ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠥᠳᠥᠭᠡᠭᠴᠢ ᠶᠢ ᠰᠢᠯᠭᠠᠨ ᠪᠠᠶᠢᠴᠠᠭᠠᠬᠤ ᠤᠷᠪᠠᠯᠵᠢ ᠶᠢ ᠲᠥᠪᠯᠡᠷᠡᠭᠦᠯᠦᠨ ᠰᠦᠯᠵᠢᠶᠡᠨ ᠳᠤ ᠡᠯᠭᠦᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/3/15
           ᠥᠪᠥᠷ ᠡᠮ ᠬᠤᠳᠠᠯᠳᠤᠨ ᠠᠪᠬᠤ ᠲᠥᠪ ᠦᠰᠦᠭ  ﹇2022﹈ 29  ᠳ᠋ᠦ᠋ᠭᠡᠷ ᠲᠣᠭᠠᠲᠤ ᠡᠯ᠎ᠡ ᠬᠠᠮᠢᠶ᠎ᠠ ᠪᠦᠬᠦᠢ ᠨᠢᠭᠡᠴᠢ ᠳᠤ᠄      ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠥᠳᠥᠭᠡᠭᠴᠢ ᠶᠢ ᠰᠢᠯᠭᠠᠨ ᠪᠠᠶᠢᠴᠠᠭᠠᠵᠤ ᠬᠡᠷᠡᠭᠯᠡᠬᠦ ᠲᠥᠰᠦᠯ ︵ᠲᠤᠷᠰᠢᠨ ᠬᠡᠷᠡᠭᠵᠢᠭᠦᠯᠬᠦ︶ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠨ ᠲᠠᠷᠬᠠᠭᠠᠭᠰᠠᠨ  ﹇2020﹈ 21 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠢ ᠰᠢᠯᠭᠠᠨ ᠪᠠᠶᠢᠴᠠᠭᠠᠬᠤ ᠠᠷᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠳᠤ ᠦᠢᠯᠡᠴᠢᠯᠡᠭᠦᠯᠬᠦ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠠᠴᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠥᠳᠥᠭᠡᠭᠴᠢ ᠶᠢ ᠰᠢᠯᠭᠠᠨ ᠪᠠᠶᠢᠴᠠᠭᠠᠬᠤ ᠤᠷᠪᠠᠯᠵᠢ ᠶᠢ ᠰᠢᠭᠤᠳ ᠰᠦᠯᠵᠢᠶᠡᠨ ᠳᠤ ᠡᠯᠭᠦᠬᠦ ᠠᠵᠢᠯ ᠢ ᠥᠷᠨᠢᠭᠦᠯᠵᠦ᠂ ᠪᠣᠳᠠᠲᠠᠶ ᠵᠦᠢᠯ ᠢ ᠳᠤᠤᠷᠠᠬᠢ ᠮᠡᠲᠦ ᠮᠡᠳᠡᠭᠳᠡᠪᠡ᠄      ᠨᠢᠭᠡ᠂  ᠲᠥᠷᠦᠯ ᠵᠦᠢᠯ ᠤᠨ ᠬᠡᠪᠴᠢᠶ᠎ᠡ      ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ︵2019 - nCov︶ ᠤᠨ ᠥᠳᠥᠭᠡᠭᠴᠢ ᠶᠢ ᠰᠢᠯᠭᠠᠨ ᠪᠠᠶᠢᠴᠠᠭᠠᠬᠤ ᠤᠷᠪᠠᠯᠵᠢ᠃      ᠬᠤᠶᠠᠷ᠂ ᠠᠵᠤ ᠠᠬᠤᠶᠢᠯᠠᠯ ᠤᠨ ᠬᠡᠪᠴᠢᠶ᠎ᠡ      ᠬᠤᠳᠠᠯᠳᠤᠨ ᠠᠪᠬᠤ ᠲᠥᠷᠥᠯ ᠵᠦᠢᠯ ᠤᠨ ᠬᠡᠪᠴᠢᠶᠡᠨ ᠳᠣᠲᠣᠷᠠᠬᠢ ᠦᠢᠯᠡᠳᠬᠦᠨ ᠨᠢ ᠬᠠᠤᠯᠢ ᠶᠣᠰᠣᠨ ᠤ ᠬᠢᠷᠢ ᠬᠡᠮ ᠢ ᠣᠯᠤᠭᠰᠠᠨ ᠡᠮᠴᠢᠯᠡᠭᠡᠨ ᠤ ᠪᠠᠭᠠᠵᠢ ᠬᠡᠷᠡᠭᠰᠡᠯ ᠢ ᠲᠡᠮᠳᠡᠭᠯᠡᠭᠦᠯᠦᠭᠴᠢ ︵ᠳᠠᠩᠰᠠᠯᠠᠭᠤᠯᠤᠭᠴᠢ︶ ᠮᠡᠳᠡᠭᠦᠯᠬᠦ ᠠᠵᠤ ᠠᠬᠤᠶᠢᠯᠠᠯ ᠪᠣᠯᠤᠭᠰᠠᠨ ᠤ ᠬᠤᠪᠢ ᠪᠠᠷ ᠴᠥᠮ ᠮᠡᠳᠡᠭᠦᠯᠵᠦ ᠪᠣᠯᠤᠨ᠎ᠠ᠃ ᠬᠢᠯᠢ ᠶᠢᠨ ᠭᠠᠳᠠᠨ᠎ᠠ ᠡᠮᠴᠢᠯᠡᠭᠡᠨ ᠤ ᠪᠠᠭᠠᠵᠢ ᠬᠡᠷᠡᠭᠰᠡᠯ ᠢ ᠲᠡᠮᠳᠡᠭᠯᠡᠭᠦᠯᠦᠭᠴᠢ ︵ᠳᠠᠩᠰᠠᠯᠠᠭᠤᠯᠤᠭᠴᠢ︶ ᠶᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠶᠢᠨ ᠳᠣᠲᠣᠷᠠᠬᠢ ᠠᠵᠤ ᠠᠬᠤᠶᠢᠯᠠᠯ ᠤᠨ ᠴᠣᠷ ᠤᠨ ᠭᠠᠭᠴᠠ ᠬᠠᠤᠯᠢ ᠶᠢᠨ ᠡᠷᠬᠡᠲᠦ ᠬᠥᠮᠦᠨ ᠢᠶᠠᠷ ᠵᠢᠭᠠᠨ ᠳᠣᠭᠲᠠᠭᠠᠭᠰᠠᠨ ᠪᠣᠯ ᠲᠡᠮᠳᠡᠭᠯᠡᠭᠦᠯᠦᠭᠴᠢ ︵ᠳᠠᠩᠰᠠᠯᠠᠭᠤᠯᠤᠭᠴᠢ︶  ᠪᠠᠷ ᠦᠵᠡᠨ᠎ᠡ᠃      ᠭᠤᠷᠪᠠ᠂ ᠮᠡᠳᠡᠭᠦᠯᠬᠦ ᠠᠭᠤᠯᠭ᠎ᠠ      ︵ᠨᠢᠭᠡ︶ ᠦᠢᠯᠡᠳᠪᠦᠷᠢᠯᠡᠯ ᠤᠨ ᠠᠵᠤ ᠠᠬᠤᠶᠢᠯᠠᠯ ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠵᠤ᠂ ᠬᠤᠳᠠᠯᠳᠤᠨ ᠠᠪᠬᠤ ᠦᠨ᠎ᠡ ᠬᠠᠩᠰᠢ ᠶᠢ ᠵᠠᠷᠴᠢᠮ ᠳᠡᠭᠡᠷ᠎ᠡ ᠪᠠᠨ ᠪᠤᠰᠤᠳ ᠮᠤᠵᠢ ᠬᠤᠲᠠ ᠶᠢᠨ ᠨᠢᠭᠡᠨᠲᠡ ᠰᠦᠯᠵᠢᠶᠡᠨ ᠳᠤ ᠡᠯᠭᠦᠭᠰᠡᠨ ᠦᠨ᠎ᠡ ᠬᠠᠩᠰᠢ ᠠᠴᠠ ᠥᠨᠳᠥᠷ ᠪᠠᠶᠢᠯᠭᠠᠵᠤ ᠪᠣᠯᠬᠤ ᠥᠬᠡᠶ᠃    ︵ᠬᠤᠶᠠᠷ︶ ᠮᠡᠳᠡᠭᠦᠯᠬᠦ ᠮᠠᠲ᠋ᠧᠷᠢᠶᠠᠯ ᠳᠤ ᠲᠤᠬᠠᠶᠢᠯᠠᠭᠰᠠᠨ ᠠᠵᠢᠯ ᠤᠨ ᠬᠦᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠭᠰᠠᠨ ᠪᠢᠴᠢᠭ ︵ᠳᠠᠭᠠᠯᠳᠤᠭᠤᠯᠤᠯ 1 ᠶᠢ ᠦᠵᠡᠭᠡᠷᠡᠢ︶᠂ ᠠᠵᠤ ᠠᠬᠤᠶᠢᠯᠠᠯ ᠵᠢᠴᠢ ᠦᠢᠯᠡᠳᠬᠦᠨ ᠤ ᠬᠢᠷᠢ ᠬᠡᠮ ︵ᠳᠠᠭᠠᠯᠳᠤᠭᠤᠯᠤᠯ 2 ᠢ ᠦᠵᠡᠭᠡᠷᠡᠢ︶ ᠪᠠᠶᠢᠬᠤ ᠬᠡᠷᠡᠭᠲᠡᠢ᠃      ︵ᠭᠤᠷᠪᠠ︶ ᠰᠦᠯᠵᠢᠶᠡᠨ ᠳᠤ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ ᠢᠶᠠᠷ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠵᠤ᠂ ᠬᠠᠮᠢᠶ᠎ᠠ ᠪᠦᠬᠦᠢ ᠠᠵᠤ ᠠᠬᠤᠶᠢᠯᠠᠯ ᠤᠳ ᠮᠠᠲ᠋ᠧᠷᠢᠶᠠᠯ ᠢᠶᠠᠨ ᠱᠠᠭᠠᠷᠳᠠᠯᠭ᠎ᠠ ᠶᠣᠰᠣᠭᠠᠷ ᠡᠮᠬᠢᠯᠡᠭᠰᠡᠨ ᠤ ᠳᠠᠷᠠᠭ᠎ᠠ᠂ ᠠᠵᠤ ᠠᠬᠤᠶᠢᠯᠠᠯ ᠤᠨ ᠢᠶᠠᠨ ᠲᠠᠮᠠᠭ᠎ᠠ ᠶᠢ  ᠳᠠᠷᠤᠵᠤ ᠰᠷᠢᠪᠢᠭᠰᠡᠨ ᠵᠦᠢᠯ ᠢ ᠳᠣᠭᠲᠠᠭᠰᠠᠨ ᠰᠢᠦᠳᠠᠨ ᠬᠠᠶᠢᠷᠴᠠᠭ ᠲᠤ ᠢᠯᠡᠭᠡᠬᠦ ᠪᠣᠯᠪᠠᠤ᠃      ᠳᠥᠷᠪᠡ᠂ ᠰᠦᠯᠵᠢᠶᠡᠨ ᠳᠤ ᠡᠯᠭᠦᠬᠦ ᠴᠠᠭ      2022 ᠣᠨ ᠤ 3 ᠳ᠋ᠤᠭᠠᠷ ᠰᠠᠷ᠎ᠠ ᠶᠢᠨ 16 ᠤ ᠡᠳᠦᠷ ᠠᠴᠠ 3 ᠳ᠋ᠤᠭᠠᠷ ᠰᠠᠷ᠎ᠠ ᠶᠢᠨ 25 ᠤ ᠡᠳᠦᠷ ᠤᠨ 17᠄ 00 ᠪᠣᠯᠲᠠᠯ᠎ᠠ ᠲᠥᠪᠯᠡᠷᠡᠭᠦᠯᠦᠨ ᠰᠦᠯᠵᠢᠶᠡᠨ ᠳᠤ ᠡᠯᠭᠦᠨ᠎ᠡ᠃      ᠲᠠᠪᠤ᠂ ᠬᠠᠷᠢᠯᠴᠠᠬᠤ ᠬᠡᠯᠪᠡᠷᠢ      ᠲᠤᠬᠠᠶᠢᠯᠠᠭᠰᠠᠨ ᠠᠵᠢᠯ ᠤᠨ ᠵᠦᠪᠯᠡᠯᠭᠡ  ᠥᠭᠬᠦ᠄ 0471 - 4930595      ᠢᠮᠧᠯ ᠤᠨ ᠬᠠᠶ᠋ᠢᠭ᠄ nmgycqxk@163.com      ᠦᠢᠯᠡᠴᠢᠯᠡᠬᠦ ᠴᠠᠭ᠄ 9᠄ 00-12᠄ 00᠂ 13᠄ 30 -17᠄ 00᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠥᠬᠡᠶ᠃      ᠳᠠᠭᠠᠯᠳᠤᠭᠤᠯᠤᠯ᠄      1 . ᠬᠦᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠭᠰᠠᠨ ᠪᠢᠴᠢᠭ      2 . ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠥᠳᠥᠭᠡᠭᠴᠢ ᠶᠢ ᠰᠢᠯᠭᠠᠨ ᠪᠠᠶᠢᠴᠠᠭᠠᠬᠤ ᠤᠷᠪᠠᠯᠵᠢ ᠶᠢ ᠰᠦᠯᠵᠢᠶᠡᠨ ᠳᠤ ᠡᠯᠭᠦᠬᠦ ᠮᠡᠳᠡᠭᠦᠯᠦᠯᠲᠡ ᠶᠢᠨ ᠬᠦᠰᠦᠨᠦᠭᠲᠦ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ                   2022 ᠣᠨ ᠤ 3 ᠳ᠋ᠤᠭᠠᠷ ᠰᠠᠷ᠎ᠠ ᠶᠢᠨ 15 ᠤ ᠡᠳᠦᠷ      ᠳᠠᠭᠠᠯᠳᠤᠭᠤᠯᠤᠯ᠄      1 . ᠬᠦᠯᠢᠶᠡᠨ ᠠᠪᠴᠤ ᠰᠢᠢᠳᠪᠦᠷᠢᠯᠡᠬᠦ ᠬᠦᠰᠦᠨᠦᠭᠲᠦ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠡᠷᠬᠡ ᠣᠯᠭᠤᠭᠰᠠᠨ ᠪᠢᠴᠢᠭ . docx      2 . ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠥᠳᠥᠭᠡᠭᠴᠢ ᠶᠢ ᠰᠢᠯᠭᠠᠨ ᠪᠠᠶᠢᠴᠠᠭᠠᠬᠤ ᠤᠷᠪᠠᠯᠵᠢ ᠶᠢ ᠰᠦᠯᠵᠢᠶᠡᠨ ᠳᠤ ᠡᠯᠭᠦᠬᠦ ᠮᠡᠳᠡᠭᠦᠯᠦᠯᠲᠡ ᠶᠢᠨ ᠬᠦᠰᠦᠨᠦᠭᠲᠦ᠃              
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号