︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ  ᠬᠠᠮᠢᠶᠠᠷᠬᠤ ᠭᠠᠷᠲᠠᠨ ᠭᠦᠢᠴᠡᠳᠭᠡᠬᠦ ᠶᠢᠨ ᠬᠡᠷᠡᠭᠵᠢᠭᠦᠯᠬᠦ ᠨᠠᠷᠢᠨ ᠲᠦᠷᠢᠮ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/6/16
     ᠨᠢᠭᠡ᠂ ᠲᠤᠭᠤᠷᠪᠢᠨ ᠪᠢᠴᠢᠭᠰᠡᠨ ᠠᠬᠤᠶ ᠪᠠᠶᠢᠳᠠᠯ ᠪᠠ ᠲᠥᠷᠥ ᠶᠢᠨ ᠪᠣᠳᠣᠯᠭ᠎ᠠ ᠶᠢᠨ ᠦᠨᠳᠦᠰᠦᠯᠡᠯ      ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠶᠢᠨ ᠲᠥᠯᠦᠭᠡ᠂ ᠨᠢᠭᠡᠳᠦᠯᠲᠡᠶ ᠵᠢᠷᠤᠮᠵᠢᠭᠰᠠᠨ ᠳᠠᠭᠠᠳᠬᠠᠯ ᠳᠤ ᠣᠷᠣᠯᠴᠠᠬᠤ ᠬᠠᠮᠢᠶᠠᠷᠬᠤ ᠭᠠᠷᠲᠠᠨ ᠭᠦᠢᠴᠡᠳᠭᠡᠬᠦ ᠶᠢᠨ ᠬᠡᠷᠡᠭᠵᠢᠭᠦᠯᠬᠦ ᠨᠠᠷᠢᠨ ᠳᠦᠷᠢᠮ ᠢ ᠳᠣᠭᠲᠠᠭᠠᠪᠠ᠃ ︽︿ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠬᠠᠮᠢᠶᠠᠷᠬᠤ ᠭᠠᠷᠲᠠᠨ ᠭᠦᠢᠴᠡᠳᠭᠡᠬᠦ ᠲᠦᠷᠢᠮ﹀ ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ  ᠳᠣᠪᠴᠢᠶᠠᠨ ᠤ ᠠᠯᠪᠠᠨ ᠬᠡᠷ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠳᠣᠪᠴᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠡᠮᠴᠢᠯᠡᠭᠡᠨ ᠤ ᠪᠠᠲᠤᠯᠠᠭ᠎ᠠ ᠠᠯᠪᠠᠨ ᠪᠢᠴᠢᠭ ﹇2021﹈ 1 ᠳ᠋ᠦ᠋ᠭᠡᠷ ᠲᠣᠭᠠᠲᠤ︶᠂ ︽︿ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠵᠦ ᠦᠷᠭᠦᠯᠵᠢᠯᠡᠭᠦᠯᠬᠦ ᠶᠢᠨ ᠲᠦᠷ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ  