ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠠᠴᠠ ︽ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡ ᠶᠢᠨ ᠳᠠᠭᠠᠳᠬᠠᠯ ᠪᠠ | ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2022﹈ 41 ᠳ᠋ᠦ᠋ᠭᠡᠷ ᠲᠣᠭᠠᠲᠤ᠂ ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ | ᠢ ᠳᠠᠷᠤᠮᠠᠯᠯᠠᠨ ᠲᠠᠷᠬᠠᠭᠠᠪᠠ᠃ ᠣᠯᠠᠨ ᠲᠥᠮᠡᠨ ᠤ ︽ᠬᠡᠷᠡᠭᠵᠢᠭᠦᠯᠬᠦ ᠰᠠᠨᠠᠯ︾ ᠤᠨ ᠬᠠᠮᠢᠶ᠎ᠠ ᠪᠥᠬᠦᠶ ᠠᠭᠤᠯᠭ᠎ᠠ ᠶᠢ | ᠥᠷᠭᠡᠨ ᠢᠶᠠᠷ ᠣᠶᠢᠯᠠᠭᠠᠬᠤ ᠪᠠ ᠵᠥᠪ ᠢᠶᠠᠷ ᠣᠶᠢᠯᠠᠭᠠᠬᠤ ᠳᠤ ᠲᠥᠬᠦᠮ ᠦᠵᠡᠭᠦᠯᠬᠦ ᠶᠢᠨ ᠲᠥᠯᠦᠭᠡ᠂ ᠡᠳᠦᠭᠡ | ᠳᠤᠤᠷᠠᠬᠢ ᠮᠡᠲᠦ ᠲᠠᠶᠢᠯᠤᠮᠵᠢ ᠬᠢᠪᠡ᠃ | ᠨᠢᠭᠡ᠂ ︽ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ | ᠲᠦᠷᠢᠮ ᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠭᠤ | ᠪᠣᠶ︖ | ᠡᠮᠴᠢᠯᠡᠭᠡᠨ ᠤ ᠪᠠᠲᠤᠯᠠᠭ᠎ᠠ ᠪᠣᠯ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ᠂ | ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠨᠡᠶᠢᠭᠡᠮ ᠤᠨ ᠡᠶ᠎ᠡ ᠵᠣᠬᠢᠴᠠᠩᠭᠤᠢ ᠪᠥᠭᠡᠳ | ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠲᠦᠷᠢᠮ ᠤᠨ ᠲᠤᠬᠢᠷᠠᠭᠤᠯᠤᠯᠳᠠ ᠪᠣᠯᠤᠨ᠎ᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠣᠯᠤᠨ | ᠬᠤᠲᠠ ᠬᠥᠳᠡᠭᠡ ᠶᠢᠨ ᠡᠮᠴᠢᠯᠡᠭᠡᠨ ᠤ ᠠᠪᠤᠷᠠᠨ ᠲᠤᠰᠠᠯᠠᠬᠤ ᠵᠡᠷᠭᠡ ᠭᠤᠷᠪᠠᠨ ᠪᠠᠲᠤᠯᠠᠭ᠎ᠠ ᠶᠢᠨ ᠲᠦᠷᠢᠮ ᠢ ᠥᠳᠲᠡᠷ | ᠲᠦᠷᠭᠡᠨ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠬᠡᠯᠬᠢᠶ᠎ᠡ ᠶᠢ ᠪᠦᠷᠢᠯᠳᠦᠭᠦᠯᠵᠦ᠂ ᠳᠠᠭᠠᠳᠬᠠᠯ ᠳᠤ | ᠣᠷᠣᠯᠴᠠᠭᠰᠠᠳ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠱᠠᠲᠤ ᠳᠠᠷᠠᠭᠠᠯᠠᠨ ᠬᠥᠩᠭᠡᠷᠡᠭᠦᠯᠪᠡ᠃ ᠭᠡᠪᠡᠴᠦ | ᠡᠮᠴᠢᠯᠡᠭᠡᠨ ᠤ ᠪᠠᠲᠤᠯᠠᠭ᠎ᠠ ᠶᠢᠨ ᠬᠦᠷᠢᠶᠡᠨ ᠳᠠᠬᠢ ᠬᠥᠭᠵᠢᠯᠲᠡ ᠲᠡᠩᠴᠡᠭᠦᠷᠢ ᠥᠬᠡᠶ ᠭᠦᠢᠴᠡᠳ ᠥᠬᠡᠶ ᠪᠠᠶᠢᠬᠤ | ᠠᠰᠠᠭᠤᠳᠠᠯ ᠡᠳᠦᠷ ᠢᠷᠡᠬᠦᠶ᠎ᠡ ᠲᠣᠪᠣᠶᠢᠨ ᠢᠯᠡᠷᠡᠵᠦ᠂ ᠦᠨᠳᠦᠰᠦᠨ ᠵᠦᠢᠯ ᠢ ᠪᠠᠲᠤᠯᠠᠬᠤ ᠴᠢᠳᠠᠮᠵᠢ ᠭᠦᠢᠴᠡᠳ ᠥᠬᠡᠶ | ᠂ ᠠᠪᠤᠷᠠᠨ ᠲᠤᠰᠠᠯᠠᠯᠲᠠ ᠭᠦᠢᠴᠡᠳ ᠥᠬᠡᠶ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃ ︽ᠬᠦᠨᠳᠦ ᠣᠨᠴᠠ ᠶᠡᠭᠡ | ᠡᠪᠡᠳᠴᠢᠨ ᠤ ᠡᠮᠴᠢᠯᠡᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠲᠡᠭᠦᠯᠳᠡᠷᠵᠢᠭᠦᠯᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ | ﹇2021﹈ 42 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2022 ᠣᠨ ᠤ 6 ᠳ᠋ᠤᠭᠠᠷ | ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠠᠴᠠ ︽ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ | ᠲᠦᠷᠢᠮ ᠢ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022 | ﹈ 41 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠪᠠ᠃ | ᠬᠤᠶᠠᠷ᠂ ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡ ᠶᠢᠨ ᠳᠠᠭᠠᠳᠬᠠᠯ ᠪᠠ ᠠᠪᠤᠷᠠᠨ ᠲᠤᠰᠠᠯᠠᠬᠤ | ᠲᠦᠷᠢᠮ ᠢ ᠲᠡᠭᠦᠯᠳᠡᠷᠵᠢᠭᠦᠯᠬᠦ ᠶᠡᠷᠦᠩᠬᠡᠶ ᠱᠠᠭᠠᠷᠳᠠᠯᠭ᠎ᠠ ᠨᠢ ᠶᠠᠭᠤ ᠪᠣᠶ︖ | ᠠᠷᠠᠳ ᠲᠦᠮᠡᠨ ᠢᠶᠠᠷ ᠭᠤᠣᠯ ᠪᠣᠯᠭᠠᠬᠤ ᠪᠠ ᠬᠠᠮᠲᠤ ᠪᠠᠷ ᠴᠢᠨᠡᠭᠡᠯᠢᠭᠵᠢᠬᠦ ᠴᠢᠭᠯᠡᠯ ᠢ ᠪᠠᠷᠢᠮᠲᠠᠯᠠᠵᠤ᠂ | ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠵᠤ᠂ ᠦᠨᠳᠦᠰᠦᠨ ᠵᠦᠢᠯ ᠢ ᠪᠠᠲᠤᠯᠠᠵᠤ᠂ ᠴᠢᠳᠠᠯ ᠤᠨ | ᠬᠢᠷᠢ ᠪᠠᠷ ᠢᠶᠠᠨ ᠬᠢᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠨᠡᠩ ᠦᠷᠭᠦᠯᠵᠢᠯᠡᠬᠦ᠋ᠢᠴᠡ | ᠪᠣᠯᠭᠠᠬᠤ ᠶᠢ ᠠᠬᠢᠭᠤᠯᠤᠨ᠎ᠠ᠃ ᠬᠦᠴᠢᠷᠳᠡᠯᠲᠡᠶ ᠣᠯᠠᠨ ᠲᠦᠮᠡᠨ ᠤ ᠬᠦᠨᠳᠦ ᠣᠨᠴᠠ ᠶᠡᠭᠡ ᠡᠪᠡᠳᠴᠢᠨ ᠤ | ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠨ ᠡᠮᠴᠢᠯᠡᠭᠡᠨ ᠤ | ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠭᠤᠷᠪᠠᠨ ᠵᠦᠢᠯ | ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠳᠬᠠᠵᠤ᠂ ᠦᠨᠡᠨ ᠠᠴᠠ ᠵᠥᠪ ᠢ ᠡᠷᠢᠵᠦ ᠬᠦᠴᠢᠷᠳᠡᠯᠲᠡᠶ | ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠪᠠᠷᠢᠮᠵᠢᠶ᠎ᠠ ᠶᠢ ᠲᠣᠭᠲᠠᠭᠠᠨ᠂ ᠬᠦᠴᠢᠷᠳᠡᠯᠲᠡᠶ | ᠣᠯᠠᠨ ᠲᠦᠮᠡᠨ ᠤ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢ ᠦᠨᠡᠨ ᠬᠦ ᠪᠠᠲᠤᠯᠠᠨ᠎ᠠ᠃ | ᠭᠤᠷᠪᠠ᠂ ᠡᠮᠴᠢᠯᠡᠭᠡ ᠶᠢᠨ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠨᠢ ᠶᠠᠭᠤ ᠪᠣᠶ︖ | ᠡᠮᠴᠢᠯᠡᠭᠡ ᠶᠢᠨ ᠠᠪᠤᠷᠠᠨ ᠲᠤᠰᠠᠯᠠᠯᠲᠠ ᠨᠢ ᠡᠮᠴᠢᠯᠡᠭᠡᠨ ᠤ ᠵᠠᠷᠤᠳᠠᠯ ᠤᠨ ᠳᠠᠷᠤᠭᠠᠰᠤ ᠨᠡᠯᠢᠶᠡᠳ ᠬᠦᠨᠳᠦ | ᠪᠠᠶᠢᠭ᠎ᠠ ᠬᠦᠴᠢᠷᠳᠡᠯᠲᠡᠶ ᠠᠵᠢᠯᠲᠠᠨ ᠠᠵᠢᠯᠴᠢᠨ ᠪᠣᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠢ ᠭᠤᠤᠯᠴᠢ ᠪᠠᠷ | ᠬᠠᠮᠤᠷᠴᠤ᠂ ᠠᠪᠤᠷᠠᠨ ᠲᠤᠰᠠᠯᠠᠬᠤ ᠡᠲᠡᠭᠡᠳ ᠤᠨ ᠲᠥᠷᠥᠯ ᠢᠯᠭᠠᠯ ᠢ ᠦᠨᠳᠦᠰᠦᠯᠡᠨ ᠲᠥᠷᠥᠯ ᠬᠤᠪᠢᠶᠠᠨ ᠠᠪᠤᠷᠠᠨ | ᠲᠤᠰᠠᠯᠠᠨ᠎ᠠ᠃ ᠨᠢᠭᠡ ᠲᠥᠷᠥᠯ ᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠨᠴᠠ | ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠬᠦ ᠰᠢᠬᠠᠵᠤ ᠪᠠᠶᠢᠭ᠎ᠠ ᠬᠡᠷ | ᠪᠦᠯᠢ ᠶᠢᠨ ᠪᠦᠷᠢᠯᠳᠦᠬᠦᠨ ᠪᠣᠯᠤᠨ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠭᠰᠠᠨ ᠬᠥᠳᠡᠭᠡ ᠲᠣᠰᠬᠤᠨ ᠤ | ᠠᠮᠠᠷᠬᠠᠨ ᠳᠠᠬᠢᠨ ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠦᠨ᠂ ᠲᠤᠬᠠᠶᠢᠯᠠᠪᠠᠯ ᠣᠷᠣᠯᠭ᠎ᠠ ᠪᠠᠭᠠᠲᠠᠶ ᠬᠥᠮᠦᠰ | ᠪᠣᠯᠤᠨ᠎ᠠ᠃ ᠡᠨᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠴᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠦᠷᠲᠡᠯᠡᠬᠢ ᠡᠮᠴᠢᠯᠡᠭᠡᠨ ᠤ ᠪᠠᠲᠤᠯᠠᠭ᠎ᠠ ᠪᠠᠷ ᠶᠠᠳᠠᠭᠤ ᠶᠢ ᠲᠡᠳᠬᠦᠬᠦ ᠲᠥᠷᠥ ᠶᠢᠨ | ᠪᠣᠳᠣᠯᠭ᠎ᠠ ᠶᠢᠨ ᠦᠷᠭᠦᠯᠵᠢᠯᠡᠯ ᠴᠢᠨᠠᠷ ᠢ ᠪᠣᠳᠣᠯᠬᠢᠯᠠᠭᠰᠠᠨ ᠪᠠᠶᠢᠨ᠎ᠠ︔ ᠨᠥᠭᠦᠭᠡ ᠨᠢᠭᠡ ᠲᠥᠷᠥᠯ ᠨᠢ ᠶᠡᠭᠡ ᠦᠨᠡᠲᠡᠢ | ᠡᠮ ᠡᠮᠨᠡᠯᠭᠡ ᠶᠢᠨ ᠵᠠᠷᠤᠳᠠᠯ ᠠᠴᠠ ᠪᠣᠯᠵᠣ ᠬᠡᠷ ᠪᠦᠯᠢ ᠶᠢᠨ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠶ | ᠬᠦᠴᠢᠷᠳᠡᠯ ᠳᠤ ᠤᠴᠠᠷᠠᠭᠰᠠᠨ ᠬᠦᠨᠳᠦ ᠡᠪᠡᠳᠴᠢᠲᠡᠨ ︵ᠡᠪᠡᠳᠴᠢᠨ ᠠᠴᠠ ᠪᠣᠯᠵᠣ ᠶᠠᠳᠠᠭᠤᠷᠠᠭᠰᠠᠨ ᠬᠦᠨᠳᠦ | ᠡᠪᠡᠳᠴᠢᠲᠡᠨ ᠭᠡᠵᠦ ᠲᠣᠪᠴᠢᠯᠠᠨ᠎ᠠ︶ ᠪᠣᠯᠤᠨ᠎ᠠ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠣᠨᠴᠠᠭᠠᠢ ᠬᠦᠴᠢᠷᠳᠡᠯᠲᠡᠶ ᠬᠥᠮᠦᠰ ᠲᠤ ᠳᠡᠭᠡᠷ᠎ᠡ ᠳᠤᠷᠠᠳᠤᠭᠰᠠᠨ | ᠠᠪᠤᠷᠠᠨ ᠲᠤᠰᠠᠯᠠᠬᠤ ᠡᠲᠡᠭᠡᠳ ᠤᠨ ᠲᠥᠷᠥᠯ ᠢᠯᠭᠠᠯ ᠢᠶᠠᠷ ᠵᠣᠬᠢᠰᠲᠠᠢ ᠠᠪᠤᠷᠠᠨ ᠳᠤᠰᠠᠯᠠᠨ᠎ᠠ᠃ | ᠳᠥᠷᠪᠡ᠂ ᠬᠠᠤᠯᠢ ᠶᠣᠰᠣᠭᠠᠷ ᠳᠠᠭᠠᠳᠬᠠᠯ ᠳᠤ ᠣᠷᠣᠭᠤᠯᠵᠤ᠂ ᠳᠠᠭᠠᠳᠬᠠᠯ ᠳᠤ ᠣᠷᠣᠬᠤ ᠵᠣᠬᠢᠰᠲᠠᠢ ᠶᠢ ᠨᠢ | ᠪᠦᠬᠦᠨ ᠣᠷᠣᠭᠤᠯᠬᠤ ᠶᠢ ᠶᠠᠭᠠᠬᠢᠵᠤ ᠪᠠᠲᠤᠯᠠᠬᠤ ᠪᠣᠶ︖ | ᠪᠥᠬᠦ ᠠᠷᠠᠳ ᠢ ᠬᠠᠮᠤᠷᠤᠭᠰᠠᠨ᠂ ᠬᠠᠤᠯᠢ ᠶᠣᠰᠣᠭᠠᠷ ᠣᠷᠣᠯᠴᠠᠭᠰᠠᠨ ᠦᠨᠳᠦᠰᠦᠨ ᠡᠮᠴᠢᠯᠡᠭᠡ ᠶᠢᠨ | ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠳᠤ | ᠣᠷᠣᠯᠴᠠᠭᠰᠠᠨ ᠨᠣᠷᠮ᠎ᠠ ᠶᠢ 95 % ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠪᠥᠬᠦ | ᠠᠷᠠᠳ ᠢ ᠳᠠᠭᠠᠳᠬᠠᠯ ᠳᠤ ᠣᠷᠣᠯᠴᠠᠭᠤᠯᠬᠤ ᠲᠥᠯᠥᠪᠯᠡᠭᠡ ᠪᠠ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠵᠤ᠂ ᠰᠠᠯᠠᠭ᠎ᠠ ᠮᠥᠴᠢᠷ ᠤᠨ | ᠬᠢᠨ ᠬᠠᠮᠵᠢᠯᠴᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠵᠤ᠂ ᠰᠢᠯᠭᠠᠨ | ᠬᠢᠨᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠠᠵᠢᠯ | ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ ᠬᠠᠷᠢᠭᠤᠴᠠᠯᠭ᠎ᠠ ᠶᠢ ᠲᠠᠰᠤᠷᠠᠯᠲᠠ ᠥᠬᠡᠶ | ᠴᠢᠩᠭᠠᠷᠠᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠰᠤᠷᠭᠠᠨ ᠬᠥᠮᠦᠵᠢᠯ᠂ | ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠠᠤᠯᠢ ᠴᠠᠭᠠᠵᠠ ᠶᠢᠨ ᠵᠠᠰᠠᠭ ᠵᠠᠬᠢᠷᠭ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠶᠢᠯᠢ ᠶᠢᠨ | ᠶᠠᠪᠤᠳᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤ ᠪᠠᠷ ᠬᠦᠷᠲᠡᠨ | ᠰᠣᠯᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯᠲᠠᠨ ᠤ ᠮᠡᠳᠡᠭᠡ ᠵᠠᠩᠭᠢ ᠶᠢᠨ ᠬᠠᠷᠢᠴᠠᠭᠤᠯᠤᠯ ᠢ | ᠴᠢᠩᠭᠠᠳᠬᠠᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠭᠤᠯᠬᠤ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ | ᠡᠳ᠋ ᠤᠨ ᠵᠠᠰᠠᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠪᠢ | ᠬᠥᠮᠦᠨ ᠤ ᠰᠦᠢᠳᠭᠡᠯ ᠲᠤᠰᠢᠶᠠᠬᠤ ᠳᠤ ᠦᠨᠡᠨ ᠬᠦ ᠬᠦᠴᠢᠷᠳᠡᠯᠲᠡᠶ ᠣᠯᠠᠨ ᠲᠦᠮᠡᠨ ᠳᠤ ᠲᠥᠷᠥᠯ ᠬᠤᠪᠢᠶᠠᠨ | ᠵᠣᠭᠤᠰ ᠮᠥᠭᠦ ᠪᠠᠷ ᠳᠤᠰᠠᠯᠠᠨ᠎ᠠ᠃ ᠣᠨᠴᠠ ᠬᠦᠴᠢᠷᠳᠡᠯᠲᠡᠶ ᠬᠥᠮᠦᠰ ᠢ ᠪᠥᠬᠦ ᠲᠤᠭ᠎ᠠ ᠪᠠᠷ ᠲᠤᠰᠠᠯᠠᠵᠤ᠂ ᠳᠣᠣᠷ᠎ᠠ | ᠪᠠᠲᠤᠯᠠᠭ᠎ᠠ ᠭᠥᠷᠳᠡᠭᠰᠡᠳ᠂ ᠳᠠᠬᠢᠨ ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠦᠨ ᠠᠮᠠ ᠶᠢ ᠲᠣᠭᠲᠠᠭᠰᠠᠨ | ᠨᠣᠷᠮ᠎ᠠ ᠪᠠᠷ ᠲᠤᠰᠠᠯᠠᠵᠤ᠂ ᠬᠦᠴᠢᠷᠳᠡᠯᠲᠡᠶ ᠣᠯᠠᠨ ᠲᠦᠮᠡᠨ ᠤ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠬᠤ ᠶᠢ | ᠦᠨᠡᠨ ᠬᠦ ᠪᠠᠲᠤᠯᠠᠨ᠎ᠠ᠃ ᠲᠣᠭᠲᠠᠭᠰᠠᠨ ᠲᠤᠭ᠎ᠠ ᠪᠠᠷ ᠲᠤᠰᠠᠯᠠᠬᠤ ᠪᠠᠷᠢᠮᠵᠢᠶ᠎ᠠ ᠶᠢ ᠲᠤᠬᠠᠶ ᠶᠢᠨ ᠬᠤᠭᠤᠴᠠᠭᠠᠨ ᠤ | ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠬᠤᠪᠢ ᠬᠥᠮᠦᠨ ᠤ ᠰᠦᠢᠳᠭᠡᠯ ᠲᠤᠰᠢᠶᠠᠭᠰᠠᠨ | ᠪᠠᠷᠢᠮᠵᠢᠶ᠎ᠠ ᠶᠢᠨ 45 % ᠠᠴᠠ ᠳᠤᠤᠷ᠎ᠠ ᠪᠠᠶᠢᠯᠭᠠᠵᠤ ᠪᠣᠯᠬᠤ ᠥᠬᠡᠶ᠂ ᠪᠣᠳᠠᠲᠠᠶ ᠲᠤᠰᠠᠯᠠᠬᠤ ᠲᠥᠷᠥ ᠶᠢᠨ | ᠪᠣᠳᠣᠯᠭ᠎ᠠ ᠶᠢ ᠥᠪᠡᠷᠲᠡᠭᠡᠨ ᠵᠠᠰᠠᠬᠤ ᠣᠷᠣᠨ ᠠᠴᠠ ᠡᠮᠴᠢᠯᠡᠭᠡ ᠪᠠᠷ ᠠᠪᠤᠷᠠᠨ ᠲᠤᠰᠠᠯᠠᠬᠤ ᠰᠠᠭᠤᠷᠢ ᠮᠥᠩᠭᠦ ᠶᠢ | ᠬᠤᠷᠠᠮᠳᠤᠭᠤᠯᠤᠨ ᠬᠡᠷᠡᠭᠯᠡᠬᠦ ᠪᠠ ᠬᠦᠴᠢᠷᠳᠡᠯᠲᠡᠶ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠶᠢᠨ | ᠪᠠᠶᠢᠳᠠᠯ ᠢ ᠦᠨᠳᠦᠰᠦᠯᠡᠨ ᠴᠠᠭ ᠲᠤᠬᠠᠶ ᠳᠤ ᠨᠢ ᠲᠣᠬᠢᠷᠠᠭᠤᠯᠤᠨ᠎ᠠ᠃ | ᠲᠠᠪᠤ᠂ ᠭᠤᠷᠪᠠᠨ ᠵᠦᠢᠯ ᠤᠨ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠮᠵᠢ ᠳᠤ ᠶᠠᠮᠠᠷ ᠶᠠᠮᠠᠷ | ᠪᠣᠳᠠᠲᠠᠶ ᠠᠭᠤᠯᠭ᠎ᠠ ᠪᠠᠶᠢᠬᠤ ᠪᠣᠶ︖ | ᠤᠯᠠᠨ ᠲᠡᠰ ᠤᠨ ᠡᠮᠴᠢᠯᠡᠭᠡᠨ ᠤ ᠪᠠᠲᠤᠯᠠᠭ᠎ᠠ ᠶᠢᠨ ᠳᠣᠭᠲᠠᠯᠴᠠᠭ᠎ᠠ ᠶᠢ ᠪᠦᠷᠢᠯᠳᠦᠭᠦᠯᠵᠦ᠂ ᠭᠤᠷᠪᠠᠨ ᠵᠦᠢᠯ ᠤᠨ | ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠴᠢᠳᠠᠮᠵᠢ ᠶᠢ ᠴᠢᠩᠭᠠᠳᠬᠠᠨ᠎ᠠ᠃ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠭᠤᠤᠯ ᠴᠣᠭᠴᠠ ᠶᠢᠨ ᠪᠠᠲᠤᠯᠠᠭ᠎ᠠ ᠶᠢᠨ ᠴᠢᠳᠠᠮᠵᠢ ᠶᠢ ᠭᠦᠢᠴᠡᠳ ᠪᠠᠳᠠᠷᠠᠭᠤᠯᠵᠤ᠂ ᠡᠮᠨᠡᠯᠭᠡ ᠳᠤ | ᠰᠠᠭᠤᠬᠤ ᠬᠠᠷᠠᠭᠠᠯᠵᠠᠯ ᠤᠨ ᠪᠠᠲᠤᠯᠠᠭ᠎ᠠ ᠶᠢᠨ ᠬᠢᠷᠢ ᠬᠡᠮ ᠢ ᠪᠠᠬᠢᠵᠢᠭᠦᠯᠵᠦ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠬᠦᠨᠳᠦ ᠡᠪᠡᠳᠴᠢᠨ ᠤ ᠳᠠᠭᠠᠳᠬᠠᠯ ᠤᠨ | ᠳᠠᠷᠤᠭᠠᠰᠤ ᠶᠢ ᠬᠥᠩᠭᠡᠷᠡᠭᠦᠯᠬᠦ ᠴᠢᠳᠠᠮᠵᠢ ᠶᠢ ᠴᠢᠩᠭᠠᠷᠠᠭᠤᠯᠵᠤ᠂ ᠡᠬᠢᠯᠡᠵᠦ ᠥᠭᠬᠦ ᠪᠠᠷᠢᠮᠵᠢᠶ᠎ᠠ ᠶᠢ ᠨᠢᠭᠡᠳᠦᠯᠲᠡᠶ | ᠪᠣᠯᠭᠠᠨ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠥᠭᠬᠦ ᠬᠠᠷᠢᠴᠠᠯ ᠢ 60 % ᠠᠴᠠ ᠳᠤᠤᠷ᠎ᠠ ᠪᠠᠶᠢᠯᠭᠠᠬᠤ | ᠥᠬᠡᠶ ᠪᠠᠶᠢᠬᠤ ᠶᠢ ᠦᠨᠡᠨ ᠬᠦ ᠪᠠᠲᠤᠯᠠᠨ᠎ᠠ︔ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠭᠥᠷᠳᠡᠭᠰᠡᠳ᠂ ᠳᠠᠬᠢᠨ ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠦᠨ ᠤ ᠬᠦᠨᠳᠦ ᠡᠪᠡᠳᠴᠢᠨ ᠤ | ᠳᠠᠭᠠᠳᠬᠠᠯ ᠤᠨ ᠡᠬᠢᠯᠡᠵᠦ ᠳᠥᠯᠥᠬᠦ ᠪᠠᠷᠢᠮᠵᠢᠶ᠎ᠠ ᠶᠢ 50 % ᠪᠠᠷ ᠪᠠᠭᠤᠷᠠᠭᠤᠯᠵᠤ᠂ ᠳᠥᠯᠥᠬᠦ ᠬᠠᠷᠢᠴᠠᠯ ᠢ 5 | ᠵᠠᠭᠤᠨ ᠤ ᠴᠡᠭ ᠳᠡᠭᠡᠭᠰᠢᠯᠡᠭᠦᠯᠬᠦ ᠶᠢᠨ ᠬᠠᠮᠲᠤ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠬᠦᠴᠦᠨ ᠥᠬᠡᠶ | ᠪᠣᠯᠭᠠᠨ᠎ᠠ᠃ ᠡᠮᠴᠢᠯᠡᠭᠡ ᠪᠠᠷ ᠠᠪᠤᠷᠠᠨ ᠲᠤᠰᠠᠯᠠᠬᠤ ᠶᠢᠨ ᠦᠨᠳᠦᠰᠦᠨ ᠵᠦᠢᠯ ᠢ ᠪᠠᠲᠤᠯᠠᠬᠤ ᠴᠢᠳᠠᠮᠵᠢ ᠶᠢ | ᠪᠠᠲᠤᠳᠬᠠᠵᠤ᠂ ᠨᠢᠭᠡᠳᠦᠯᠲᠡᠶ ᠵᠢᠷᠤᠮᠵᠢᠭᠤᠯᠤᠭᠰᠠᠨ ᠡᠮᠴᠢᠯᠡᠭᠡ ᠪᠠᠷ ᠠᠪᠤᠷᠠᠨ ᠲᠤᠰᠠᠯᠠᠬᠤ ᠳᠦᠷᠢᠮ ᠢ | ᠲᠡᠭᠦᠯᠳᠡᠷᠵᠢᠭᠦᠯᠵᠦ᠂ ᠠᠪᠤᠷᠠᠨ ᠲᠤᠰᠠᠯᠠᠬᠤ ᠬᠢᠷᠢ ᠬᠡᠮᠵᠢᠶ᠎ᠡ ᠪᠠ ᠵᠢᠯ ᠤᠨ ᠠᠪᠤᠷᠠᠨ ᠲᠤᠰᠠᠯᠠᠬᠤ ᠬᠢᠵᠠᠭᠠᠷ ᠲᠤᠭ᠎ᠠ ᠶᠢ | ᠵᠦᠶ ᠵᠣᠬᠢᠰᠲᠠᠶ ᠲᠣᠭᠲᠠᠭᠠᠵᠤ᠂ ᠲᠣᠭᠲᠠᠭᠠᠯ ᠶᠣᠰᠣᠭᠠᠷ ᠲᠥᠷᠥᠯ ᠬᠤᠪᠢᠶᠠᠨ ᠠᠪᠤᠷᠠᠨ ᠲᠤᠰᠠᠯᠠᠬᠤ ᠶᠢ ᠰᠠᠶᠢᠲᠤᠷ | ᠬᠢᠨ᠎ᠡ᠃ | ᠦᠨᠳᠦᠰᠦᠨ ᠵᠦᠢᠯ ᠢ ᠪᠠᠲᠤᠯᠠᠬᠤ ᠠᠷᠭ᠎ᠠ ᠬᠡᠮᠵᠢᠶ᠎ᠡ ᠶᠢᠨ ᠲᠣᠬᠢᠷᠠᠭᠤᠯᠤᠯᠲᠠ ᠶᠢᠨ ᠲᠠᠯ᠎ᠠ ᠪᠠᠷ᠂ | ᠬᠦᠴᠢᠷᠳᠡᠯᠲᠡᠶ ᠣᠯᠠᠨ ᠲᠦᠮᠡᠨ ᠤ ᠳᠣᠲᠤᠷᠠᠬᠢ ᠬᠦᠨᠳᠦ ᠶᠡᠭᠡ ᠡᠪᠡᠳᠴᠢᠲᠡᠨ ᠲᠡᠶᠢᠰᠢ ᠬᠡᠯᠪᠠᠶᠢᠯᠭᠡᠬᠦ ᠶᠢ ᠨᠠᠩ | ᠳᠣᠪᠤᠶᠢᠯᠭᠠᠨ᠎ᠠ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ | ᠥᠭᠬᠦ ᠪᠠᠷᠢᠮᠵᠢᠶ᠎ᠠ ᠠᠴᠠ ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠦᠨ ᠤ ᠥᠭᠬᠦ | ᠵᠠᠷᠤᠳᠠᠯ ᠢ ᠲᠣᠭᠲᠠᠭᠠᠯ ᠶᠣᠰᠣᠭᠠᠷ ᠡᠮᠴᠢᠯᠡᠭᠡᠨ ᠤ ᠠᠪᠤᠷᠠᠨ ᠳᠤᠰᠠᠯᠠᠬᠤ ᠳᠤ ᠣᠷᠣᠭᠤᠯᠤᠨ᠎ᠠ᠃ ᠡᠮᠨᠡᠯᠭᠡ ᠳᠤ | ᠰᠠᠭᠤᠬᠤ᠂ ᠡᠩ ᠤᠨ ᠡᠭᠦᠳᠡᠨ ᠡᠮᠨᠡᠯᠭᠡ᠂ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠢ ᠠᠪᠤᠷᠠᠨ | ᠲᠤᠰᠠᠯᠠᠬᠤ ᠪᠠᠲᠤᠯᠠᠭ᠎ᠠ᠂ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠵᠤ ᠠᠪᠤᠷᠠᠨ ᠲᠤᠰᠠᠯᠠᠬᠤ ᠶᠢ ᠬᠠᠮᠲᠤ ᠪᠠᠷ | ᠬᠡᠷᠡᠭᠯᠡᠬᠦ ᠵᠢᠯ ᠤᠨ ᠠᠪᠤᠷᠠᠨ ᠲᠤᠰᠠᠯᠠᠬᠤ ᠬᠢᠵᠠᠭᠠᠷ ᠲᠤᠭ᠎ᠠ ᠶᠢ ᠴᠢᠩᠭᠠᠳᠬᠠᠵᠤ᠂ ᠠᠪᠤᠷᠠᠨ ᠲᠤᠰᠠᠯᠠᠬᠤ ᠪᠠᠯᠠ | ᠮᠥᠩᠭᠦ ᠶᠢᠨ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠬᠦ ᠨᠢ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ | ᠬᠦᠴᠢᠷᠳᠡᠯᠲᠡᠶ ᠡᠪᠡᠳᠴᠢᠲᠡᠨ ᠢ ᠬᠥᠲᠥᠯᠥᠨ ᠵᠢᠯᠣᠭᠤᠳᠴᠤ ᠵᠦᠶ ᠵᠣᠬᠢᠰᠲᠠᠶ ᠪᠠᠷ ᠡᠮᠨᠡᠭᠦᠯᠬᠦ ᠳᠤ ᠲᠤᠰᠠᠲᠠᠶ ᠶᠤᠮ᠃ | ᠡᠮᠨᠡᠯᠭᠡ ᠰᠢᠯᠵᠢᠭᠦᠯᠦᠨ ᠡᠮᠨᠡᠭᠦᠯᠬᠦ ᠶᠢ ᠵᠢᠷᠤᠮᠵᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ | ᠡᠮᠨᠡᠭᠦᠯᠵᠦ ᠠᠪᠤᠷᠠᠨ ᠲᠤᠰᠠᠯᠠᠭᠤᠯᠬᠤ ᠡᠲᠡᠭᠡᠳ ᠲᠤ ᠭᠤᠷᠪᠠᠨ ᠵᠦᠢᠯ ᠤᠨ ᠳᠦᠷᠢᠮ ᠤᠨ ᠶᠡᠷᠦᠩᠬᠡᠶᠢᠯᠡᠭᠰᠡᠨ | ᠪᠠᠲᠤᠯᠠᠭ᠎ᠠ ᠪᠠᠷ ᠳᠠᠮᠵᠢᠭᠰᠠᠨ ᠤ ᠳᠠᠷᠠᠭ᠎ᠠ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠬᠤᠪᠢ ᠬᠥᠮᠦᠨ ᠤ | ᠳᠠᠷᠤᠭᠠᠰᠤ ᠮᠥᠨ ᠬᠦ ᠨᠡᠯᠢᠶᠡᠳ ᠬᠦᠨᠳᠦ ᠪᠠᠶᠢᠪᠠᠯ ᠠᠪᠤᠷᠠᠨ ᠲᠤᠰᠠᠯᠠᠬᠤ ᠲᠡᠶᠢᠰᠢ ᠬᠡᠯᠪᠠᠶᠢᠯᠭᠡᠵᠦ᠂ ᠠᠪᠤᠷᠠᠨ | ᠲᠤᠰᠠᠯᠠᠬᠤ ᠶᠢᠨ ᠡᠬᠢᠯᠡᠵᠦ ᠥᠭᠬᠦ ᠬᠢᠵᠠᠭᠠᠷ ᠲᠡᠶᠢᠰᠢ ᠬᠡᠯᠪᠡᠶᠢᠯᠭᠡᠬᠦ ᠳᠤ ᠬᠦᠨᠳᠦ ᠡᠪᠡᠳᠴᠢᠨ ᠤ ᠳᠠᠭᠠᠳᠬᠠᠯ ᠤᠨ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠᠷ ᠯᠠᠪᠯᠠᠯᠲᠠ ᠪᠣᠯᠭᠠᠨ ᠲᠣᠭᠲᠠᠭᠠᠵᠤ ᠪᠣᠯᠤᠨ᠎ᠠ᠃ | ᠵᠢᠷᠭᠤᠭ᠎ᠠ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠪᠣᠳᠠᠲᠠᠢ ᠪᠠᠷᠢᠮᠵᠢᠶ᠎ᠠ ᠨᠢ ᠶᠠᠭᠤ ᠪᠣᠢ︖ | ᠦᠨᠳᠦᠰᠦᠨ ᠵᠦᠢᠯ ᠢ ᠪᠠᠲᠤᠯᠠᠬᠤ ᠬᠠᠷᠠᠯᠲᠠ ᠪᠣᠯ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠡᠮᠴᠢᠯᠡᠭᠡ | ᠡᠷᠡᠭᠦᠯ ᠬᠠᠮᠠᠭᠠᠯᠠᠯ ᠤᠨ ᠦᠢᠯᠡᠴᠢᠯᠡᠭᠡ ᠭᠥᠷᠳᠡᠬᠦ ᠶᠢ ᠪᠠᠲᠤᠯᠠᠵᠤ᠂ ᠡᠮᠴᠢᠯᠡᠭᠡᠨ ᠤ ᠵᠠᠷᠤᠳᠠᠯ ᠤᠨ ᠠᠰᠠᠭᠤᠳᠠᠯ ᠠᠴᠠ | ᠪᠣᠯᠵᠣ ᠲᠡᠳᠡᠨ ᠤ ᠬᠡᠷ ᠪᠦᠯᠢ ᠶᠢᠨ ᠦᠨᠳᠦᠰᠦᠨ ᠠᠮᠢᠳᠤᠷᠠᠯ ᠢ ᠨᠥᠯᠥᠭᠡᠯᠡᠬᠦ ᠥᠬᠡᠶ ᠪᠠᠶᠢᠬᠤ ᠶᠢ ᠪᠠᠲᠤᠯᠠᠨ᠎ᠠ᠃ | ᠰᠠᠭᠤᠷᠢ ᠮᠥᠩᠭᠦ ᠶᠢᠨ ᠡᠭᠦᠷᠭᠡᠯᠡᠬᠦ ᠴᠢᠳᠠᠪᠤᠷᠢ᠂ ᠣᠯᠠᠨ ᠲᠦᠮᠡᠨ ᠤ ᠪᠣᠳᠠᠲᠠᠶ ᠬᠡᠷᠡᠭᠴᠡᠭᠡ ᠱᠠᠭᠠᠷᠳᠠᠯᠭ᠎ᠠ ᠵᠡᠷᠭᠡ | ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠬᠥᠮᠥᠰ ᠤᠨ ᠲᠥᠷᠦᠯ ᠬᠤᠪᠢᠶᠠᠨ | ᠬᠠᠷᠠᠭᠠᠯᠵᠠᠯ ᠭᠦᠷᠲᠡᠭᠡᠬᠦ ᠪᠠᠷᠢᠮᠵᠢᠶ᠎ᠠ ᠶᠢ ᠨᠠᠷᠢᠯᠢᠬᠵᠢᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠭᠥᠷᠳᠡᠭᠰᠡᠳ᠂ ᠣᠨᠴᠠ ᠬᠦᠴᠢᠷᠳᠡᠯᠲᠡᠶ ᠬᠥᠮᠦᠰ ᠲᠤ ᠵᠠᠷᠴᠢᠮ ᠳᠡᠭᠡᠷ᠎ᠡ ᠪᠠᠨ ᠡᠬᠢᠯᠡᠵᠦ ᠥᠭᠬᠦ ᠪᠠᠷᠢᠮᠵᠢᠶ᠎ᠠ ᠶᠢ | ᠬᠦᠴᠦᠨ ᠥᠬᠡᠶ ᠪᠣᠯᠭᠠᠵᠤ᠂ ᠨᠥᠬᠦᠴᠡᠯ ᠪᠦᠷᠢᠯᠳᠦᠭᠦᠯᠦᠭᠡᠳᠦᠶ ᠭᠠᠵᠠᠷ ᠣᠷᠣᠨ ᠤ ᠡᠬᠢᠯᠡᠵᠦ ᠥᠭᠬᠦ ᠪᠠᠷᠢᠮᠵᠢᠶ᠎ᠠ ᠶᠢ | ᠲᠦᠷ ᠴᠠᠭ ᠪᠠᠶᠢᠭ᠎ᠠ ᠨᠢᠭᠡᠳᠦᠯᠲᠡᠶ ᠲᠥᠯᠦᠪᠯᠡᠭᠰᠡᠨ ᠭᠠᠵᠠᠷ ᠣᠷᠣᠨ ᠤ ᠳᠡᠭᠡᠷ᠎ᠡ ᠵᠢᠯ ᠤᠨ ᠪᠥᠬᠦ ᠰᠠᠭᠤᠭᠠᠯᠢ | ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ 5 % ᠠᠴᠠ ᠥᠨᠳᠥᠷ ᠪᠠᠶᠢᠯᠭᠠᠵᠤ | ᠪᠣᠯᠬᠤ ᠥᠬᠡᠶ ᠪᠥᠭᠡᠳ ᠡᠬᠢᠯᠡᠵᠦ ᠥᠭᠬᠦ ᠪᠠᠷᠢᠮᠵᠢᠶ᠎ᠠ ᠶᠢ ᠬᠦᠴᠦᠨ ᠥᠬᠡᠶ ᠪᠣᠯᠭᠠᠬᠤ ᠶᠢ ᠠᠯᠬᠤᠮ ᠠᠯᠬᠤᠮ ᠢᠶᠠᠷ | ᠰᠦᠪᠡᠭᠴᠢᠯᠡᠨ᠎ᠡ᠃ ᠳᠣᠣᠷ᠎ᠠ ᠪᠠᠲᠤᠯᠠᠭ᠎ᠠ ᠭᠦᠷᠲᠡᠬᠦ ᠰᠢᠬᠠᠭᠰᠠᠨ ᠭᠡᠷ ᠪᠦᠯᠢ ᠶᠢᠨ ᠪᠦᠷᠢᠯᠳᠦᠬᠦᠨ ᠤ ᠡᠬᠢᠯᠡᠵᠦ ᠥᠭᠬᠦ | ᠪᠠᠷᠢᠮᠵᠢᠶ᠎ᠠ ᠶᠢ ᠠᠶᠢᠮᠠᠭ ᠬᠤᠲᠠ ᠶᠢᠨ ᠳᠡᠭᠡᠷ᠎ᠡ ᠵᠢᠯ ᠤᠨ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ | ᠪᠣᠯᠬᠤᠶᠢᠴᠠ ᠣᠷᠣᠯᠭ᠎ᠠ ᠶᠢᠨ 10 % ᠣᠷᠴᠢᠮ ᠢᠶᠠᠷ ᠲᠣᠭᠲᠠᠭᠠᠵᠤ᠂ ᠡᠪᠡᠳᠴᠢᠨ ᠠᠴᠠ ᠪᠣᠯᠵᠤ ᠶᠠᠳᠠᠭᠤᠷᠠᠭᠰᠠᠨ | ᠬᠦᠨᠳᠦ ᠡᠪᠡᠳᠴᠢᠨ ᠳᠤ ᠨᠡᠷᠪᠡᠭᠳᠡᠭᠰᠡᠳ ᠢ ᠠᠶᠢᠮᠠᠭ ᠬᠤᠲᠠ ᠶᠢᠨ ᠳᠡᠭᠡᠷ᠎ᠡ ᠵᠢᠯ ᠤᠨ ᠪᠦᠬᠦ ᠰᠠᠭᠤᠭᠠᠯᠢ ᠠᠷᠠᠳ ᠤᠨ | ᠬᠥᠮᠦᠨ ᠳᠤᠮᠳᠠᠴᠢ ᠡᠵᠡᠮᠳᠡᠵᠦ ᠪᠣᠯᠬᠤᠶᠢᠴᠠ ᠣᠷᠣᠯᠭ᠎ᠠ ᠶᠢᠨ 25 % ᠣᠷᠴᠢᠮ ᠢᠶᠠᠷ ᠲᠣᠭᠲᠠᠭᠠᠨ᠎ᠠ᠃ ︽ | ᠤᠷᠢᠳ ᠢᠶᠠᠷ ᠳᠠᠭᠠᠳᠬᠠᠯ ᠳᠤ ᠣᠷᠣᠭᠤᠯᠵᠤ ᠳᠠᠷᠠᠭ᠎ᠠ ᠨᠢ ᠠᠪᠤᠷᠠᠨ ᠲᠤᠰᠠᠯᠠᠬᠤ︾ ᠵᠠᠷᠴᠢᠮ ᠶᠣᠰᠣᠭᠠᠷ᠂ | ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠲᠣᠭᠠᠴᠠᠭ᠎ᠠ ᠬᠢᠭᠰᠡᠨ ᠤ | ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠰᠦᠪᠡᠨ ᠲᠥᠯᠥᠬᠦ | ᠡᠮᠴᠢᠯᠡᠭᠡᠨ ᠤ ᠵᠠᠷᠤᠳᠠᠯ ᠨᠢ ᠮᠥᠨ ᠬᠦ ᠨᠡᠯᠢᠶᠡᠳ ᠬᠦᠨᠳᠦ ᠪᠠᠶᠢᠭ᠎ᠠ ᠠᠪᠤᠷᠠᠨ ᠲᠤᠰᠠᠯᠠᠬᠤ ᠡᠲᠡᠭᠡᠳ ᠲᠤ ᠲᠣᠭᠲᠠᠭᠠᠯ | ᠶᠣᠰᠣᠭᠠᠷ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠵᠢᠯ ᠤᠨ ᠠᠪᠤᠷᠠᠨ ᠲᠤᠰᠠᠯᠠᠬᠤ ᠬᠢᠵᠠᠭᠠᠷ ᠲᠤᠭ᠎ᠠ ᠶᠢᠨ | ᠳᠣᠲᠣᠷ᠎ᠠ᠂ ᠣᠨᠴᠠ ᠬᠦᠴᠢᠷᠳᠡᠯᠲᠡᠶ ᠬᠥᠮᠦᠰ ᠲᠤ ᠪᠥᠬᠦ ᠲᠤᠭ᠎ᠠ ᠪᠠᠷ ᠠᠪᠤᠷᠠᠨ ᠲᠤᠰᠠᠯᠠᠬᠤ ᠶᠢ ᠬᠡᠷᠡᠭᠵᠢᠭᠦᠯᠵᠦ᠂ | ᠲᠣᠣᠷ᠎ᠠ ᠪᠠᠲᠤᠯᠠᠭ᠎ᠠ ᠭᠦᠷᠲᠡᠬᠦ ᠡᠲᠡᠭᠡᠳ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠢ 70 | % ᠠᠴᠠ ᠳᠤᠤᠷ᠎ᠠ ᠪᠠᠶᠢᠯᠭᠠᠬᠤ ᠥᠬᠡᠶ ᠬᠠᠷᠢᠴᠠᠯ ᠢᠶᠠᠷ ᠠᠪᠤᠷᠠᠨ ᠲᠤᠰᠠᠯᠠᠵᠤ᠂ ᠪᠤᠰᠤᠳ ᠠᠪᠤᠷᠠᠨ ᠲᠤᠰᠠᠯᠠᠬᠤ | ᠡᠲᠡᠭᠡᠳ ᠲᠤ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠵᠠᠷᠤᠳᠠᠯ ᠤᠨ ᠠᠪᠤᠷᠠᠨ ᠲᠤᠰᠠᠯᠠᠬᠤ ᠬᠠᠷᠢᠴᠠᠯ ᠢ 60 | % ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃ | ᠳᠣᠯᠤᠭ᠎ᠠ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠬᠦ ᠶᠠᠮᠠᠷ ᠶᠠᠮᠠᠷ ᠠᠷᠭ᠎ᠠ ᠬᠡᠮᠵᠢᠶ᠎ᠡ ᠪᠠᠶᠢᠬᠤ | ᠪᠣᠶ︖ | ᠡᠪᠡᠳᠴᠢᠨ ᠠᠴᠠ ᠪᠣᠯᠵᠣ ᠶᠠᠳᠠᠭᠤᠷᠠᠬᠤ ᠪᠠ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠥᠷᠥᠯ ᠬᠤᠪᠢᠶᠠᠨ ᠲᠡᠭᠦᠯᠳᠡᠷᠵᠢᠭᠦᠯᠵᠦ᠂ ᠨᠥᠬᠦᠴᠡᠯ ᠳᠤ | ᠨᠡᠶᠢᠴᠡᠭᠰᠡᠨ ᠢ ᠨᠢ ᠴᠠᠭ ᠲᠤᠬᠠᠶ ᠳᠤ ᠨᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ ᠵᠢᠯ ᠤᠨ | ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠡᠷᠭᠡ ᠪᠠᠷ | ᠳᠡᠮᠵᠢᠨ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠨᠡᠶᠢᠯᠡᠭᠦᠯᠦᠭᠰᠡᠨ ᠳᠠᠷᠤᠭᠠᠰᠤ ᠨᠢ ᠲᠤᠬᠠᠶ ᠶᠢᠨ ᠭᠠᠵᠠᠷ ᠤᠨ | ᠳᠡᠭᠡᠷ᠎ᠡ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ | ᠡᠵᠡᠮᠳᠡᠵᠦ ᠪᠣᠯᠬᠤᠶᠢᠴᠠ ᠣᠷᠣᠯᠭ᠎ᠠ ᠠᠴᠠ ᠳᠠᠪᠠᠭᠰᠠᠨ ᠪᠣᠯ ᠡᠪᠡᠳᠴᠢᠨ ᠠᠴᠠ ᠪᠣᠯᠵᠣ ᠶᠠᠳᠠᠭᠤᠷᠠᠬᠤ ᠶᠢ ᠬᠢᠨᠠᠨ | ᠰᠢᠯᠭᠠᠬᠤ ᠳᠤ ᠣᠷᠣᠭᠤᠯᠤᠨ᠎ᠠ︔ ᠬᠤᠪᠢ ᠬᠥᠮᠦᠨ ᠤ ᠳᠠᠷᠤᠭᠠᠰᠤ ᠨᠢ ᠲᠤᠬᠠᠶ ᠶᠢᠨ ᠭᠠᠵᠠᠷ ᠤᠨ ᠳᠡᠭᠡᠷ᠎ᠡ ᠵᠢᠯ ᠤᠨ | ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ | ᠪᠣᠯᠬᠤᠶᠢᠴᠠ ᠣᠷᠣᠯᠭ᠎ᠠ ᠶᠢᠨ 50 % ᠠᠴᠠ ᠬᠡᠲᠦᠷᠡᠭᠰᠡᠨ ᠪᠣᠯ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ | ᠬᠢᠨᠠᠨ ᠰᠢᠯᠭᠠᠬᠤ ᠳᠤ ᠣᠷᠣᠭᠤᠯᠤᠨ᠎ᠠ᠃ ᠦᠨᠳᠦᠰᠦᠨ ᠡᠮᠴᠢᠯᠡᠭᠡ ᠶᠢᠨ ᠳᠠᠭᠠᠳᠬᠠᠯ᠂ ᠬᠦᠨᠳᠦ ᠡᠪᠡᠳᠴᠢᠨ ᠤ | ᠳᠠᠭᠠᠳᠬᠠᠯ ᠵᠡᠷᠭᠡ ᠪᠠᠷ ᠵᠣᠭᠤᠰ ᠮᠥᠩᠭᠦ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠵᠢᠯ ᠤᠨ ᠡᠮᠨᠡᠯᠭᠡ ᠶᠢᠨ | ᠵᠠᠷᠤᠳᠠᠯ ᠤᠨ ᠳᠠᠷᠤᠭᠠᠰᠤ ᠮᠥᠨ ᠬᠦ ᠨᠡᠯᠢᠶᠡᠳ ᠬᠦᠨᠳᠦ ᠪᠠᠶᠢᠭ᠎ᠠ ᠳᠣᠣᠷ᠎ᠠ ᠪᠠᠲᠤᠯᠠᠭ᠎ᠠ ᠭᠦᠷᠲᠡᠬᠦ ᠰᠢᠬᠠᠭᠰᠠᠨ ᠭᠡᠷ | ᠪᠦᠯᠢ ᠶᠢᠨ ᠪᠦᠷᠢᠯᠳᠦᠬᠦᠨ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠮᠠᠷᠬᠠᠨ ᠳᠠᠬᠢᠨ ᠶᠠᠳᠠᠭᠤᠷᠠᠭᠰᠠᠨ ᠪᠠ | ᠶᠠᠳᠠᠭᠤᠷᠠᠭᠰᠠᠨ ᠬᠥᠮᠦᠨ ᠠᠮᠠ ᠶᠢ ᠭᠤᠣᠯᠳᠠᠯᠭ᠎ᠠ ᠲᠠᠢ ᠬᠢᠨᠠᠨ ᠰᠢᠯᠭᠠᠵᠤ᠂ ᠴᠠᠭ ᠲᠤᠬᠠᠶ ᠳᠤ ᠨᠢ ᠰᠡᠷᠡᠮᠵᠢᠯᠡᠭᠦᠯᠬᠦ | ᠬᠡᠷᠡᠭᠲᠡᠶ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ᠂ ᠡᠮᠴᠢᠯᠡᠭᠡᠨ ᠤ ᠶᠡᠭᠡ ᠦᠨᠡᠲᠡᠢ ᠵᠠᠷᠤᠳᠠᠯ ᠢ | ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠯᠭᠠᠬᠤ ᠪᠠᠷ ᠳᠠᠮᠵᠢᠭᠤᠯᠤᠨ᠂ ᠨᠥᠬᠦᠴᠡᠯ ᠳᠤ ᠨᠡᠶᠢᠴᠡᠬᠦ ᠭᠤᠤᠯᠳᠠᠯᠭ᠎ᠠ ᠲᠠᠢ | ᠬᠢᠨᠠᠨ ᠰᠢᠯᠭᠠᠬᠤ ᠬᠥᠮᠦᠰ ᠢ ᠴᠠᠭ ᠲᠤᠬᠠᠶ ᠳᠤ ᠨᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ ᠡᠭᠦᠨ ᠤ | ᠬᠠᠮᠲᠤ᠂ ᠠᠪᠤᠷᠠᠨ ᠲᠤᠰᠠᠯᠠᠬᠤ ᠶᠢ ᠭᠤᠶᠤᠴᠢᠯᠠᠬᠤ ᠠᠷᠭ᠎ᠠ ᠵᠠᠮ ᠢ ᠰᠢᠯᠤᠭᠤᠳᠬᠠᠵᠤ᠂ ᠠᠪᠤᠷᠠᠨ ᠲᠤᠰᠠᠯᠠᠬᠤ | ᠬᠦᠴᠦᠨ ᠲᠠᠢ ᠬᠤᠭᠤᠴᠠᠭ᠎ᠠ ᠶᠢ ᠤᠷᠳᠤᠳᠬᠠᠨ᠎ᠠ᠃ ᠡᠮᠴᠢᠯᠡᠭᠡ ᠶᠢᠨ ᠳᠠᠭᠠᠳᠬᠠᠯ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠡᠮᠳᠡᠭᠴᠦᠳ ᠤᠨ | ᠬᠤᠯᠪᠣᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠦᠴᠢᠷᠳᠡᠯᠲᠡᠶ | ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠬᠥᠳᠡᠯᠦᠩᠭᠦᠶ ᠪᠠᠷ ᠬᠢᠨᠠᠨ ᠰᠢᠯᠭᠠᠬᠤ᠂ ᠬᠢᠨᠠᠨ | ᠪᠠᠶᠢᠴᠠᠭᠠᠵᠤ ᠬᠠᠷᠢᠴᠠᠭᠤᠯᠬᠤ ᠪᠠ ᠮᠡᠳᠡᠭᠡ ᠵᠠᠩᠭᠢ ᠶᠢ ᠬᠠᠮᠲᠤ ᠪᠠᠷ ᠬᠤᠪᠢᠶᠠᠯᠴᠠᠬᠤ ᠶᠢ ᠴᠢᠩᠭᠠᠳᠬᠠᠬᠤ ᠬᠡᠷᠡᠭᠲᠡᠶ᠃ | ᠨᠠᠢᠮᠠ᠂ ᠪᠤᠶᠠᠨ ᠦᠢᠯᠡᠳᠴᠦ ᠠᠪᠤᠷᠠᠨ ᠲᠤᠰᠠᠯᠠᠬᠤ᠂ ᠡᠮᠴᠢᠯᠡᠭᠡᠨ ᠤ ᠬᠠᠷᠢᠯᠴᠠᠨ ᠲᠤᠰᠠᠯᠠᠬᠤ ᠪᠠ | ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠨᠥᠬᠦᠪᠥᠷᠢ ᠪᠠᠲᠤᠯᠠᠭ᠎ᠠ ᠶᠢᠨ ᠦᠢᠯᠡᠳᠦᠯ ᠢ ᠬᠡᠷᠬᠢᠨ | ᠪᠠᠳᠠᠷᠠᠭᠤᠯᠬᠤ ᠪᠣᠶ︖ | ᠪᠤᠶᠠᠨ ᠦᠢᠯᠡᠳᠬᠦ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠪᠤᠰᠤᠳ ᠵᠣᠬᠢᠶᠠᠨ ᠪᠠᠶᠢᠭᠤᠯᠤᠯᠲᠠ ᠶᠢᠨ | ᠬᠦᠨᠳᠦ ᠡᠪᠡᠳᠴᠢᠲᠡᠨ ᠢ ᠠᠪᠤᠷᠠᠨ ᠲᠤᠰᠠᠯᠠᠬᠤ ᠲᠥᠰᠦᠯ ᠲᠣᠭᠲᠠᠭᠠᠬᠤ ᠶᠢ ᠵᠣᠷᠢᠭᠵᠢᠭᠤᠯᠵᠤ᠂ ᠨᠥᠬᠦᠪᠦᠷᠢᠯᠡᠨ | ᠠᠪᠤᠷᠠᠨ ᠲᠤᠰᠠᠯᠠᠬᠤ ᠦᠢᠯᠡᠳᠦᠯ ᠢ ᠪᠠᠳᠠᠷᠠᠭᠤᠯᠤᠨ᠎ᠠ᠃ ᠢᠨᠲ᠋ᠧᠷ ᠰᠦᠯᠵᠢᠶᠡᠨ ᠳᠤ ᠢᠯᠡ ᠪᠠᠷ ᠬᠠᠨᠳᠢᠪ | ᠴᠤᠭᠯᠠᠭᠤᠯᠬᠤ ᠮᠡᠳᠡᠭᠡ ᠵᠠᠩᠭᠢ ᠶᠢᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠡᠳᠡᠭᠡ ᠵᠠᠩᠭᠢ | ᠨᠡᠶᠢᠲᠡᠯᠡᠬᠦ ᠶᠢ ᠵᠢᠷᠤᠮᠵᠢᠭᠤᠯᠵᠤ᠂ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠢᠯᠡ ᠪᠠᠷ ᠠᠪᠤᠷᠠᠨ ᠲᠤᠰᠠᠯᠠᠬᠤ ᠶᠢ | ᠬᠡᠷᠡᠭᠵᠢᠭᠦᠯᠦᠨ᠎ᠡ᠃ ᠡᠮᠴᠢᠯᠡᠭᠡ ᠪᠠᠷ ᠠᠪᠤᠷᠠᠨ ᠲᠤᠰᠠᠯᠠᠬᠤ ᠬᠦᠷᠢᠶ᠎ᠡ ᠴᠠᠷᠠᠭ᠎ᠠ ᠶᠢᠨ ᠨᠡᠶᠢᠭᠡᠮ ᠤᠨ ᠠᠵᠢᠯ ᠤᠨ | ᠦᠢᠯᠡᠴᠢᠯᠡᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠬᠥᠭᠵᠢᠯᠲᠡ ᠶᠢ ᠳᠠᠮᠵᠢᠵᠤ᠂ ᠠᠪᠤᠷᠠᠨ ᠲᠤᠰᠠᠯᠠᠬᠤ | ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠤᠨ᠎ᠠ᠃ | ᠠᠵᠢᠯᠲᠠᠨ ᠠᠵᠢᠯᠴᠢᠨ ᠤ ᠡᠮᠴᠢᠯᠡᠭᠡᠨ ᠬᠠᠪᠰᠤᠷᠤᠯᠴᠠᠭ᠎ᠠ᠂ ᠬᠤᠳᠠᠯᠳᠤᠭᠠᠨ ᠤ ᠡᠷᠡᠭᠦᠯ ᠮᠡᠨᠳᠦ ᠶᠢᠨ | ᠳᠠᠭᠠᠳᠬᠠᠯ ᠵᠡᠷᠭᠡ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠶᠢ ᠥᠷᠭᠡᠳᠭᠡᠵᠦ᠂ ᠲᠠᠩᠰᠠ ᠴᠠᠶᠢᠷᠠᠭᠤᠯᠬᠤ ᠬᠢᠷᠢ | ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠨᠥᠬᠦᠪᠥᠷᠢᠯᠡᠬᠦ ᠦᠢᠯᠡᠳᠦᠯ ᠦᠵᠡᠭᠦᠯᠦᠨ᠎ᠡ᠃ ᠠᠵᠢᠯᠲᠠᠨ ᠠᠵᠢᠯᠴᠢᠨ ᠤ | ᠡᠮᠴᠢᠯᠡᠭᠡᠨ ᠤ ᠬᠠᠪᠰᠤᠷᠤᠯᠴᠠᠭ᠎ᠠ ᠶᠢ ᠥᠷᠨᠢᠭᠦᠯᠬᠦ ᠶᠢ ᠳᠡᠮᠵᠢᠵᠦ᠂ ᠣᠯᠠᠨ ᠲᠠᠰ ᠤᠨ ᠡᠮᠴᠢᠯᠡᠭᠡᠨ ᠤ ᠪᠠᠲᠤᠯᠠᠭ᠎ᠠ ᠶᠢᠨ | ᠳᠣᠭᠲᠠᠯᠴᠠᠭ᠎ᠠ ᠳᠠᠬᠢ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠦᠨᠳᠦᠰᠦᠨ ᠡᠮᠴᠢᠯᠡᠭᠡᠨ ᠤ | ᠳᠠᠭᠠᠳᠬᠠᠯ ᠯᠤᠭ᠎ᠠ ᠵᠣᠯᠭᠠᠯᠳᠤᠭᠰᠠᠨ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠨᠡᠷᠡᠳᠬᠦᠨ ᠢ ᠨᠡᠭᠡᠭᠡᠨ | ᠬᠥᠭᠵᠢᠭᠦᠯᠬᠦ ᠶᠢ ᠳᠡᠮᠵᠢᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠦᠭᠡᠢ ᠵᠠᠷᠤᠳᠠᠯ ᠢ | ᠨᠠᠩ ᠰᠠᠶᠢᠨ ᠬᠠᠮᠤᠷᠤᠭᠤᠯᠤᠨ᠎ᠠ᠃ | ᠶᠢᠰᠦ᠂ ᠬᠠᠮᠢᠶᠠᠷᠤᠯᠲᠠ ᠶᠢ ᠶᠠᠭᠠᠬᠢᠵᠤ ᠵᠢᠷᠤᠮᠵᠢᠭᠤᠯᠵᠤ᠂ ᠭᠠᠷᠲᠠᠨ ᠭᠦᠢᠴᠡᠳᠭᠡᠬᠦ ᠦᠢᠯᠡᠴᠢᠯᠡᠭᠡᠨ ᠤ ᠬᠢᠷᠢ | ᠲᠦᠪᠰᠢᠨ ᠢ ᠶᠠᠭᠠᠬᠢᠵᠤ ᠳᠡᠭᠡᠭᠰᠢᠯᠡᠭᠦᠯᠬᠦ ᠪᠣᠶ︖ | ᠭᠠᠷᠲᠠᠨ ᠭᠦᠢᠴᠡᠳᠭᠡᠬᠦ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠪᠥᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ | ᠵᠠᠩᠭᠢ ᠶᠢᠨ ᠲᠠᠪᠴᠠᠩ ᠳᠤ ᠲᠦᠰᠢᠭᠯᠡᠨ᠂ ᠲᠤᠭ᠎ᠠ ᠪᠠᠷᠢᠮᠲᠠ ᠶᠢ ᠰᠢᠰᠲ᠋ᠧᠮᠵᠢᠭᠦᠯᠦᠨ ᠬᠠᠮᠢᠶᠠᠷᠬᠤ ᠶᠢ ᠬᠠᠤᠯᠢ | ᠲᠣᠭᠲᠠᠭᠠᠯ ᠶᠣᠰᠣᠭᠠᠷ ᠴᠢᠩᠭᠠᠳᠬᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠯᠦᠭᠡ | ᠠᠭᠤᠰᠤᠯᠴᠠᠬᠤ ᠶᠢ ᠴᠢᠩᠭᠠᠳᠬᠠᠵᠤ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠳ᠋ᠦᠩᠨᠡᠨ ᠪᠤᠳᠤᠬᠤ | ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠮᠴᠢᠯᠡᠭᠡᠨ ᠤ ᠳᠠᠭᠠᠳᠬᠠᠯ ᠪᠠ | ᠡᠮᠴᠢᠯᠡᠭᠡᠨ ᠤ ᠠᠪᠤᠷᠠᠨ ᠲᠤᠰᠠᠯᠠᠯᠲᠠ ᠶᠢ ᠨᠢᠭᠡ ᠴᠣᠠᠠᠴᠠᠵᠢᠭᠤᠯᠥᠨ ᠭᠠᠷᠲᠠᠨ ᠭᠦᠢᠴᠡᠳᠭᠡᠬᠦ ᠶᠢ ᠠᠬᠢᠭᠤᠯᠬᠤ ᠪᠠᠷ | ᠳᠠᠮᠵᠢᠭᠤᠯᠤᠨ᠂ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ᠂ ︽ᠨᠢᠭᠡ ᠴᠣᠩᠬᠤᠪᠴᠢ ᠪᠠᠷ ᠭᠦᠢᠴᠡᠳᠭᠡᠬᠦ︾ | ᠶᠢ ᠬᠡᠷᠡᠭᠵᠢᠭᠦᠯᠬᠦ ᠶᠢ ᠠᠬᠢᠭᠤᠯᠵᠤ᠂ ᠳ᠋ᠦᠩᠨᠡᠨ ᠪᠤᠳᠤᠬᠤ ᠦᠢᠯᠡᠴᠢᠯᠡᠭᠡᠨ ᠤ ᠲᠥᠬᠦᠮ ᠦᠵᠡᠭᠦᠯᠬᠦ ᠴᠢᠨᠠᠷ ᠢ | ᠳᠡᠭᠡᠭᠰᠢᠯᠡᠭᠦᠯᠦᠨ᠎ᠡ᠃ | ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡ ᠶᠢᠨ ᠳᠠᠭᠠᠳᠬᠠᠯ ᠪᠣᠯᠤᠨ ᠠᠪᠤᠷᠠᠨ ᠲᠤᠰᠠᠯᠠᠬᠤ ᠲᠦᠷᠢᠮ ᠢ | ᠲᠡᠭᠦᠯᠳᠡᠷᠵᠢᠭᠦᠯᠬᠦ ᠨᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ | ᠡᠮᠴᠢᠯᠡᠭᠡᠨ ᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠴᠠᠭᠠᠰᠢᠲᠠ | ᠴᠢᠩᠭᠠᠳᠬᠠᠵᠤ᠂ ᠬᠦᠴᠢᠷᠳᠡᠯᠲᠡᠶ ᠣᠯᠠᠨ ᠲᠦᠮᠡᠨ ᠤ ᠬᠦᠨᠳᠦ ᠣᠨᠴᠠ ᠶᠡᠭᠡ ᠡᠪᠡᠳᠴᠢᠲᠡᠨ ᠤ ᠡᠮᠴᠢᠯᠡᠭᠡᠨ ᠤ | ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠵᠦ᠂ ᠡᠪᠡᠳᠴᠢᠨ ᠠᠴᠠ ᠪᠣᠯᠵᠣ ᠶᠠᠳᠠᠭᠤᠷᠠᠬᠤ ᠪᠤᠶᠤ ᠳᠠᠬᠢᠨ | ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠪᠥᠬᠦ ᠠᠷᠠᠳ ᠤᠨ ᠡᠮᠴᠢᠯᠡᠭᠡᠨ ᠤ ᠪᠠᠲᠤᠯᠠᠭ᠎ᠠ ᠶᠢᠨ ᠲᠦᠷᠢᠮ ᠤᠨ ᠦᠨᠳᠦᠰᠦᠨ ᠵᠦᠢᠯ ᠢ | ᠪᠠᠲᠤᠯᠠᠬᠤ ᠦᠢᠯᠡᠳᠦᠯ ᠢ ᠪᠠᠬᠢᠵᠢᠭᠦᠯᠵᠦ᠂ ᠪᠥᠬᠦ ᠠᠷᠠᠳ ᠢ ᠬᠠᠮᠤᠷᠤᠭᠰᠠᠨ ᠡᠮᠴᠢᠯᠡᠭᠡᠨ ᠤ ᠪᠠᠲᠤᠯᠠᠭ᠎ᠠ ᠶᠢᠨ ᠠᠮᠤᠷ | ᠲᠦᠪᠰᠢᠨ ᠤ ᠲᠤᠤᠷ ᠢ ᠨᠢᠭᠲᠠ ᠰᠦᠯᠵᠢᠨ᠎ᠡ᠃ ︽ᠬᠡᠷᠡᠭᠵᠢᠭᠦᠯᠬᠦ ᠰᠠᠨᠠᠯ︾ ᠳᠤ ᠡᠯ᠎ᠡ ᠠᠶᠢᠮᠠᠭ ᠬᠤᠲᠠ 2022 | ᠣᠨ ᠤ 11 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠵᠢᠭᠦᠯᠬᠦ ᠲᠥᠰᠦᠯ ᠢ ᠨᠡᠶᠢᠲᠡᠯᠡᠵᠦ᠂ 2023 | ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃ |