︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠰᠠᠨᠠᠯ ᠬᠤᠷᠢᠶᠠᠬᠤ ᠡᠬᠡ ᠨᠣᠣᠷᠠᠭ︶︾ ᠶᠢᠨ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2022/7/11
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2022 ᠣᠨ ᠤ 7 ᠳ᠋ᠤᠭᠠᠷ ᠰᠠᠷ᠎ᠠ ᠶᠢᠨ 15 ᠤ ᠡᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠰᠠᠨᠠᠯ ᠬᠤᠷᠢᠶᠠᠬᠤ ᠡᠬᠡ ᠨᠤᠤᠷᠠᠭ︶︾ ᠶᠢᠨ ᠭᠡᠷᠡᠴᠢᠯᠡᠭᠡ ᠰᠣᠨᠣᠰᠬᠤ ᠬᠤᠷᠠᠯ ᠢ ᠬᠤᠷᠠᠯᠳᠤᠭᠤᠯᠬᠤ ᠪᠠᠷ ᠪᠠᠶᠢᠨ᠎ᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠠᠯᠪᠠᠨ ᠵᠠᠷᠯᠠᠯ ᠢᠶᠠᠷ ᠨᠡᠶᠢᠲᠡᠯᠡᠪᠡ᠄      ᠨᠢᠭᠡ᠂ ᠣᠷᠣᠯᠴᠠᠬᠤ ᠡᠲᠡᠭᠡᠳ      ᠭᠡᠷᠡᠴᠢᠯᠡᠭᠡ ᠰᠣᠨᠣᠰᠬᠤ ᠬᠤᠷᠠᠯ ᠳᠤ 15 ᠬᠥᠮᠦᠨ ᠣᠷᠣᠯᠴᠠᠵᠤ᠂ ᠡᠭᠦᠨ ᠳᠤ᠄ ᠠᠷᠠᠳ ᠤᠨ ᠲᠥᠯᠥᠭᠡᠯᠡᠭᠴᠢ 1 ᠬᠥᠮᠦᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ 1 ᠬᠥᠮᠦᠨ᠂ ᠡᠳ᠋ ᠤᠨ ᠵᠠᠰᠠᠭ ᠤᠨ ᠲᠢᠩᠬᠢᠮ ᠤᠨ ᠲᠥᠯᠥᠭᠡᠯᠡᠭᠴᠢ 1 ᠬᠥᠮᠦᠨ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠲᠥᠯᠥᠭᠡᠯᠡᠭᠴᠢ 1 ᠬᠥᠮᠦᠨ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠲᠥᠯᠥᠭᠡᠯᠡᠭᠴᠢ 1 ᠬᠥᠮᠦᠨ᠂ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ 1 ᠬᠥᠮᠦᠨ᠂ ᠣᠯᠠᠨ ᠲᠦᠮᠡᠨ ᠤ ᠲᠥᠯᠥᠭᠡᠯᠡᠭᠴᠢ 3 ᠬᠥᠮᠦᠨ᠂ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠲᠥᠯᠥᠭᠡᠯᠡᠭᠴᠢ 2 ᠬᠥᠮᠦᠨ ︵ᠬᠥᠬᠡᠬᠤᠲᠠ 2 ᠬᠥᠮᠦᠨ ︶᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ ᠤᠨ ᠠᠵᠢᠯᠲᠠᠨ 4 ᠬᠥᠮᠦᠨ ᠪᠣᠶ᠃      ᠬᠤᠶᠠᠷ᠂ ᠪᠣᠢ ᠪᠣᠯᠭᠠᠬᠤ ᠠᠷᠭ᠎ᠠ ᠮᠠᠶ᠋ᠢᠭ      ︵ᠨᠢᠭᠡ︶  ᠭᠡᠷᠡᠴᠢᠯᠡᠭᠡ ᠰᠣᠨᠣᠰᠬᠤ ᠬᠤᠷᠠᠯ ᠳᠤ ᠣᠯᠠᠨ ᠲᠦᠮᠡᠨ ᠵᠢᠴᠢ ᠪᠠᠶᠢᠭᠤᠯᠤᠮᠵᠢ ᠶᠢᠨ ᠲᠥᠯᠥᠭᠡᠯᠡᠭᠴᠢᠳ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ ᠠᠷᠭ᠎ᠠ ᠮᠠᠶ᠋ᠢᠭ ᠢᠶᠠᠷ ᠨᠡᠷ᠎ᠡ ᠮᠡᠳᠡᠭᠦᠯᠦᠭᠰᠡᠨ ᠡᠮᠦᠨ᠎ᠡ ᠬᠤᠶᠢᠨᠠᠬᠢ ᠳᠡᠰ ᠳᠠᠷᠠᠭᠠᠯᠠᠯ ᠢᠶᠠᠷ ᠪᠣᠶ ᠪᠣᠯᠭᠠᠨ᠎ᠠ᠂ ᠨᠡᠷ᠎ᠡ ᠮᠡᠳᠡᠭᠦᠯᠬᠦ ᠬᠥᠮᠦᠰ ᠳᠤᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄      1 . ᠪᠦᠬᠦᠯᠢ 18 ᠨᠠᠰᠤ ᠬᠦᠷᠦᠭᠰᠡᠨ ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠬᠤ︔      2 . ᠴᠢᠬᠤᠯᠠ ᠪᠥᠬᠦᠶ ᠬᠤᠪᠢ ᠬᠥᠮᠦᠨ ᠤ ᠮᠡᠳᠡᠭᠡ ᠵᠠᠩᠭᠢ ︵ᠣᠪᠣᠭ ᠨᠡᠷ᠎ᠡ᠂ ᠬᠦᠢᠰᠦ ᠢᠯᠭᠠᠯ᠂ ᠪᠡᠶ᠎ᠡ ᠶᠢᠨ ᠭᠠᠷᠤᠯ ᠵᠡᠷᠭᠡ ᠶᠢ ᠪᠠᠭᠲᠠᠭᠠᠨ᠎ᠠ︶ ᠶᠢ ᠢᠯᠡ ᠪᠣᠯᠭᠠᠬᠤ ᠶᠢ ᠵᠦᠪᠰᠢᠶᠡᠷᠡᠭᠰᠡᠨ ᠪᠠᠶᠢᠬᠤ︔      3 . ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ ᠵᠠᠳᠠᠯᠬᠤ ᠪᠠ ᠦᠭᠡ ᠬᠡᠯᠡ ᠦᠰᠦᠭ ᠪᠢᠴᠢᠭ ᠢᠶᠠᠷ ᠢᠯᠡᠳᠬᠡᠬᠦ ᠵᠣᠬᠢᠬᠤ ᠬᠡᠮᠵᠢᠶᠡᠨ ᠤ ᠴᠢᠳᠠᠪᠤᠷᠢ ᠲᠠᠢ ᠪᠠᠶᠢᠬᠤ︔      4 . ᠰᠠᠨᠠᠯ ᠢᠶᠠᠨ ᠪᠤᠰᠤᠳᠴᠢ ᠪᠠᠷ ᠢᠯᠡᠳᠬᠡᠵᠦ ᠴᠢᠳᠠᠬᠤ ᠪᠥᠭᠡᠳ ᠲᠣᠭᠲᠠᠭᠰᠠᠨ ᠴᠠᠭ ᠲᠤ ᠪᠦᠬᠦ ᠶᠠᠪᠤᠴᠠ ᠳᠤ ᠬᠤᠷᠠᠯ ᠳᠤ ᠣᠷᠣᠯᠴᠠᠵᠤ ᠴᠢᠳᠠᠬᠤ︔      5 . ᠭᠡᠷᠡᠴᠢᠯᠡᠭᠡ ᠰᠣᠨᠣᠰᠬᠤ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠪᠠ ᠠᠩᠬᠠᠷᠬᠤ ᠵᠦᠢᠯᠡᠰ ᠢ ᠵᠢᠷᠤᠮᠯᠠᠨ ᠰᠠᠬᠢᠬᠤ ᠬᠡᠷᠡᠭᠲᠡᠢ᠃    ︵ᠬᠤᠶᠠᠷ︶ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠠᠨᠠᠭᠠᠬᠤ ᠤᠬᠠᠭᠠᠨ ᠤ ᠲᠤᠰᠬᠠᠶ ᠮᠡᠷᠭᠡᠵᠢᠯᠲᠡᠨ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠤᠷᠢᠨ ᠣᠷᠣᠯᠴᠠᠭᠤᠯᠤᠨ᠎ᠠ᠃    ︵ᠭᠤᠷᠪᠠ︶ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠬᠠᠮᠢᠶ᠎ᠠ ᠪᠥᠬᠦᠶ ᠠᠵᠢᠯᠲᠠᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ ᠲᠠᠰᠤᠭ ᠤᠨ ᠠᠵᠢᠯᠲᠠᠨ ᠵᠡᠷᠭᠡ ᠶᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠲᠣᠭᠲᠠᠭᠠᠯ ᠢ ᠦᠨᠳᠦᠰᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠨᠠᠶᠢᠳᠠᠵᠤ ᠪᠠᠲᠤᠯᠠᠨ ᠲᠠᠨᠢᠯᠴᠠᠭᠤᠯᠵᠤ ᠪᠣᠶ ᠪᠣᠯᠭᠠᠬᠤ ᠪᠤᠶᠤ ᠤᠷᠢᠨ ᠬᠡᠷᠡᠭᠯᠡᠨ᠎ᠡ᠃      ᠭᠤᠷᠪᠠ᠂ ᠨᠡᠷ᠎ᠡ ᠮᠡᠳᠡᠭᠦᠯᠬᠦ ᠠᠷᠭ᠎ᠠ ᠮᠠᠶ᠋ᠢᠭ      ᠰᠠᠨᠠᠭᠠᠴᠢᠯᠠᠭ᠎ᠠ ᠠᠴᠠ ᠪᠠᠨ ᠣᠷᠣᠯᠴᠠᠭᠴᠢ 7 ᠳ᠋ᠤᠭᠠᠷ ᠰᠠᠷ᠎ᠠ ᠶᠢᠨ 14 ᠤ ᠡᠳᠦᠷ ᠠᠴᠠ ᠡᠮᠦᠨ᠎ᠡ᠂ ᠪᠡᠶ᠎ᠡ ᠶᠢᠨ ᠦᠨᠡᠮᠯᠡᠯ ᠤᠨ ᠰᠢᠷᠪᠢᠯᠲᠡ ᠪᠠ ︽ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ︾ ᠶᠢ ᠢᠮᠧᠯ ᠢᠶᠠᠷ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠢᠯᠡᠭᠡᠭᠡᠷᠡᠶ᠃      ᠬᠠᠷᠢᠯᠴᠠᠬᠤ ᠬᠥᠮᠦᠨ᠄ ᠭᠦᠸᠧ ᠮᠢᠶᠣᠣ      ᠬᠠᠷᠢᠯᠴᠠᠬᠤ ᠤᠲᠠᠰᠤ᠄ 0471 - 6606155      ᠹᠠᠺᠰ᠄ 0471 - 6606125      ᠢᠮᠧᠯ᠄ 31779363@qq.com      ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳᠥᠷᠪᠡᠳᠦᠭᠡᠷ ᠳᠠᠪᠬᠤᠷᠭ᠎ᠠ ᠶᠢᠨ ᠬᠤᠷᠠᠯ ᠤᠨ ᠬᠡᠷ ︵ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 53 ᠳ᠋ᠤᠭᠠᠷ ᠨᠣᠮᠧᠷ ᠥᠪᠥᠷ ᠮᠣᠩᠭᠤᠯ ᠤᠨ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ᠂ ᠥᠪᠥᠷ ᠮᠣᠩᠭᠤᠯ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ 416 ᠳ᠋ᠤᠭᠠᠷ ᠲᠠᠰᠤᠭ︶    ᠳᠠᠭᠠᠯᠳᠤᠭᠤᠯᠤᠯ᠄ ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ                     2022 ᠣᠨ ᠤ 7 ᠳ᠋ᠤᠭᠠᠷ ᠰᠠᠷ᠎ᠠ ᠶᠢᠨ 4 ᠤ ᠡᠳᠦᠷ      ᠳᠠᠭᠠᠯᠳᠤᠭᠤᠯᠤᠯ᠄ ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ. xlsx            
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号