ᠳᠣᠪᠴᠢᠶᠠᠨ ᠤ ᠠᠯᠪᠠᠨ ᠬᠡᠷ  ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠡᠮᠴᠢᠯᠡᠭᠡᠨ ᠤ ᠪᠠᠲᠤᠯᠠᠭ᠎ᠠ ᠠᠯᠪᠠᠨ ᠲᠠᠷᠬᠠᠭᠠᠭᠰᠠᠨ  ﹇2021﹈ 43 ᠳ᠋ᠤᠭᠠᠷ ᠲᠣᠭᠠᠲᠤ︶ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠮᠠᠨ ᠤ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠬᠠᠮᠢᠶᠠᠷᠬᠤ ᠭᠠᠷᠲᠠᠨ ᠭᠦᠢᠴᠡᠳᠭᠡᠬᠦ ᠶᠢᠨ ᠬᠡᠷᠡᠭᠵᠢᠭᠦᠯᠬᠦ ᠨᠠᠷᠢᠨ ᠲᠦᠷᠢᠮ︾ ︵ᠳᠣᠷᠣᠭᠰᠢ ︽ᠬᠡᠷᠡᠭᠵᠢᠭᠦᠯᠬᠦ ᠨᠠᠷᠢᠨ ᠳᠦᠷᠢᠮ︾ ᠭᠡᠵᠦ ᠲᠣᠪᠴᠢᠯᠠᠨ᠎ᠠ︶ ᠢ ᠲᠤᠭᠤᠷᠪᠢᠪᠠ᠃      ᠬᠤᠶᠠᠷ᠂ ᠭᠤᠣᠯ ᠠᠭᠤᠯᠭ᠎ᠠ ᠪᠠ ᠣᠨᠴᠠᠯᠢᠭ      ︽ᠬᠡᠷᠡᠭᠵᠢᠭᠦᠯᠬᠦ ᠨᠠᠷᠢᠨ ᠲᠦᠷᠢᠮ︾ ᠳᠤ ᠲᠠᠪᠤᠨ ᠵᠦᠢᠯ ᠤᠨ ᠭᠤᠤᠯ ᠠᠵᠢᠯ ᠤᠨ ᠠᠭᠤᠯᠭ᠎ᠠ ᠶᠢ ᠳᠤᠷᠠᠳᠪᠠ᠄ ᠲᠣᠰ ᠲᠣᠰ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠬᠠᠷᠠᠯᠲᠠ ᠶᠢ ᠵᠦᠶ ᠵᠣᠬᠢᠰᠲᠠᠶ ᠳᠣᠭᠲᠠᠭᠠᠬᠤ᠂ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠲᠥᠷᠥ ᠶᠢᠨ ᠪᠣᠳᠣᠯᠭ᠎ᠠ ᠶᠢ  ᠨᠠᠶᠢᠳᠠᠪᠤᠷᠢᠵᠢᠭᠤᠯᠬᠤ᠂ ᠲᠦᠷᠢᠮ ᠠᠯᠤᠰᠯᠠᠨ ᠳᠠᠭᠠᠳᠬᠠᠯ ᠳᠤ ᠣᠷᠣᠯᠴᠠᠬᠤ ᠬᠠᠷᠠᠭᠠᠯᠵᠠᠯ ᠢ ᠰᠠᠶᠢᠳᠤᠷ ᠵᠣᠯᠭᠠᠭᠤᠯᠬᠤ᠂ ᠳᠠᠬᠢᠨ ᠳᠠᠪᠲᠠᠨ ᠳᠠᠭᠠᠳᠬᠠᠯ ᠳᠤ ᠣᠷᠣᠯᠴᠠᠬᠤ ᠶᠢ ᠡᠮᠬᠢ ᠵᠢᠷᠤᠮ ᠲᠠᠢ ᠢᠯᠭᠠᠷᠠᠭᠤᠯᠬᠤ᠂ ᠬᠤᠪᠢ ᠬᠥᠮᠦᠨ ᠤ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠪᠣᠯᠤᠨ᠎ᠠ᠃      ᠤᠯᠤᠰ ᠤᠨ ᠪᠢᠴᠢᠭ ᠮᠠᠲ᠋ᠧᠷᠢᠶᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ︽ᠬᠡᠷᠡᠭᠵᠢᠭᠦᠯᠬᠦ ᠨᠠᠷᠢᠨ ᠲᠦᠷᠢᠮ︾ ᠳᠤ ᠭᠤᠤᠯᠳᠠᠯᠭ᠎ᠠ ᠲᠠᠢ ᠬᠥᠮᠦᠰ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠣᠳᠣᠷᠬᠠᠶ ᠲᠣᠭᠲᠠᠭᠠᠪᠠ᠃ ᠡᠭᠦᠨ ᠳᠤ ᠳᠠᠭᠠᠳᠬᠠᠯ ᠳᠤ ᠣᠷᠣᠯᠴᠠᠬᠤ ᠨᠥᠬᠦᠴᠡᠯ ᠳᠤ ᠨᠡᠶᠢᠴᠡᠭᠰᠡᠨ ᠬᠦᠴᠢᠷᠳᠡᠯᠲᠡᠶ ᠬᠥᠮᠦᠰ᠂ ᠰᠣᠷᠣᠭᠴᠢ᠂ ᠨᠢᠯᠬ᠎ᠠ ᠬᠡᠦᠬᠡᠳ᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ ᠣᠬᠤᠷᠬᠠᠨ ᠬᠤᠭᠤᠴᠠᠭᠠᠨ ᠤ ᠤᠯᠠᠷᠢᠯ ᠤᠨ ᠴᠢᠨᠠᠷᠲᠠᠶ ᠠᠵᠢᠯ ᠬᠢᠵᠦ ᠪᠠᠶᠢᠭ᠎ᠠ ᠬᠥᠮᠦᠰ ᠵᠢᠴᠢ ᠠᠮᠢᠳᠤᠯᠢᠭ ᠢᠶᠠᠷ ᠠᠵᠢᠯ ᠣᠯᠤᠭᠰᠠᠳ᠂ ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠲᠠᠷᠢᠶᠠᠴᠢᠳ᠂ ᠡᠷᠡᠭᠦᠦ ᠶᠢᠨ ᠰᠢᠢᠳᠭᠡᠯ ᠭᠦᠢᠴᠡᠳᠭᠡᠵᠦ ᠪᠠᠶᠢᠭ᠎ᠠ ᠬᠥᠮᠦᠰ ᠵᠡᠷᠭᠡ ᠶᠢ ᠪᠠᠭᠲᠠᠭᠠᠨ᠎ᠠ᠃      ᠨᠢᠭᠡ ᠳᠤ᠂ ᠤᠯᠤᠰ ᠠᠴᠠ ᠡᠷᠡᠭᠦᠦ ᠶᠢᠨ ᠰᠢᠢᠳᠭᠡᠯ ᠭᠦᠢᠴᠡᠳᠬᠡᠵᠦ ᠪᠠᠶᠢᠭ᠎ᠠ ᠬᠥᠮᠦᠰ ᠡᠷᠡᠭᠦᠦ ᠶᠢᠨ ᠰᠢᠢᠳᠭᠡᠯ ᠭᠦᠢᠴᠡᠳᠬᠡᠵᠦ ᠪᠠᠶᠢᠭ᠎ᠠ ᠬᠤᠭᠤᠴᠠᠭᠠᠨ ᠳᠤ ᠪᠤᠶᠤ ᠡᠷᠡᠭᠦᠦ ᠶᠢᠨ ᠰᠢᠢᠳᠭᠡᠯ ᠭᠦᠢᠴᠡᠳᠬᠡᠭᠰᠡᠨ ᠤ ᠲᠠᠷᠠᠭ᠎ᠠ ᠡᠮᠴᠢᠯᠡᠭᠡ ᠶᠢᠨ ᠦᠨᠳᠦᠰᠦᠨ ᠳᠠᠭᠠᠳᠬᠠᠯ ᠳᠤ ᠶᠠᠭᠠᠬᠢᠵᠤ ᠣᠷᠣᠯᠴᠠᠬᠤ ᠲᠤᠬᠠᠢ ᠲᠣᠭᠲᠠᠭᠠᠭᠰᠠᠨ ᠦᠭᠡᠢ᠃ ᠲᠤᠰ ᠬᠡᠷᠡᠭᠵᠢᠭᠦᠯᠬᠦ ᠨᠠᠷᠢᠨ ᠲᠦᠷᠢᠮ ᠳᠤ ᠡᠷᠡᠭᠦᠦ ᠶᠢᠨ ᠰᠢᠢᠳᠭᠡᠯ ᠭᠦᠢᠴᠡᠳᠬᠡᠵᠦ ᠪᠠᠶᠢᠭ᠎ᠠ ᠬᠥᠮᠦᠰ ᠡᠷᠡᠭᠦᠦ ᠶᠢᠨ ᠬᠤᠭᠤᠴᠠᠭ᠎ᠠ ᠨᠢ ᠳᠦᠭᠦᠷᠴᠦ ᠰᠤᠯᠠᠯᠠᠭᠳᠠᠭᠰᠠᠨ ᠤ ᠲᠠᠷᠠᠭ᠎ᠠ ᠠᠵᠢᠯ ᠠᠴᠠ ᠪᠠᠨ ᠪᠠᠭᠤᠵᠤ ᠠᠮᠠᠷᠠᠬᠤ ᠨᠠᠰᠤᠨ ᠳᠤ ᠬᠦᠷᠦᠭᠡᠳᠦᠢ ᠪᠣᠯ ᠠᠵᠢᠯᠳᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠪᠤᠶᠤ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠵᠤ ᠪᠣᠯᠤᠨ᠎ᠠ᠃ ᠡᠭᠦᠨ ᠳᠤ ᠠᠵᠢᠯᠳᠠᠨ ᠠᠵᠢᠯᠴᠢᠨ ᠤ ᠡᠮᠴᠢᠯᠡᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠶᠢ ᠨᠡᠶᠢᠯᠡᠭᠦᠯᠦᠨ ᠪᠤᠳᠤᠨ᠎ᠠ᠂ ᠡᠷᠡᠭᠦᠦ ᠶᠢᠨ ᠰᠢᠢᠳᠭᠡᠯ ᠭᠦᠢᠴᠡᠳᠭᠡᠵᠦ ᠪᠠᠶᠢᠭ᠎ᠠ ᠬᠤᠭᠤᠴᠠᠭᠠᠨ ᠳᠠᠬᠢ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠢ ᠨᠥᠬᠦᠪᠥᠷᠢᠯᠡᠨ ᠲᠤᠰᠢᠶᠠᠵᠤ ᠪᠣᠯᠬᠤ ᠦᠭᠡᠢ︔ ᠡᠷᠡᠭᠦᠦ ᠶᠢᠨ ᠰᠢᠢᠳᠭᠡᠯ ᠭᠦᠢᠴᠡᠳᠬᠡᠬᠦ ᠠᠴᠠ ᠡᠮᠦᠨ᠎ᠡ ᠨᠢᠭᠡᠨᠲᠡ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠡᠷᠡᠭᠦᠦ ᠶᠢᠨ ᠰᠢᠢᠳᠭᠡᠯ ᠤᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠤ ᠳᠠᠷᠠᠭ᠎ᠠ ᠡᠮᠴᠢᠯᠡᠭᠡ ᠶᠢᠨ ᠦᠨᠳᠦᠰᠦᠨ ᠳᠠᠭᠠᠳᠬᠠᠯ ᠤᠨ ᠬᠠᠷᠠᠭᠠᠯᠵᠠᠯ ᠢ ᠨᠢ ᠰᠡᠷᠭᠦᠭᠡᠨ᠎ᠡ᠃      ᠬᠤᠶᠠᠷ ᠲᠤ᠂ ᠰᠠᠶ᠋ᠢ ᠲᠥᠷᠥᠭᠰᠡᠨ ᠬᠡᠦᠬᠡᠳ ᠳᠠᠭᠠᠳᠬᠠᠯ ᠳᠤ ᠣᠷᠣᠯᠴᠠᠵᠤ ᠳᠠᠩᠰᠠᠯᠠᠬᠤ ᠶᠢ ᠵᠢᠷᠤᠮᠵᠢᠭᠤᠯᠵᠤ᠂ ᠰᠠᠶ᠋ᠢ ᠲᠥᠷᠥᠭᠰᠡᠨ ᠬᠡᠦᠬᠡᠳ ᠤᠨ ᠦᠨᠡᠨ ᠨᠡᠷ᠎ᠡ ᠪᠠ ᠪᠡᠶ᠎ᠡ ᠶᠢᠨ ᠭᠡᠷᠡᠴᠢ ᠶᠢ ᠬᠡᠷᠡᠭᠯᠡᠬᠦ ᠶᠢ ᠱᠠᠭᠠᠷᠳᠠᠵᠤ᠂ ᠵᠠᠷᠴᠢᠮ ᠳᠡᠭᠡᠷ᠎ᠡ ᠪᠠᠨ 90 ᠡᠳᠦᠷ ᠤᠨ ᠳᠣᠲᠣᠷ᠎ᠠ ᠰᠠᠶ᠋ᠢ ᠲᠥᠷᠥᠭᠰᠡᠨ ᠬᠡᠦᠬᠡᠳ ᠤᠨ ᠬᠢᠨᠠᠨ ᠬᠠᠮᠠᠭᠠᠯᠠᠭᠴᠢ ᠠᠴᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠳᠠᠭᠠᠳᠬᠠᠯ ᠳᠤ ᠣᠷᠣᠯᠴᠠᠬᠤ ᠪᠠᠷ ᠳᠠᠩᠰᠠᠯᠠᠭᠤᠯᠵᠤ᠂ ᠲᠥᠷᠥᠭᠰᠡᠨ ᠡᠳᠦᠷ ᠠᠴᠠ ᠡᠬᠢᠯᠡᠨ ᠡᠭᠦᠰᠦᠭᠰᠡᠨ ᠡᠮ ᠡᠮᠨᠡᠯᠭᠡ ᠶᠢᠨ ᠵᠠᠷᠤᠳᠠᠯ ᠢ ᠴᠥᠮ ᠡᠮᠴᠢᠯᠡᠭᠡ ᠶᠢᠨ ᠳᠠᠭᠠᠳᠬᠠᠯ ᠤᠨ ᠲᠠᠩᠰᠠ ᠴᠠᠶᠢᠷᠠᠭᠤᠯᠬᠤ ᠬᠡᠪᠴᠢᠶᠡᠨ ᠳᠤ ᠣᠷᠣᠭᠤᠯᠵᠤ ᠪᠣᠯᠤᠨ᠎ᠠ᠃ ᠡᠷᠦᠬᠡ ᠠᠮᠠ ᠶᠢᠨ ᠲᠠᠩᠰᠠ ᠳᠠᠩᠰᠠᠯᠠᠭᠤᠯᠬᠤ ᠠᠴᠠ ᠡᠮᠦᠨ᠎ᠡ ᠥᠭᠦᠭᠰᠡᠨ ᠨᠢᠯᠬ᠎ᠠ ᠬᠡᠦᠬᠡᠳ ᠢ ᠲᠥᠷᠥᠭᠰᠡᠨ ᠡᠳᠦᠷ ᠠᠴᠠ ᠨᠢ ᠡᠬᠢᠯᠡᠨ 90 ᠡᠳᠦᠷ ᠤᠨ ᠳᠣᠲᠣᠷ᠎ᠠ ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ ᠨᠢ ᠨᠢᠯᠬ᠎ᠠ ᠬᠡᠦᠬᠡᠳ ᠤᠨ  ︽ᠥᠭᠦᠭᠰᠡᠨ ᠭᠡᠷᠡᠴᠢ︾ ᠪᠠᠷ ︽ᠡᠴᠢᠭᠡ ᠪᠤᠶᠤ ᠡᠬᠡ ᠶᠢᠨ ᠬᠢᠨᠢ ᠣᠪᠣᠭ ᠨᠡᠷ᠎ᠡ + XSE︾ ᠪᠠᠷ ᠣᠪᠣᠭ ᠨᠡᠷ᠎ᠡ ᠪᠣᠯᠭᠠᠵᠤ᠂ ︽ᠪᠤᠰᠤᠳ ᠭᠡᠷᠡᠴᠢ ᠦᠨᠡᠮᠯᠡᠯ ᠤᠨ ᠲᠥᠷᠥᠯ ᠬᠡᠯᠪᠡᠷᠢ︾ ᠶᠢ ᠰᠣᠩᠭᠤᠵᠤ ᠡᠴᠢᠭᠡ ᠪᠤᠶᠤ ᠡᠬᠡ ᠶᠢᠨ ᠪᠡᠶ᠎ᠡ ᠶᠢᠨ ᠦᠨᠡᠮᠯᠡᠯ ᠤᠨ ᠨᠣᠮᠧᠷ ᠢᠶᠠᠷ ᠳᠠᠭᠠᠳᠬᠠᠯ ᠳᠤ ᠣᠷᠣᠯᠴᠠᠭᠤᠯᠤᠨ ᠳᠠᠩᠰᠠᠯᠠᠭᠤᠯᠵᠤ ᠪᠣᠯᠤᠨ᠎ᠠ᠃ ᠲᠥᠷᠥᠭᠰᠡᠨ ᠲᠤᠬᠠᠶ ᠶᠢᠨ ᠵᠢᠯ ᠤᠨ ᠡᠮᠴᠢᠯᠡᠭᠡ ᠶᠢᠨ ᠳᠠᠭᠠᠳᠬᠠᠯ ᠤᠨ ᠰᠦᠢᠳᠭᠡᠯ ᠢ ᠲᠣᠭᠲᠠᠭᠠᠯ ᠶᠣᠰᠣᠭᠠᠷ ᠲᠤᠰᠢᠶᠠᠭᠰᠠᠨ ᠤ ᠳᠠᠷᠠᠭ᠎ᠠ ᠲᠥᠷᠥᠭᠰᠡᠨ ᠡᠳᠦᠷ ᠠᠴᠠ ᠪᠠᠨ ᠡᠬᠢᠯᠡᠨ ᠡᠭᠦᠰᠦᠭᠰᠡᠨ ᠡᠮᠴᠢᠯᠡᠭᠡᠨ ᠤ ᠵᠠᠷᠤᠳᠠᠯ ᠢ ᠨᠢᠭᠡᠳᠦᠯᠲᠡᠶ ᠲᠥᠯᠦᠪᠯᠡᠭᠰᠡᠨ ᠣᠷᠣᠨ ᠤ ᠡᠮᠴᠢᠯᠡᠭᠡ ᠶᠢᠨ ᠳᠠᠭᠠᠳᠬᠠᠯ ᠤᠨ ᠲᠠᠩᠰᠠ ᠴᠠᠶᠢᠷᠠᠭᠤᠯᠬᠤ ᠳᠤ ᠣᠷᠣᠭᠤᠯᠤᠨ᠎ᠠ᠃ ᠲᠠᠩᠰᠠ ᠴᠠᠶᠢᠷᠠᠭᠤᠯᠬᠤ ᠶᠢ ᠭᠦᠢᠴᠡᠳᠬᠡᠵᠦ ᠳᠠᠭᠤᠰᠤᠭᠰᠠᠨ ᠤ ᠳᠠᠷᠠᠭ᠎ᠠ ᠲᠡᠭᠦᠨ ᠳᠤ ᠳᠠᠭᠠᠳᠬᠠᠯ ᠳᠤ ᠣᠷᠣᠯᠴᠠᠬᠤ ᠪᠠᠨ ᠵᠣᠭᠰᠣᠭᠠᠬᠤ ᠭᠠᠷᠳᠠᠮ ᠢ  ᠳᠠᠷᠤᠢ ᠳᠤ  ᠨᠢ ᠭᠦᠢᠴᠡᠳᠬᠡᠵᠦ ᠥᠭᠬᠦ ᠬᠡᠷᠡᠭᠲᠡᠶ᠃      ᠭᠤᠷᠪᠠ ᠳᠤ᠂ ᠣᠬᠤᠷᠬᠠᠨ ᠬᠤᠭᠤᠴᠠᠭᠠᠨ ᠤ ᠤᠯᠠᠷᠢᠯ ᠤᠨ ᠴᠢᠨᠠᠷᠲᠠᠶ ᠠᠵᠢᠯ ᠬᠢᠵᠦ ᠪᠠᠶᠢᠭ᠎ᠠ ᠬᠥᠮᠦᠰ ᠵᠢᠴᠢ ᠠᠮᠢᠳᠤᠯᠢᠭ ᠢᠶᠠᠷ ᠠᠵᠢᠯ ᠣᠯᠤᠭᠰᠠᠳ ᠳᠠᠭᠠᠳᠬᠠᠯ ᠳᠤ ᠣᠷᠣᠯᠴᠠᠭᠰᠠᠨ ᠬᠠᠷᠢᠴᠠᠭ᠎ᠠ ᠪᠠᠨ ᠪᠠᠶᠢᠨ ᠳᠠᠬᠢᠨ ᠬᠤᠪᠢᠷᠠᠭᠤᠯᠵᠤ ᠪᠠᠶᠢᠬᠤ ᠶᠢ ᠪᠣᠳᠣᠯᠬᠢᠯᠠᠵᠤ᠂ ᠬᠠᠷᠠᠭᠠᠯᠵᠠᠯ ᠢ ᠪᠦᠲᠦᠮᠵᠢᠲᠡᠶ ᠵᠣᠯᠭᠠᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ︽ᠬᠡᠷᠡᠭᠵᠢᠭᠦᠯᠬᠦ ᠨᠠᠷᠢᠨ ᠲᠦᠷᠢᠮ︾ ᠳᠤ ᠰᠢᠨ᠎ᠡ ᠪᠠᠷ ᠳᠠᠭᠠᠳᠬᠠᠯ ᠳᠤ ᠣᠷᠣᠯᠴᠠᠬᠤ ᠬᠠᠷᠢᠴᠠᠭ᠎ᠠ ᠶᠢ ᠡᠳ᠋ᠯᠡᠭᠦᠯᠵᠦ᠂ ᠤᠤᠯ ᠤᠨ ᠳᠠᠭᠠᠳᠬᠠᠯ ᠳᠤ ᠣᠷᠣᠯᠴᠠᠬᠤ ᠬᠠᠷᠢᠴᠠᠭ᠎ᠠ ᠶᠢ ᠰᠢᠢᠳᠪᠦᠷᠢᠯᠡᠬᠦ ᠠᠷᠭ᠎ᠠ ᠶᠢ ᠲᠦᠷ ᠵᠣᠭᠰᠣᠭᠠᠵᠤ᠂ ᠵᠦᠶ ᠵᠣᠬᠢᠰᠲᠠᠶ ᠬᠠᠷᠠᠭᠠᠯᠵᠠᠯ ᠤᠨ ᠬᠡᠷᠡᠭᠴᠡᠭᠡ ᠶᠢ ᠪᠠᠲᠤᠯᠠᠨ᠎ᠠ ᠭᠡᠵᠦ ᠳᠤᠷᠠᠳᠤᠨ ᠭᠠᠷᠭᠠᠪᠠ᠃                    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号