︽ᠡᠮᠴᠢᠯᠡᠭᠡᠨ ᠤ ᠪᠠᠲᠤᠯᠠᠭ᠎ᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/6/17
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠡᠮᠴᠢᠯᠡᠭᠡᠨ ᠤ ᠪᠠᠲᠤᠯᠠᠭ᠎ᠠ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠳᠤᠤᠷᠠᠬᠢ ᠮᠡᠲᠦ ᠲᠠᠶᠢᠯᠤᠮᠵᠢ ᠬᠢᠪᠠ᠃      ᠨᠢᠭᠡ᠂ ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠭᠰᠡᠨ ᠠᠬᠤᠶ ᠪᠠᠶᠢᠳᠠᠯ      ᠡᠮᠴᠢᠯᠡᠭᠡᠨ ᠤ ᠪᠠᠲᠤᠯᠠᠭ᠎ᠠ ᠪᠣᠯ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠲᠦᠷᠢᠮ ᠤᠨ ᠲᠤᠬᠢᠷᠠᠭᠤᠯᠤᠯᠳᠠ ᠪᠠᠶᠢᠵᠤ᠂ ᠡᠮᠴᠢᠯᠡᠭᠡᠨ ᠤ ᠡᠬᠢ ᠪᠠᠶᠠᠯᠢᠭ ᠢ ᠵᠣᠬᠢᠰᠲᠠᠢ ᠲᠤᠬᠢᠷᠠᠭᠤᠯᠬᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠦ ᠪᠠᠶᠢᠨ᠎ᠠ᠃ ᠡᠮᠴᠢᠯᠡᠭᠡᠨ ᠤ ᠪᠠᠲᠤᠯᠠᠭ᠎ᠠ ᠶᠢᠨ ᠡᠭᠦᠷᠭᠡ ᠴᠢᠳᠠᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠲᠠᠳ ᠡᠮ ᠡᠮᠨᠡᠯᠭᠡ ᠶᠢᠨ ᠡᠮᠴᠢᠯᠡᠭᠡᠨ ᠤ ᠪᠠᠲᠤᠯᠠᠭ᠎ᠠ ᠳᠠᠬᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠡᠮᠴᠢᠯᠡᠭᠡ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠵᠠᠶᠢᠯᠠᠰᠢ ᠥᠬᠡᠶ ᠱᠠᠭᠠᠷᠳᠠᠯᠭ᠎ᠠ ᠪᠣᠯᠤᠨ᠎ᠠ᠃ ︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠲᠤᠬᠠᠶ ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ︽ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠪᠡ᠃      ᠬᠤᠶᠠᠷ᠂ ︽ᠠᠷᠭ᠎ᠠ ᠬᠡᠮᠵᠢᠶ᠎ᠡ ᠨᠦᠭᠦᠳ︾ ᠤᠨ ᠭᠤᠤᠯ ᠠᠭᠤᠯᠭ᠎ᠠ      ︽ᠠᠷᠭ᠎ᠠ ᠬᠡᠮᠵᠢᠶ᠎ᠡ ᠨᠦᠭᠦᠳ︾ ᠨᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠳᠡᠮᠵᠢᠬᠦ ᠲᠠᠯ᠎ᠠ ᠪᠠᠷ᠂ ᠭᠤᠤᠯᠳᠠᠭᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠳᠣᠭᠲᠠᠯᠴᠠᠭᠠᠨ ᠤ ᠪᠠᠶᠢᠭᠤᠯᠤᠯᠲᠠ ᠶᠢ ᠳᠡᠮᠵᠢᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢ ᠳᠡᠮᠵᠢᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠳᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭ ᠲᠤ ᠳᠣᠭᠢᠷᠠᠭᠰᠠᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠡᠭᠦᠨ ᠤ ᠬᠠᠮᠲᠤ᠂ ᠰᠠᠭᠤᠷᠢ ᠮᠥᠩᠭᠦ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠢᠴᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠃       ᠭᠤᠷᠪᠠ᠂ ᠦᠢᠯᠡᠴᠢᠯᠡᠭᠡᠨ ᠤ  ᠳᠣᠭᠲᠠᠯᠴᠠᠭᠠᠨ ᠤ ᠪᠠᠶᠢᠭᠤᠯᠤᠯᠲᠠ ᠶᠢ ᠳᠡᠮᠵᠢᠬᠦ ᠲᠠᠯ᠎ᠠ ᠪᠠᠷ      ᠨᠢᠭᠡ ᠳᠤ᠂ ᠨᠥᠬᠦᠴᠡᠯ ᠳᠤ ᠨᠡᠶᠢᠴᠡᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ︵ᠮᠣᠩᠭᠤᠯ ᠡᠮ︶ ᠢ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠵᠡᠷᠭᠡ ᠶᠢ ᠡᠮᠴᠢᠯᠡᠭᠡᠨ ᠤ ᠪᠠᠲᠤᠯᠠᠭ᠎ᠠ ᠶᠢᠨ ᠴᠡᠭ ᠳᠣᠭᠲᠠᠭᠠᠭᠰᠠᠨ ᠬᠡᠯᠡᠯᠴᠡᠭᠡᠷ ᠤᠨ ᠬᠠᠮᠢᠶᠠᠷᠤᠯᠲᠠ ᠳᠤ ᠴᠠᠭ ᠲᠤᠬᠠᠶ ᠳᠤ ᠨᠢ ᠣᠷᠣᠭᠤᠯᠤᠨ᠎ᠠ︔ ᠬᠤᠶᠠᠷ ᠲᠤ᠂ ᠨᠥᠬᠦᠴᠡᠯ ᠳᠤ ᠨᠡᠶᠢᠴᠡᠭᠰᠡᠨ ᠴᠡᠭ ᠳᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢ ᠳᠠᠷᠤᠢ ᠳᠤ ᠨᠢ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ ᠪᠤᠳᠤᠬᠤ ᠴᠡᠭ ᠳᠣᠭᠲᠠᠭᠠᠭᠰᠠᠨ ᠬᠡᠪᠴᠢᠶᠡᠨ ᠳᠤ ᠣᠷᠣᠭᠤᠯᠤᠨ᠎ᠠ︔ ᠭᠤᠷᠪᠠ ᠳᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠵᠦᠪᠰᠢᠶᠡᠷᠡᠭᠦᠯᠵᠦ ᠢᠨᠲ᠋ᠧᠷ ᠰᠦᠯᠵᠢᠶ᠎ᠡ ᠪᠠᠷ ᠣᠨᠣᠰᠢᠯᠠᠨ ᠡᠮᠨᠡᠬᠦ ᠦᠢᠯᠡᠴᠢᠯᠡᠭᠡ ᠥᠷᠨᠢᠭᠦᠯᠵᠦ ᠪᠠᠶᠢᠭ᠎ᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢ ︽ᠢᠨᠲ᠋ᠧᠷ ᠰᠦᠯᠵᠢᠶ᠎ᠡ +︾ ᠶᠢᠨ ᠡᠮᠴᠢᠯᠡᠭᠡᠨ ᠤ ᠦᠢᠯᠡᠴᠢᠯᠡᠭᠡ ᠶᠢᠨ ᠴᠡᠭ ᠳᠣᠭᠲᠠᠭᠠᠭᠰᠠᠨ ᠬᠡᠪᠴᠢᠶᠡᠨ ᠳᠤ ᠳᠠᠷᠤᠢ ᠳᠤ ᠨᠢ ᠣᠷᠣᠭᠤᠯᠵᠤ᠂ ᠰᠦᠯᠵᠢᠶᠡᠨ ᠳᠤ ᠪᠠ ᠰᠦᠯᠵᠢᠶᠡᠨ ᠠᠴᠠ ᠭᠠᠳᠠᠭᠤᠷ ᠡᠷᠬᠡ ᠲᠡᠭᠰᠢ ᠪᠠᠷ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃      ᠳᠥᠷᠪᠡ᠂ ᠦᠢᠯᠡᠴᠢᠯᠡᠭᠡᠨ ᠤ ᠠᠭᠤᠯᠤᠭᠳᠠᠬᠤᠨ ᠤ ᠬᠥᠭᠵᠢᠯᠲᠡ ᠶᠢᠨ ᠲᠠᠯ᠎ᠠ ᠪᠠᠷ      ᠨᠢᠭᠡ ᠳᠤ᠂ ᠤᠯᠤᠰ ᠠᠴᠠ ᠲᠣᠭᠲᠠᠭᠠᠭᠰᠠᠨ ᠳᠣᠭᠢᠷᠠᠭᠤᠯᠬᠤ ᠡᠷᠬᠡ ᠮᠡᠳᠡᠯ ᠪᠠ ᠲᠠᠰ ᠳᠠᠷᠠᠭᠠᠯᠠᠯ ᠶᠣᠰᠣᠭᠠᠷ᠂ ᠨᠥᠬᠦᠴᠡᠯ ᠳᠤ ᠨᠡᠶᠢᠴᠡᠭᠰᠡᠨ ᠮᠣᠩᠭᠤᠯ ᠪᠡᠯᠡᠨ ᠡᠮ᠂ ᠡᠮᠴᠢᠯᠡᠭᠡᠨ ᠤ ᠪᠠᠶᠢᠭᠤᠯᠤᠮᠵᠢ ᠶᠢᠨ ᠨᠠᠶᠢᠷᠠᠯᠭ᠎ᠠ᠂ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ  ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ  ᠵᠦᠪᠰᠢᠶᠡᠷᠡᠭᠦᠯᠵᠦ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣ ᠪᠠᠨ ᠲᠣᠬᠢᠷᠠᠭᠤᠯᠤᠨ ᠬᠡᠷᠡᠭᠯᠡᠭᠰᠡᠨ ᠬᠢᠲᠠᠳ ᠡᠮ ︵ᠮᠣᠩᠭᠤᠯ ᠡᠮ︶ ᠤᠨ ᠡᠮᠨᠡᠯᠭᠡ ᠶᠢᠨ ᠬᠤᠷᠢᠶ᠎ᠠ ᠶᠢᠨ ᠨᠠᠶᠢᠷᠠᠭᠤᠯᠤᠭᠰᠠᠨ ᠡᠮ ᠢ ᠨᠢᠭᠲᠠᠷᠬᠠᠰᠠᠨ ᠬᠡᠯᠪᠡᠷᠢᠲᠦ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠣᠲᠣᠭᠠᠳᠤ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣ ᠪᠠᠨ ᠲᠣᠬᠢᠷᠠᠭᠤᠯᠤᠨ ᠬᠡᠷᠡᠭᠯᠡᠬᠦ ᠶᠢᠨ ᠬᠠᠮᠲᠤ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ ᠬᠤᠶᠠᠷ ᠲᠤ᠂ ᠡᠮᠴᠢᠯᠡᠭᠡᠨ ᠤ ᠲᠤᠰᠠ ᠨᠢ ᠣᠨᠣᠪᠴᠢᠲᠠᠶ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠣᠨᠴᠠᠯᠢᠭᠲᠤ ᠳᠠᠪᠠᠭᠤᠯᠢᠭ ᠢ ᠢᠯᠡᠷᠡᠭᠦᠯᠦᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠲᠣᠬᠢᠷᠠᠬᠤ ᠮᠡᠷᠭᠡᠵᠢᠯ ᠢ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠭᠤᠷᠪᠠ ᠳᠤ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠵᠠᠰᠠᠬᠤ ᠶᠠᠪᠤᠴᠠ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠢᠳᠡᠪᠬᠢ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠣᠨᠣᠰᠢᠯᠠᠨ ᠡᠮᠨᠡᠬᠦ ᠵᠢᠷᠤᠮᠵᠢᠯ ᠳᠤ ᠨᠡᠶᠢᠴᠡᠭᠰᠡᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠵᠠᠷᠤᠳᠠᠯ ᠢ ᠲᠣᠭᠲᠠᠭᠠᠯ ᠶᠣᠰᠣᠭᠠᠷ ᠲᠦᠷ ᠴᠠᠭ  ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ ᠪᠣᠯᠤᠨ᠎ᠠ᠃      ᠲᠠᠪᠤ᠂ ᠦᠢᠯᠡᠴᠢᠯᠡᠭᠡᠨ ᠤ ᠦᠨ᠎ᠡ ᠬᠠᠩᠰᠢ ᠶᠢᠨ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ      ᠨᠢᠭᠡ ᠳᠤ᠂ ᠬᠠᠷᠠᠯᠲᠠ ᠪᠠᠷ ᠤᠳᠤᠷᠢᠳᠤᠮᠵᠢ ᠪᠣᠯᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠦᠨ᠎ᠡ ᠬᠠᠩᠰᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠨ᠎ᠡ ᠬᠠᠩᠰᠢ ᠶᠢᠨ ᠲᠥᠷᠥᠯ ᠵᠦᠢᠯ ᠢ ᠪᠠᠶᠠᠯᠢᠭᠵᠢᠭᠤᠯᠤᠨ᠎ᠠ᠃ ᠡᠷᠲᠡᠨ ᠤ ᠰᠣᠩᠭᠤᠳᠠᠭ ᠪᠦᠲᠦᠭᠡᠯ ᠠᠴᠠ ᠢᠷᠡᠯᠲᠡ ᠲᠠᠢ᠂ ᠣᠳᠣ ᠪᠣᠯᠲᠠᠯ᠎ᠠ ᠮᠥᠨ ᠬᠦ ᠥᠷᠭᠡᠨ ᠢᠶᠠᠷ ᠬᠡᠷᠡᠭᠯᠡᠭᠳᠡᠭᠰᠡᠭᠡᠷ ᠪᠠᠶᠢᠭ᠎ᠠ᠂ ᠡᠮᠴᠢᠯᠡᠭᠡᠨ ᠤ ᠲᠤᠰᠠ ᠪᠠᠷ ᠣᠨᠣᠪᠴᠢᠲᠠᠶ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠤᠯᠠᠮᠵᠢᠯᠠᠯᠲᠤ ᠮᠡᠷᠭᠡᠵᠢᠯ ᠵᠢᠴᠢ ᠰᠢᠨ᠎ᠡ ᠶᠢ ᠡᠭᠦᠳᠬᠦ ᠴᠢᠨᠠᠷᠲᠠᠶ᠂ ᠠᠵᠤ ᠠᠬᠤᠶ ᠶᠢᠨ ᠴᠢᠨᠠᠷᠲᠠᠶ ᠳᠠᠪᠠᠭᠤᠯᠢᠭ ᠲᠣᠪᠤᠶᠢᠮ᠎ᠠ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠰᠢᠨ᠎ᠡ ᠮᠡᠷᠭᠡᠵᠢᠯ ᠳᠤ ᠰᠢᠨ᠎ᠡ ᠪᠠᠷ ᠨᠡᠮᠡᠭᠳᠡᠭᠰᠡᠨ ᠦᠨ᠎ᠡ ᠬᠠᠩᠰᠢ ᠶᠢᠨ ᠲᠥᠷᠥᠯ ᠵᠦᠢᠯ ᠢ ᠬᠢᠨᠠᠨ ᠪᠠᠶᠢᠴᠠᠭᠠᠬᠤ ᠳᠡᠰ ᠳᠠᠷᠠᠭᠠᠯᠠᠯ ᠢ ᠳᠥᠭᠦᠮᠴᠢᠯᠡᠵᠦ᠂ ᠰᠠᠭᠠᠳ ᠦᠭᠡᠶ ᠨᠡᠪᠲᠡᠷᠡᠬᠦ ᠵᠠᠮ ᠢ ᠨᠡᠭᠡᠭᠡᠨ᠎ᠡ᠃ ᠬᠤᠶᠠᠷ ᠲᠤ᠂ ᠦᠨ᠎ᠡ ᠬᠠᠩᠰᠢ ᠶᠢ ᠠᠮᠢᠳᠤᠯᠢᠭ ᠪᠥᠭᠡᠳ ᠬᠡᠮᠵᠢᠶ᠎ᠡ ᠲᠠᠢ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠬᠥᠳᠡᠯᠦᠩᠭᠦᠶ ᠲᠣᠬᠢᠷᠠᠭᠤᠯᠬᠤ ᠶᠠᠪᠤᠴᠠ ᠳᠠᠬᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠢ ᠭᠤᠤᠯᠳᠠᠯᠭ᠎ᠠ ᠲᠠᠢ ᠪᠣᠳᠣᠯᠬᠢᠯᠠᠬᠤ ᠬᠡᠷᠡᠭᠲᠡᠶ᠃ ᠭᠤᠷᠪᠠ ᠳᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠡᠮ ᠬᠤᠳᠠᠯᠳᠤᠨ ᠠᠪᠬᠤ ᠲᠠᠪᠴᠠᠩ ᠠᠴᠠ ᠬᠢᠲᠠᠳ ᠡᠮ ︵ᠮᠣᠩᠭᠤᠯ ᠡᠮ︶ ᠤᠨ ᠴᠢᠨᠠᠬᠤ ᠡᠮ ᠢ ᠬᠤᠳᠠᠯᠳᠤᠨ ᠠᠪᠬᠤ ᠳᠤ ᠪᠠᠨ ᠪᠣᠳᠠᠲᠠᠶ ᠬᠤᠳᠠᠯᠳᠤᠨ ᠠᠪᠤᠭᠰᠠᠨ ᠦᠨ᠎ᠡ ᠬᠠᠩᠰᠢ ᠶᠢ ᠴᠢᠩᠭ᠎ᠠ ᠵᠢᠷᠤᠮᠯᠠᠨ 25 % ᠠᠴᠠ ᠬᠡᠲᠦᠷᠡᠭᠦᠯᠵᠦ ᠪᠣᠯᠬᠤ ᠥᠬᠡᠶ᠃ ᠬᠢᠲᠠᠳ ᠪᠡᠯᠡᠨ ᠡᠮ ︵ᠮᠣᠩᠭᠤᠯ ᠪᠡᠯᠡᠨ ᠡᠮ︶ ᠢ ᠪᠣᠳᠠᠲᠠᠶ ᠬᠤᠳᠠᠯᠳᠤᠨ ᠣᠷᠣᠭᠤᠯᠤᠭᠰᠠᠨ ᠦᠨ᠎ᠡ ᠬᠠᠩᠰᠢ ᠶᠢᠨ ︽ᠵᠥᠷᠢᠶ᠎ᠡ ᠥᠬᠡᠶ ᠨᠣᠷᠮ᠎ᠠ︾ ᠶᠢ ᠴᠢᠩᠭ᠎ᠠ ᠵᠢᠷᠤᠮᠯᠠᠨ ᠪᠣᠷᠣᠯᠠᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠨᠣᠮᠣᠬᠠᠳᠬᠠᠬᠤ ᠳᠤ ᠬᠡᠷᠡᠭᠯᠡᠬᠦ ᠬᠢᠲᠠᠳ ᠡᠮ ︵ᠮᠣᠩᠭᠤᠯ ᠡᠮ ︶ ᠤᠨ ᠴᠢᠨᠠᠬᠤ ᠡᠮ᠂ ᠨᠠᠶᠢᠷᠠᠭᠤᠯᠤᠭᠰᠠᠨ ᠬᠢᠲᠠᠳ ᠡᠮ ︵ᠮᠣᠩᠭᠤᠯ ᠡᠮ︶ ᠤᠨ ᠨᠠᠶᠢᠷᠠᠯᠭ᠎ᠠ ᠳᠤ ᠡᠵᠡᠨ ᠮᠡᠳᠡᠨ ᠦᠨ᠎ᠡ ᠲᠣᠭᠲᠠᠭᠠᠬᠤ ᠶᠢ ᠬᠡᠷᠡᠭᠵᠢᠭᠦᠯᠦᠨ᠎ᠡ᠃ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠤᠳᠠᠯᠳᠤᠨ ᠠᠪᠤᠭᠰᠠᠨ ᠬᠢᠲᠠᠳ ᠡᠮ ᠤᠨ ᠨᠠᠶᠢᠷᠠᠯᠭ᠎ᠠ ᠲᠠᠢ ᠮᠥᠬᠦᠯᠢᠭᠲᠦ ᠡᠮ ᠢ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠳᠤ ᠣᠷᠣᠭᠤᠯᠤᠨ ᠰᠦᠯᠵᠢᠶᠡᠨ ᠳᠤ ᠠᠷᠠᠯᠵᠢᠶᠠᠯᠠᠵᠤ᠂ ᠠᠷᠠᠯᠵᠢᠶᠠᠨ ᠤ ᠢᠯᠡ ᠲᠣᠳᠣ ᠪᠠᠶᠢᠬᠤ ᠶᠢ ᠠᠬᠢᠭᠤᠯᠤᠨ᠎ᠠ᠃      ᠵᠢᠷᠭᠤᠭ᠎ᠠ᠂ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ      ᠨᠢᠭᠡ ᠳᠤ᠂ ᠡᠮᠴᠢᠯᠡᠭᠡᠨ ᠤ ᠪᠠᠲᠤᠯᠠᠭ᠎ᠠ ᠶᠢᠨ ᠶᠡᠷᠦᠩᠬᠡᠶ ᠲᠤᠭ᠎ᠠ ᠶᠢᠨ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ ᠲᠦᠷᠦᠭᠦᠯᠡᠨ ᠵᠣᠬᠢᠶᠠᠨ ᠪᠠᠶᠢᠭᠤᠯᠤᠭᠰᠠᠨ ᠨᠢᠭᠲᠠᠷᠠᠭᠰᠠᠨ ᠬᠡᠯᠪᠡᠷᠢᠲᠦ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠳᠤ ᠶᠡᠷᠦᠩᠬᠡᠶ ᠲᠤᠭ᠎ᠠ ᠶᠢᠨ ᠲᠥᠰᠦᠪ ᠤᠨ ᠲᠠᠯ᠎ᠠ ᠪᠠᠷ ᠵᠣᠬᠢᠰᠲᠠᠶ ᠬᠡᠯᠪᠠᠶᠢᠯᠭᠡᠨ᠎ᠡ᠃ ᠬᠤᠶᠠᠷ ᠲᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠵᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠵᠦᠢᠯ ᠢ ᠡᠪᠡᠳᠴᠢᠨ ᠤ ᠵᠦᠢᠯ ᠤᠨ ᠬᠤᠪᠢᠶᠠᠷᠢ ᠥᠷᠲᠡᠭ ︵DIP︶ ᠵᠢᠴᠢ ᠡᠪᠡᠳᠴᠢᠨ ᠡᠮᠭᠡᠭ ᠢ ᠣᠨᠣᠰᠢᠯᠠᠭᠰᠠᠨ ᠬᠠᠮᠢᠶ᠎ᠠ ᠪᠦᠬᠦᠢ ᠳᠤᠭᠤᠶᠢᠯᠠᠩ ︵DRG︶ ᠢᠶᠠᠷ ᠵᠠᠷᠤᠳᠠᠯ ᠲᠤᠰᠢᠶᠠᠬᠤ ᠥᠭᠡᠷᠡᠴᠢᠯᠡᠯᠲᠡ ᠶᠢ ᠰᠦᠪᠡᠭᠴᠢᠯᠡᠨ ᠬᠡᠷᠡᠭᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠤ ᠵᠦᠢᠯ ᠤᠨ ᠢᠯᠡᠳᠬᠡᠮᠵᠢ ᠶᠢ ᠵᠣᠬᠢᠰᠲᠠᠶ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠳᠠᠪᠠᠭᠤᠯᠢᠭ ᠡᠪᠡᠳᠴᠢᠨ ᠤ ᠲᠥᠷᠥᠯ ᠢ ᠰᠢᠯᠢᠨ ᠰᠣᠩᠭᠤᠵᠤ᠂ ᠧᠦ᠋ᠷᠣᠫᠠ ᠡᠮᠨᠡᠯᠭᠡ ᠶᠢᠨ ᠡᠪᠡᠳᠴᠢᠨ ᠤ ᠲᠥᠷᠥᠯ ᠯᠦᠭᠡ ︽ᠠᠳᠠᠯᠢ ᠡᠪᠡᠳᠴᠢᠨ ᠳᠤ ᠠᠳᠠᠯᠢ ᠦᠷ᠎ᠡ ᠪᠦᠲᠦᠮᠵᠢ ᠲᠠᠢ ᠪᠠᠶᠢᠯᠭᠠᠬᠤ︾ ᠶᠢ ᠬᠡᠷᠡᠭᠵᠢᠭᠦᠯᠦᠨ᠎ᠡ᠃ ᠭᠤᠷᠪᠠ ᠳᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ ᠳᠡᠮᠵᠢᠵᠦ᠂ ᠬᠡᠷ ᠪᠦᠯᠢ ᠶᠢᠨ ᠡᠮᠴᠢ ᠶᠢᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠠᠬᠠᠯᠠᠬᠤ ᠡᠮᠴᠢ ᠪᠣᠯᠤᠨ ᠨᠥᠬᠦᠴᠡᠯ ᠲᠠᠢ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠨᠡᠯᠭᠡ ᠶᠢᠨ ᠭᠠᠵᠠᠷ ᠤᠨ ᠪᠦᠯᠬᠦᠮ ᠪᠠᠶᠢᠭᠤᠯᠵᠤ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠭᠰᠠᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃ ᠳᠥᠷᠪᠡ ᠳᠤ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ ᠶᠢᠨ ᠲᠦᠷᠦᠭᠦᠯᠡᠨ ᠵᠣᠬᠢᠶᠠᠨ ᠪᠠᠶᠢᠭᠤᠯᠤᠭᠰᠠᠨ ᠨᠢᠭᠲᠠᠷᠬᠠᠰᠠᠨ ᠬᠡᠯᠪᠡᠷᠢᠲᠦ ᠡᠮᠴᠢᠯᠡᠭᠡᠨ ᠤ ᠬᠤᠯᠪᠣᠭᠠᠲᠤ ᠴᠣᠭᠴᠠ ᠶᠢ ᠪᠠᠶᠢᠭᠤᠯᠬᠤ ᠶᠢ ᠳᠡᠮᠵᠢᠨ᠎ᠡ᠃      ᠳᠣᠯᠤᠭ᠎ᠠ᠂ ᠡᠮᠴᠢᠯᠡᠭᠡᠨ ᠤ  ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠲᠠᠯ᠎ᠠ ᠪᠠᠷ      ᠨᠢᠭᠡ ᠳᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ  ᠲᠡᠭᠦᠯᠳᠡᠷᠵᠢᠭᠦᠯᠵᠦ᠂ ᠴᠡᠭ ᠳᠣᠭᠲᠠᠭᠠᠭᠰᠠᠨ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠮᠴᠢᠯᠡᠭᠡᠨ ᠤ ᠪᠠᠶᠢᠭᠤᠯᠤᠮᠵᠢ᠂ ᠬᠢᠲᠠᠳ ᠡᠮ ︵ᠮᠣᠩᠭᠤᠯ ᠡᠮ︶ ᠢ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠮ ᠡᠮᠨᠡᠯᠭᠡ ᠶᠢᠨ ᠪᠠᠶᠢᠭᠤᠯᠤᠮᠵᠢ ᠶᠢᠨ ᠬᠤᠳᠠᠯ ᠬᠠᠭᠤᠷᠮᠠᠭ ᠢᠶᠠᠷ ᠡᠮᠨᠡᠭᠦᠯᠬᠦ᠂ ᠡᠮᠨᠡᠯᠭᠡ ᠳᠤ ᠰᠠᠭᠤᠬᠤ᠂ ᠡᠮ ᠬᠤᠳᠠᠯᠳᠤᠨ ᠠᠪᠬᠤ᠂ ᠬᠤᠳᠠᠯ ᠬᠠᠭᠤᠷᠮᠠᠭ ᠢᠶᠠᠷ ᠣᠨᠣᠰᠢᠯᠠᠨ ᠡᠮᠨᠡᠬᠦ ᠲᠥᠷᠥᠯ ᠵᠦᠢᠯ ᠭᠠᠷᠭᠠᠬᠤ ᠵᠡᠷᠭᠡ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠮᠡᠬᠡᠯᠡᠨ ᠠᠪᠬᠤ ᠦᠢᠯᠡ ᠠᠵᠢᠯᠯᠠᠭ᠎ᠠ ᠶᠢ ᠰᠡᠷᠭᠡᠶᠢᠯᠡᠨ᠎ᠡ᠃ ᠬᠤᠶᠠᠷ ᠲᠤ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠣᠨᠴᠠᠯᠢᠭ ᠲᠤ ᠴᠢᠭᠯᠡᠭᠦᠯᠦᠨ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠪᠣᠯᠤᠨ ᠬᠢᠲᠠᠳ ᠡᠮ ᠡᠮᠨᠡᠯᠭᠡ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠯᠴᠠᠨ ᠬᠠᠮᠵᠢᠵᠤ᠂ ᠬᠠᠮᠵᠢᠯᠴᠠᠨ ᠬᠢᠨᠠᠨ ᠬᠠᠮᠢᠶᠠᠷᠬᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃    
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号