᠤᠯᠵᠤ ᠡᠮᠴᠢᠯᠡᠭᠡ ᠶᠢᠨ | ᠳᠠᠭᠠᠳᠬᠠᠯ ᠤᠨ ᠬᠤᠯᠪᠣᠭᠳᠠᠯ ᠪᠥᠬᠦᠶ ᠲᠤᠬᠠᠶᠢᠯᠠᠭᠰᠠᠨ ᠠᠵᠢᠯ ᠢᠶᠠᠨ ᠰᠡᠷᠭᠦᠭᠡᠵᠦ ᠲᠠᠰ ᠳᠡᠪᠰᠢᠭᠦᠯᠬᠦ ᠬᠡᠷᠡᠭᠲᠡᠶ ᠭᠡᠰᠡᠨ | ᠣᠬᠤᠷ ᠮᠡᠳᠡᠭᠡᠨ ᠤ ᠮᠡᠳᠡᠭᠳᠡᠯ ᠢ ᠲᠣᠰᠤᠯ᠎ᠠ ᠭᠡᠵᠦ ᠳᠤᠰᠬᠠᠵᠤ ᠪᠠᠶᠢᠨ᠎ᠠ᠃ ᠮᠠᠨ ᠤ ᠲᠣᠪᠴᠢᠶ᠎ᠠ ᠲᠥᠪ ᠴᠢᠩᠭ᠎ᠠ ᠪᠠᠷ | ᠢᠯᠡᠷᠭᠡᠶᠢᠯᠡᠬᠦ ᠨᠢ᠂ ᠲᠣᠰ ᠣᠬᠤᠷ ᠮᠡᠳᠡᠭᠡ ᠪᠣᠯ ᠮᠡᠬᠡᠯᠡᠯ ᠤᠨ ᠣᠬᠤᠷ ᠮᠡᠳᠡᠭᠡ ᠪᠣᠯᠬᠤ ᠶᠤᠮ᠂ ᠮᠠᠨ ᠤ ᠲᠣᠪᠴᠢᠶ᠎ᠠ | ᠣᠬᠤᠷ ᠮᠡᠳᠡᠭᠡᠨ ᠤ ᠬᠡᠯᠪᠡᠷᠢ ᠪᠠᠷ ᠡᠶᠢᠮᠦᠷᠬᠦᠦ ᠮᠡᠳᠡᠭᠳᠡᠯ ᠶᠠᠪᠤᠭᠤᠯᠤᠭᠰᠠᠨ ᠦᠭᠡᠢ᠂ ᠮᠠᠨ ᠤ ᠲᠣᠪᠴᠢᠶ᠎ᠠ ᠶᠢᠨ ᠠᠯᠪᠠᠨ | ᠰᠦᠯᠵᠢᠶᠡᠨ ᠤ ᠬᠠᠶ᠋ᠢᠭ ᠤᠨ ᠲᠡᠭᠦᠰᠬᠡᠯ ᠨᠢ ᠪᠦᠷ ylbzj.nmg.gov.cn ᠢᠶᠠᠷ ᠲᠡᠮᠳᠡᠭ ᠪᠣᠯᠭᠠᠵᠤ᠂ ᠪᠤᠰᠤᠳ | ᠬᠠᠶ᠋ᠢᠭ ᠪᠣᠯ ᠪᠦᠷ ᠬᠠᠭᠤᠷᠮᠠᠭ ᠶᠤᠮ᠃ | ᠣᠯᠠᠨ ᠢᠶᠠᠷ ᠢᠶᠠᠨ ᠪᠢᠲᠡᠭᠡᠶ ᠢᠲᠡᠭᠡᠭᠡᠷᠡᠶ᠂ ᠣᠬᠤᠷ ᠮᠡᠳᠡᠭᠡᠨ ᠳᠠᠬᠢ ᠴᠥᠷᠬᠡᠯᠡᠭᠡ ᠶᠢ ᠪᠢᠲᠡᠭᠡᠶ ᠳᠠᠷᠤᠭᠠᠷᠠᠶ᠂ | ᠪᠤᠰᠤᠳ ᠲᠤ ᠳᠠᠮᠵᠢᠭᠤᠯᠬᠤ ᠥᠬᠡᠶ ᠪᠠᠶᠢᠵᠤ᠂ ᠮᠡᠬᠡᠯᠡᠭᠳᠡᠬᠦ ᠠᠴᠠ ᠪᠣᠯᠭᠤᠮᠵᠢᠯᠠᠭᠠᠷᠠᠶ᠃ | | ▲ᠮᠡᠬᠡᠯᠡᠭᠴᠢ ᠶᠢᠨ ᠶᠠᠪᠤᠭᠤᠯᠤᠭᠰᠠᠨ ᠮᠡᠬᠡᠯᠡᠯ ᠤᠨ ᠣᠬᠤᠷ ᠮᠡᠳᠡᠭᠡ | | | | | | | ᠣᠶᠢᠷ᠎ᠠ ᠳᠤ᠂ ᠨᠢᠭᠡ ᠵᠦᠢᠯ ᠤᠨ ᠰᠢᠨ᠎ᠡ ᠬᠡᠯᠪᠡᠷᠢ ᠶᠢᠨ ᠮᠡᠬᠡᠯᠡᠯ ᠤᠨ ᠠᠷᠭ᠎ᠠ ᠪᠥᠬᠦ ᠤᠯᠤᠰ ᠲᠤ ᠳᠡᠯᠭᠡᠷᠡᠵᠦ᠂ | ᠤᠳᠠᠯ ᠥᠬᠡᠶ ᠰᠦᠷᠴᠢᠮᠡᠯ ᠤᠰᠤ ᠮᠡᠲᠦ ᠲᠡᠯᠭᠡᠷᠡᠬᠦ ᠬᠠᠨᠳᠤᠰᠢ ᠢᠯᠡᠷᠡᠬᠦ ᠭᠡᠵᠦ ᠪᠣᠢ᠂ ᠡᠷᠬᠡᠪᠰᠢ ᠠᠩᠬᠠᠷᠤᠨ | ᠰᠡᠷᠭᠡᠶᠢᠯᠡᠬᠦ ᠬᠡᠷᠡᠭᠲᠡᠶ︕ | ᠮᠠᠰᠢ ᠣᠯᠠᠨ ᠬᠥᠮᠦᠨ ᠭᠠᠷ ᠤᠲᠠᠰᠤᠨ ᠳᠤ ᠪᠠᠨ ᠡᠶᠢᠮᠦ ᠣᠬᠤᠷ ᠮᠡᠳᠡᠭᠡ ᠶᠢ ᠣᠯᠤᠭᠰᠠᠨ ᠤ ᠳᠠᠷᠠᠭ᠎ᠠ ᠬᠡᠳᠦᠨ | ᠮᠢᠩᠭ᠎ᠠ ᠠᠴᠠ ᠬᠡᠳᠦᠨ ᠲᠦᠮᠡᠨ ᠲᠥᠭᠦᠷᠢᠭ ᠮᠡᠬᠡᠯᠡᠭᠳᠡᠵᠦ ᠪᠠᠶᠢᠨ᠎ᠠ᠃ ︽ᠡᠮᠴᠢᠯᠡᠭᠡ ᠶᠢᠨ ᠳᠠᠭᠠᠳᠬᠠᠯ ᠤᠨ ᠺᠠᠷᠲ︾ | ᠪᠣᠯ ᠮᠠᠰᠢ ᠣᠯᠠᠨ ᠬᠥᠮᠦᠨ ᠤ ᠠᠮᠢᠳᠤᠷᠠᠯ ᠳᠠᠬᠢ ᠬᠠᠮᠤᠭ ᠤᠨ ᠴᠢᠬᠤᠯᠠ ᠺᠠᠷᠲ ᠤᠨ ᠨᠢᠭᠡ ᠮᠥᠨ᠃ | ᠡᠶᠢᠮᠦ ᠠᠴᠠ᠂ ᠡᠨᠡ ᠬᠦ ᠣᠬᠤᠷ ᠮᠡᠳᠡᠭᠡ ᠨᠢ ᠬᠡᠳᠦ᠋ᠢᠪᠡᠷ ᠣᠷᠳᠣ ᠪᠢᠰᠢ ᠪᠣᠯᠪᠠᠴᠤ ᠡᠮᠴᠢᠯᠡᠭᠡ ᠶᠢᠨ | ᠳᠠᠭᠠᠳᠬᠠᠯ ᠤᠨ ᠺᠠᠷᠲ ᠤᠨ ︿ᠬᠡᠷᠡᠭᠯᠡᠯᠲᠡ ᠶᠢ ᠵᠣᠭᠰᠤᠭᠠᠬᠤ﹀ ᠭᠡᠰᠡᠨ ᠮᠡᠳᠡᠭᠡ ᠨᠢ ᠬᠥᠮᠦᠰ ᠢ ᠲᠡᠷᠡ ᠳᠤᠤᠷ᠎ᠠ ᠨᠢ | ᠪᠠᠴᠢᠮᠳᠠᠵᠤ ᠰᠠᠨᠳᠤᠷᠬᠤ ᠪᠠᠶᠢᠳᠠᠯ ᠳᠤ ᠣᠷᠣᠭᠤᠯᠳᠠᠭ᠃ | ᠬᠥᠮᠦᠨ ᠳᠤ ᠠᠳᠡᠭᠦᠷᠡᠯ ᠪᠣᠯᠬᠤ ᠠᠴᠠ ᠵᠠᠶᠢᠯᠠᠰᠬᠢᠵᠦ᠂ ᠠᠵᠤ ᠠᠬᠤᠶ ᠶᠢᠨ ᠬᠤᠬᠢᠷᠠᠯ ᠤᠴᠠᠷᠠᠭᠤᠯᠬᠤ ᠠᠴᠠ | ᠵᠠᠶᠢᠯᠠᠰᠬᠢᠬᠤ ᠶᠢᠨ ᠲᠥᠯᠥᠭᠡ᠂ ᠵᠢᠷᠤᠭ ᠲᠠᠬᠢ ᠰᠦᠯᠵᠢᠶᠡᠨ ᠤ ᠬᠠᠶ᠋ᠢᠭ ᠢ ᠪᠠᠯᠠᠷᠬᠠᠶ ᠦᠵᠡᠭᠦᠯᠪᠡ᠃ ᠪᠢᠳᠠ ᠡᠨᠡ | ᠣᠬᠤᠷ ᠮᠡᠳᠡᠭᠡᠨ ᠳᠠᠬᠢ ᠰᠦᠯᠵᠢᠶᠡᠨ ᠬᠠᠶ᠋ᠢᠭ ᠢ ᠦᠵᠡᠶ᠎ᠡ᠂ ᠨᠡᠭᠡᠭᠡᠭᠰᠡᠨ ᠤ ᠳᠠᠷᠠᠭ᠎ᠠ ᠴᠣᠬᠤᠮ ᠶᠠᠮᠠᠷ ᠶᠠᠩᠵᠤ ᠶᠢᠨ | ᠪᠣᠯ︖ | ᠣᠯᠠᠨ ᠤ ᠮᠡᠳᠡᠭᠡᠵᠢ ᠪᠠᠷ᠂ ᠠᠯᠢ ᠴᠤ ᠰᠦᠯᠵᠢᠶ᠎ᠡ ᠭᠡᠰᠡᠨ ᠥᠬᠡᠶ᠂ ᠵᠥᠪᠬᠡᠨ ᠨᠡᠯᠢᠶᠡᠳ ᠪᠠᠴᠢᠮ᠂ | ᠬᠠᠮᠤᠭ ᠤᠨ ᠴᠢᠬᠤᠯᠠ ᠵᠦᠢᠯ ᠲᠤ ᠯᠡ ︽ᠲᠦᠷᠦᠭᠦᠦ ᠨᠢᠭᠤᠷ ᠤᠨ ᠬᠠᠷᠢᠮᠠᠭ ᠴᠣᠩᠬᠤ︾ ᠶᠢᠨ ᠬᠡᠯᠪᠡᠷᠢ ᠪᠠᠷ | ᠮᠡᠳᠡᠭᠳᠡᠳᠡᠭ᠃ | | ᠮᠡᠬᠡᠯᠡᠯ ᠤᠨ ᠰᠦᠯᠵᠢᠶ᠎ᠡ ᠴᠦ ᠡᠨᠡ ᠬᠦ ᠳᠠᠳᠬᠠᠯ ᠢᠶᠠᠨ ᠦᠷᠭᠦᠯᠵᠢᠯᠡᠨ ᠬᠡᠷᠡᠭᠯᠡᠵᠦ᠂ ᠨᠢᠭᠡ ᠰᠠᠨᠠᠭᠤᠯᠤᠮᠵᠢ ᠶᠢᠨ | ᠬᠦᠷᠢᠶ᠎ᠡ ᠵᠣᠬᠢᠶᠠᠵᠤ᠂ ︽ᠬᠠᠭᠤᠴᠢᠨ ᠡᠮᠴᠢᠯᠡᠭᠡ ᠶᠢᠨ ᠳᠠᠭᠠᠳᠬᠠᠯ ᠤᠨ ᠺᠠᠷᠲ︾ ᠢ ᠤᠳᠠᠯ ᠦᠭᠡᠢ ᠬᠦᠴᠦᠨ ᠥᠬᠡᠶ | ᠪᠣᠯᠭᠠᠬᠤ ᠭᠡᠵᠦ ᠪᠠᠶᠢᠭ᠎ᠠ ᠶᠢ ᠳᠠᠬᠢᠨ ᠰᠠᠨᠠᠭᠤᠯᠵᠤ ᠮᠡᠳᠡᠭᠳᠡᠨ᠂ ︽ᠰᠢᠨ᠎ᠡ ᠡᠮᠴᠢᠯᠡᠭᠡ ᠶᠢᠨ ᠳᠠᠭᠠᠳᠬᠠᠯ ᠤᠨ ᠺᠠᠷᠲ︾ | ᠠᠪᠬᠤ ᠭᠠᠷ ᠭᠦᠢᠴᠡᠳᠭᠡᠯ ᠬᠢᠬᠦ ᠶᠢ ᠰᠠᠨᠠᠭᠤᠯᠬᠤ ᠨᠢ ᠦᠨᠡᠨ ᠬᠦ ︽ᠵᠢᠩᠬᠢᠨᠢ︾ ᠲᠥᠷᠦᠭᠳᠡᠯ ᠥᠭᠳᠡᠭ᠃ | ︽ᠳᠠᠷᠤᠶ ᠲᠦᠷᠭᠡᠨ ᠬᠦᠢᠴᠡᠳᠭᠡᠬᠦ︾ ᠶᠢ ᠲᠣᠪᠴᠢᠳᠠᠪᠠᠯ᠂ ᠲᠣᠮᠤ ᠤᠯᠠᠭᠠᠨ ᠤᠯᠤᠰ ᠤᠨ ᠰᠦᠯᠳᠡ | ᠳᠠᠷᠤᠮᠠᠯᠯᠠᠭᠰᠠᠨ ᠰᠦᠯᠵᠢᠶ᠎ᠡ ᠰᠢᠭᠤᠳ ᠨᠡᠭᠡᠭᠡᠭᠳᠡᠨ᠎ᠡ᠃ | | | ᠬᠠᠷᠢᠴᠠᠭᠤᠯᠵᠤ ᠦᠵᠡᠪᠡᠯ᠂ ᠳᠤᠤᠷᠠᠬᠢ ᠦᠨᠡᠨ ︽ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ | ︾ ᠶᠢᠨ ᠠᠯᠪᠠᠨ ᠰᠦᠯᠵᠢᠶ᠎ᠡ ᠲᠠᠢ ᠦᠨᠳᠦᠰᠦᠨ ᠳᠤ ᠪᠠᠨ ᠠᠳᠠᠯᠢᠬᠠᠨ ᠪᠠᠶᠢᠵᠤ᠂ ᠡᠩ ᠤᠨ ᠬᠥᠮᠦᠨ ᠢᠯᠭᠠᠬᠤ ᠳᠤ | ᠪᠡᠷᠬᠡ ᠶᠤᠮ᠃ | | ᠵᠥᠪᠬᠡᠨ ᠬᠤᠶᠠᠷ ᠵᠦᠢᠯ ᠢ ᠣᠷᠣᠭᠤᠯᠬᠤ ᠠᠴᠠ ᠮᠡᠳᠡᠵᠦ ᠪᠣᠯᠤᠨ᠎ᠠ᠄ ᠨᠡᠷ᠎ᠡ ᠪᠠ ᠪᠡᠶ᠎ᠡ ᠶᠢᠨ ᠦᠨᠡᠮᠯᠡᠯ ᠤᠨ | ᠨᠣᠮᠧᠷ᠂ ᠰᠦᠯᠵᠢᠶᠡᠨ ᠳᠤ ᠳᠠᠩᠰᠠᠯᠠᠭᠤᠯᠬᠤ ᠳᠤ ᠦᠷᠭᠦᠯᠵᠢ ᠲᠣᠬᠢᠶᠠᠯᠳᠤᠳᠠᠭ ︽ᠭᠠᠷ ᠤᠲᠠᠰᠤ ᠪᠠᠨ ᠬᠤᠯᠪᠤᠬᠤ︾ | ᠪᠠ ︽ᠰᠢᠯᠭᠠᠨ ᠪᠠᠲᠤᠯᠠᠬᠤ ᠨᠣᠮᠧᠷ ᠣᠷᠣᠭᠤᠯᠬᠤ︾ ᠵᠡᠷᠭᠡ ᠪᠡᠶ᠎ᠡ ᠶᠢᠨ ᠭᠠᠷᠤᠯ ᠢ ᠭᠡᠷᠡᠴᠢᠯᠡᠬᠦ ᠶᠠᠪᠤᠴᠠ ᠦᠭᠡᠢ᠂ | ᠡᠨᠡ ᠨᠢ ᠳᠠᠷᠤᠶ᠄ ᠪᠢ ᠬᠡᠨ ᠢ ᠪᠠᠢᠴᠠᠭᠠᠶᠠ ᠭᠡᠪᠡᠯ ᠬᠡᠨ ᠢ ᠪᠠᠢᠴᠠᠭᠠᠨ᠎ᠠ︖ ᠡᠨᠡ ᠨᠢ ᠰᠦᠯᠵᠢᠶᠡᠨ ᠤ ᠠᠮᠤᠷ | ᠲᠦᠪᠰᠢᠨ ᠤ ᠪᠠᠷᠢᠮᠵᠢᠶ᠎ᠠ ᠳᠤ ᠨᠡᠢᠴᠡᠬᠦ ᠦᠭᠡᠢ ᠨᠢ ᠢᠯᠡᠷᠬᠡᠶ ᠮᠡᠳᠡᠭᠳᠡᠨ᠎ᠡ᠃ | ᠭᠡᠪᠡᠴᠦ᠂ ᠬᠡᠷᠪᠡ ᠨᠠᠷᠢᠨ ᠪᠤᠳᠤᠯᠢᠶᠠᠨᠲᠠᠶ ᠭᠡᠷᠡᠴᠢᠯᠡᠬᠦ ᠶᠠᠪᠤᠴᠠ ᠶᠢ ᠲᠣᠬᠢᠷᠠᠭᠤᠯᠤᠭᠰᠠᠨ ᠪᠣᠯ ᠣᠶᠤᠨᠴᠢ ᠭᠠᠷ | ᠤᠲᠠᠰᠤ ᠶᠢ ᠴᠢᠳᠠᠮᠠᠭᠠᠢ ᠣᠷᠣᠯᠳᠤᠵᠤ ᠴᠢᠳᠠᠬᠤ ᠥᠬᠡᠶ ᠪᠤᠶᠤ ᠶᠠᠷᠰᠢᠭ ᠲᠦᠪᠡᠭ ᠠᠴᠠ ᠠᠶᠤᠳᠠᠭ ᠢᠳᠡᠷ ᠥᠲᠡᠯᠦᠭᠡ | ᠨᠠᠰᠤᠨ ᠤ ᠬᠥᠮᠦᠰ ᠢ ᠰᠢᠭᠤᠳ ᠢᠳᠬᠠᠵᠤ ᠪᠤᠴᠠᠭᠠᠭᠰᠠᠨ ᠶᠠᠪᠤᠳᠠᠯ ᠪᠣᠯᠤᠨ᠎ᠠ᠃ ᠡᠶᠢᠮᠦ ᠠᠴᠠ ᠮᠡᠬᠡᠯᠡᠭᠴᠢ ᠶᠢᠨ | ᠬᠢᠭᠰᠡᠨ ᠨᠢ ᠲᠡᠶᠢᠮᠦ ᠦᠨᠡᠨ ᠪᠣᠳᠠᠲᠠᠶ ᠪᠢᠰᠢ᠂ ᠲᠡᠶᠢᠮᠦ ᠰᠠᠶᠢᠨ ᠪᠢᠰᠢ ᠶᠤᠮ᠂ ᠬᠠᠷᠢᠨ ︽ᠮᠡᠬᠡᠯᠡᠬᠦ ᠦᠷ᠎ᠡ | ᠪᠦᠲᠦᠮᠵᠢ ᠶᠢ ᠬᠠᠮᠤᠭ ᠤᠨ ᠶᠡᠭᠡ ᠪᠣᠯᠭᠠᠭᠰᠠᠨ︾ ᠶᠠᠪᠤᠳᠠᠯ ᠮᠥᠨ᠃ | | ᠨᠡᠷ᠎ᠡ ᠪᠠ ᠪᠡᠶ᠎ᠡ ᠶᠢᠨ ᠦᠨᠡᠮᠯᠡᠯ ᠤᠨ ᠨᠣᠮᠧᠷ ᠢᠶᠠᠨ ᠣᠷᠣᠭᠤᠯᠤᠭᠰᠠᠨ ᠤ ᠳᠠᠷᠠᠭ᠎ᠠ᠂ ᠰᠠᠨᠠᠭᠤᠯᠤᠮᠵᠢ ᠶᠢᠨ | ᠬᠠᠭᠤᠳᠠᠰᠤ ᠳᠠᠬᠢᠨᠲᠠ ᠢᠯᠡᠷᠡᠵᠦ᠂ ᠨᠢᠭᠡᠨᠲᠡ ᠳᠠᠩᠰᠠᠯᠠᠭᠤᠯᠤᠭᠰᠠᠨ ᠢ ᠭᠡᠷᠡᠴᠢᠯᠡᠬᠦ ᠶᠢᠨ ᠬᠠᠮᠲᠤ ᠪᠠᠶᠢᠴᠠᠭᠠᠨ | ᠯᠠᠪᠯᠠᠭᠰᠠᠨ ᠦᠷ᠎ᠡ ᠳ᠋ᠦᠩ ᠢ ᠮᠡᠳᠡᠭᠳᠡᠨ᠎ᠡ᠄ ᠡᠮᠴᠢᠯᠡᠭᠡ ᠶᠢᠨ ᠳᠠᠭᠠᠳᠬᠠᠯ ᠤᠨ ᠺᠠᠷᠲ ᠦᠨᠡᠨ ᠬᠦ ︽ᠬᠠᠭᠤᠴᠢᠨ ᠬᠡᠪ︾ | ᠪᠣᠯᠬᠤᠷ ᠳᠠᠷᠤᠶ ᠳᠤ ᠨᠢ ᠭᠠᠷ ᠭᠦᠢᠴᠡᠳᠭᠡᠯ ᠬᠢᠬᠦ ᠬᠡᠷᠡᠭᠲᠡᠶ︕ ᠦᠨᠡᠨ ᠳᠤ ᠪᠠᠨ ᠴᠢ ᠳᠤᠷ᠎ᠠ ᠶᠢᠨ ᠨᠢᠭᠡ ᠨᠡᠷ᠎ᠡ ᠶᠢ | ᠣᠷᠣᠭᠤᠯᠤᠭᠰᠠᠨ ᠴᠤ ᠪᠦᠷ ᠠᠳᠠᠯᠢᠬᠠᠨ ᠦᠷ᠎ᠡ ᠳ᠋ᠦᠩ ᠣᠯᠤᠨ᠎ᠠ᠃ | ᠵᠠᠯᠭᠠᠭᠠᠳ ᠨᠠᠩ ᠣᠯᠠᠨ ᠮᠡᠳᠡᠭᠡ ᠵᠠᠩᠭᠢ ᠶᠢᠨ ᠮᠠᠲ᠋ᠧᠷᠢᠶᠠᠯ ᠢ ᠭᠦᠢᠴᠡᠳᠭᠡᠬᠦ ᠬᠡᠷᠡᠭᠲᠡᠢ᠃ | | ᠭᠦᠢᠴᠡᠳᠭᠡᠬᠦ ᠴᠢᠬᠤᠯᠠᠲᠠᠶ ᠮᠠᠲ᠋ᠧᠷᠢᠶᠠᠯ ᠨᠢ ᠵᠥᠪᠬᠡᠨ ᠭᠤᠷᠪᠠᠭ᠋ᠠᠨ ᠵᠦᠢᠯ᠂ ᠲᠡᠳᠦᠢ ᠪᠤᠳᠤᠯᠢᠶᠠᠨᠲᠠᠶ ᠪᠢᠰᠢ᠂ | ᠭᠡᠪᠡᠴᠦ ᠡᠨᠡ ᠨᠢ ᠮᠡᠬᠡᠯᠡᠭᠴᠢ ᠵᠣᠭᠤᠰ ᠢ ᠭᠠᠷ ᠲᠤ ᠪᠠᠨ ᠣᠷᠣᠭᠤᠯᠬᠤ ᠳᠤ ᠬᠦᠷᠴᠢᠬᠡᠨ᠎ᠡ᠃ | ᠠᠳᠡ ︽ᠳᠠᠩᠰᠠᠨ ᠡᠷᠦᠬᠡ ᠶᠢᠨ ᠦᠯᠡᠳᠡᠪᠦᠷᠢ︾ ᠶᠢ ᠣᠷᠣᠭᠤᠯᠬᠤ ᠶᠢ ᠠᠩᠬᠠᠷᠤᠭᠠᠷᠠᠶ᠃ ᠮᠡᠬᠡᠯᠡᠬᠦ ᠠᠴᠠ | ᠭᠠᠳᠠᠨ᠎ᠠ᠂ ᠶᠠᠮᠠᠷ ᠪᠠᠶᠢᠳᠠᠯ ᠳᠤ ᠴᠤ ᠡᠨᠡ ᠲᠤᠭ᠎ᠠ ᠶᠢ ᠬᠠᠩᠭᠠᠬᠤ ᠶᠢ ᠱᠠᠭᠠᠷᠳᠠᠳᠠᠭ ᠦᠭᠡᠢ᠃ | ᠡᠨᠡ ᠨᠢ ᠮᠡᠬᠡᠯᠡᠭᠴᠢ ᠵᠠᠯᠭᠠᠭᠠᠳ ᠳᠠᠩᠰᠠ ᠰᠢᠯᠵᠢᠭᠦᠯᠬᠦ ᠠᠵᠢᠯᠯᠠᠭ᠎ᠠ ᠬᠢᠬᠦ ᠠᠴᠠ ᠪᠣᠯᠤᠭᠰᠠᠨ ᠶᠤᠮ᠂ ᠬᠡᠷᠪᠡ | ᠳᠠᠩᠰᠠ ᠰᠢᠯᠵᠢᠭᠦᠯᠬᠦ ᠲᠤᠭ᠎ᠠ ᠨᠢ ᠦᠯᠡᠳᠡᠪᠦᠷᠢ ᠲᠤᠭ᠎ᠠ ᠠᠴᠠ ᠬᠡᠲᠦᠷᠡᠭᠰᠡᠨ ᠪᠣᠯ ᠳᠠᠩᠰᠠ ᠰᠢᠯᠵᠢᠭᠦᠯᠬᠦ ᠶᠢᠨ ᠠᠷᠭ᠎ᠠ | ᠦᠭᠡᠢ ᠪᠣᠯᠤᠨ᠎ᠠ᠂ ᠡᠨᠡ ᠨᠢ ᠮᠡᠬᠡᠯᠡᠭᠴᠢ ᠳᠤ ᠠᠪᠴᠤ ᠬᠡᠯᠡᠪᠡᠯ ᠲᠦᠢᠯ ᠤᠨ ᠴᠢᠬᠤᠯᠠ ᠶᠤᠮ︕ | | ᠡᠨᠡ ᠬᠦ ︽ᠰᠢᠯᠭᠠᠨ ᠪᠠᠶᠢᠴᠠᠭᠠᠬᠤ ᠮᠡᠳᠡᠭᠡ ᠵᠠᠩᠭᠢ︾ ᠶᠢᠨ ᠨᠢᠭᠤᠷ ᠬᠡᠳᠦᠨ ᠮᠢᠨᠦ᠋ᠲ ᠵᠣᠭᠰᠣᠳᠠᠭ᠃ | ᠦᠨᠡᠨ ᠳᠤ ᠪᠠᠨ ᠡᠨᠡ ᠪᠣᠯ ᠮᠡᠬᠡᠯᠡᠭᠴᠢ ᠶᠢᠨ ᠤᠷᠢᠳᠴᠢᠯᠠᠨ ᠦᠯᠡᠳᠡᠭᠡᠭᠰᠡᠨ ︽ᠪᠡᠯᠡᠳᠬᠡᠬᠦ ᠴᠠᠭ︾ ᠪᠣᠯᠤᠨ᠎ᠠ᠃ | ᠮᠡᠬᠡᠯᠡᠭᠴᠢ ︽ᠮᠡᠬᠡᠯᠡᠭᠳᠡᠭᠴᠢ︾ ᠶᠢᠨ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ᠂ ᠡᠯ᠎ᠡ ᠵᠦᠢᠯ ᠤᠨ ᠲᠠᠩᠰᠠ | ᠰᠢᠯᠵᠢᠭᠦᠯᠬᠦ ᠠᠵᠢᠯᠯᠠᠭᠠᠨ ᠤ ᠪᠡᠯᠡᠳᠬᠡᠯ ᠠᠵᠢᠯ ᠢ ᠳᠠᠷᠤᠶ ᠲᠦᠷᠭᠡᠨ ᠰᠠᠶᠢᠲᠤᠷ ᠭᠦᠢᠴᠡᠳᠬᠡᠨ᠎ᠡ᠂ ᠡᠭᠦᠨ ᠳᠤ ᠲᠠᠩᠰᠠ | ᠰᠢᠯᠵᠢᠭᠦᠯᠬᠦ ᠵᠣᠭᠤᠰ ᠤᠨ ᠲᠤᠭ᠎ᠠ ᠶᠢ ᠣᠷᠣᠭᠤᠯᠬᠤ᠂ ᠲᠠᠩᠰᠠ ᠰᠢᠯᠵᠢᠭᠦᠯᠬᠦ ᠭᠤᠶᠤᠴᠢᠯᠠᠯ ᠲᠤᠰᠢᠶᠠᠬᠤ ᠵᠡᠷᠭᠡ | ᠠᠯᠬᠤᠮ ᠳᠠᠷᠠᠭ᠎ᠠ ᠢ ᠪᠠᠭᠲᠠᠭᠠᠨ᠎ᠠ᠃ | ᠮᠡᠬᠡᠯᠡᠭᠴᠢ ᠠᠯᠢᠪᠠ ᠶᠢ ᠪᠡᠯᠡᠳᠬᠡᠭᠰᠡᠨ ᠤ ᠳᠠᠷᠠᠭ᠎ᠠ᠂ ᠭᠠᠷ ᠤᠲᠠᠰᠤᠨ ᠳᠤ ᠴᠢᠨᠢ ᠣᠬᠤᠷ ᠮᠡᠳᠡᠭᠡ ᠪᠠᠷ | ᠰᠢᠯᠭᠠᠨ ᠪᠠᠲᠤᠯᠠᠬᠤ ᠨᠣᠮᠧᠷ ᠢ ᠢᠷᠡᠭᠦᠯᠬᠦ ᠶᠢᠨ ᠬᠠᠮᠲᠤ ᠬᠠᠭᠤᠳᠠᠰᠤ ᠰᠣᠯᠢᠭᠳᠠᠵᠤ ᠳᠠᠷᠠᠭ᠎ᠠ ᠠᠯᠬᠤᠮ ᠳᠤ ᠰᠢᠯᠵᠢᠨ᠎ᠡ᠃ | | | | ᠬᠡᠳᠦ᠋ᠢᠪᠡᠷ ᠰᠢᠯᠭᠠᠨ ᠪᠠᠲᠤᠯᠠᠬᠤ ᠺᠣᠳ᠋ ᠲᠤ ︽ᠪᠤᠰᠤᠳ ᠬᠥᠮᠦᠨ ᠳᠤ ᠪᠢᠲᠡᠭᠡᠶ ᠵᠠᠳᠠᠷᠠᠭᠤᠯ︾ ᠭᠡᠵᠦ | ᠰᠠᠨᠠᠭᠤᠯᠤᠭᠰᠠᠨ ᠪᠣᠯᠪᠠᠴᠤ᠂ ᠠᠳᠡ ᠰᠦᠯᠵᠢᠶᠡᠨ ᠳᠤ ᠣᠷᠣᠭᠤᠯᠤᠭᠰᠠᠨ ᠠᠴᠠ ᠪᠢᠰᠢ ︽ᠪᠤᠰᠤᠳ ᠬᠥᠮᠦᠨ ᠳᠤ | ᠥᠭᠭᠦᠭᠰᠡᠨ︾ ᠦᠭᠡᠢ︕ | | 【ᠠᠩᠬᠠᠷᠤᠭᠠᠷᠠᠶ】᠂ ᠰᠢᠯᠭᠠᠨ ᠪᠠᠲᠤᠯᠠᠬᠤ ᠺᠣᠳ᠋᠂ ᠪᠠᠰᠠ ᠴᠤ ᠬᠤᠪᠢ ᠬᠥᠮᠦᠨ ᠤ ᠳᠠᠩᠰᠠ ᠶᠢᠨ ᠬᠠᠮᠤᠭ | ᠰᠡᠭᠦᠯᠴᠢ ᠶᠢᠨ ᠰᠡᠷᠭᠡᠶᠢᠯᠡᠯᠲᠡ ᠶᠢᠨ ᠱᠤᠭᠤᠮ᠃ ᠣᠯᠠᠩᠬᠢ ᠬᠥᠮᠦᠰ ᠰᠢᠯᠭᠠᠨ ᠪᠠᠲᠤᠯᠠᠬᠤ ᠺᠣᠳ᠋ ᠢ ᠣᠯᠤᠭᠰᠠᠨ ᠤ | ᠳᠠᠷᠠᠭ᠎ᠠ ᠣᠬᠤᠷ ᠮᠡᠳᠡᠭᠡᠨ ᠤ ᠮᠡᠬᠡᠯᠡᠬᠦ ᠶᠢ ᠰᠡᠷᠭᠡᠶᠢᠯᠡᠬᠦ ᠠᠭᠤᠯᠭ᠎ᠠ ᠶᠢ ᠨᠠᠷᠢᠨ ᠬᠢᠨᠠᠮᠠᠭᠠᠶ ᠤᠩᠰᠢᠳᠠᠭ ᠥᠬᠡᠶ᠂ ᠬᠠᠷᠢᠨ | ᠪᠣᠶ ᠪᠥᠬᠦᠶ ᠠᠩᠬᠠᠷᠤᠯ ᠢᠶᠠᠨ ᠴᠥᠮ ᠲᠡᠷᠡ ᠬᠦ 6 ᠣᠷᠣᠨᠲᠤ ᠬᠥᠬᠡ ᠬᠡᠷᠡᠯ ᠰᠠᠴᠤᠷᠠᠭᠰᠠᠨ ᠲᠤᠭ᠎ᠠ ᠳᠡᠭᠡᠷ᠎ᠡ ᠲᠠᠯᠪᠢᠵᠤ | ᠂ ᠨᠢᠭᠡ ᠣᠷᠣᠨ ᠢ ᠴᠤ ᠪᠤᠷᠤᠭᠤ ᠴᠡᠭᠡᠵᠢᠯᠡᠬᠦ ᠠᠴᠠ ᠠᠶᠤᠳᠠᠭ᠃ ᠪᠣᠳᠣᠵᠤ ᠦᠵᠡᠭᠡᠴᠢ᠂ ᠲᠠ ᠡᠶᠢᠮᠦ ᠳᠠᠳᠬᠠᠯ ᠲᠠᠢ | ᠦᠦ︖ ᠮᠡᠬᠡᠯᠡᠭᠴᠢ ᠶᠢᠨ ︽1 ᠮᠢᠨᠦ᠋ᠲ ᠤᠨ ᠳᠣᠲᠣᠷ᠎ᠠ ᠬᠦᠴᠦᠨ ᠲᠠᠢ︾ ᠭᠡᠬᠦ ᠰᠡᠳᠬᠢᠴᠡ ᠶᠢᠨ ᠲᠣᠬᠢᠶᠠᠨ ᠳᠤ | ᠰᠢᠯᠭᠠᠨ ᠪᠠᠲᠤᠯᠠᠬᠤ ᠺᠣᠳ᠋ ᠢ ᠳᠠᠷᠤᠶ ᠲᠦᠷᠭᠡᠨ ᠲᠠᠭᠯᠠᠬᠤ ᠬᠡᠷᠡᠭᠲᠡᠶ᠃ ᠣᠯᠤᠭᠰᠠᠨ ᠦᠷ᠎ᠡ ᠳ᠋ᠦᠩ ᠪᠣᠯ ᠳᠠᠷᠤᠶ | ᠳᠠᠩᠰᠠ ᠳᠣᠲᠣᠷᠠᠬᠢ ᠵᠣᠭᠤᠰ ᠢ ᠰᠢᠯᠵᠢᠭᠦᠯᠪᠡ᠃ ᠢᠩᠭᠢᠭᠡᠳ ᠪᠠᠷᠠᠴᠢᠬᠠᠨ᠎ᠠ ᠤᠤ︖ | ᠶᠠᠷᠢᠶᠠᠨ ᠦᠭᠡᠢ ᠲᠡᠶᠢᠮᠦ ᠪᠢᠰᠢ᠂ ᠵᠠᠯᠭᠠᠭᠠᠳ ᠲᠠᠨ ᠤ ᠣᠯᠵᠤ ᠦᠵᠡᠬᠦ ᠨᠢᠭᠤᠷ ᠪᠣᠯ᠄ ᠰᠢᠯᠭᠠᠨ ᠪᠠᠲᠤᠯᠠᠬᠤ | ᠺᠣᠳ᠋ ᠴᠢᠨᠢ ᠪᠤᠷᠤᠭᠤ ᠪᠤᠶᠤ ᠰᠢᠯᠭᠠᠨ ᠪᠠᠲᠤᠯᠠᠬᠤ ᠺᠣᠳ᠋ ᠢ ᠣᠷᠣᠭᠤᠯᠬᠤ ᠴᠠᠭ ᠬᠡᠲᠦᠷᠡᠭᠰᠡᠨ᠂ ᠳᠠᠬᠢᠨ | ᠣᠷᠣᠭᠤᠯᠤᠭᠠᠷᠠᠶ︕ | | | ᠡᠨᠡ ᠪᠣᠯ ᠮᠡᠬᠡᠯᠡᠭᠴᠢ ᠠᠴᠠ ᠳᠠᠬᠢᠨ ᠳᠠᠪᠲᠠᠨ ᠨᠢᠭᠡ ᠬᠡᠰᠡᠭ ᠵᠣᠭᠤᠰ ᠢ ᠰᠢᠨ᠎ᠡ ᠳᠠᠩᠰᠠᠨ ᠳᠤ | ᠰᠢᠯᠵᠢᠭᠦᠯᠬᠦ ᠪᠠᠨ ᠡᠬᠢᠯᠡᠭᠦᠯᠦᠭᠰᠡᠨ ᠶᠠᠪᠤᠳᠠᠯ ᠪᠣᠯᠤᠨ᠎ᠠ᠂ ᠬᠡᠷᠪᠡ ᠱᠠᠭᠠᠷᠳᠠᠯᠭ᠎ᠠ ᠶᠣᠰᠤ ᠪᠠᠷ ᠳᠠᠬᠢᠨ ᠳᠠᠪᠲᠠᠨ | ᠣᠷᠣᠭᠤᠯᠪᠠᠯ᠂ ᠳᠠᠩᠰᠠᠨ ᠳᠣᠲᠣᠷᠠᠬᠢ ᠵᠣᠭᠤᠰ ᠴᠢᠨᠢ ᠮᠠᠰᠢ ᠬᠤᠷᠳᠤᠨ ᠬᠤᠭᠤᠰᠣᠷᠠᠨ᠎ᠠ᠃ | ᠣᠯᠠᠨ ᠢᠶᠠᠷ ᠢᠶᠠᠨ ᠬᠠᠷᠢᠯᠴᠠᠨ ᠳᠠᠮᠵᠢᠭᠤᠯᠵᠤ᠂ ᠤᠷᠢᠳᠴᠢᠯᠠᠨ ᠰᠡᠷᠭᠡᠶᠢᠯᠡᠬᠦ ᠪᠣᠯᠪᠠᠤ︕ | | |